ᠦᠬᠠᠢ ᠬᠤᠲᠠ ᠶᠢᠨ ᠤᠳᠠ ᠲᠣᠭᠤᠷᠢᠭ ᠣᠯᠠᠨ ᠠᠷᠭ᠎ᠠ ᠪᠠᠷ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/8/23
      ᠵᠢᠯ ᠡᠬᠢᠯᠡᠭᠰᠡᠨ ᠠᠴᠠ ᠨᠠᠭᠠᠰᠢ᠂ ᠦᠬᠠᠢ ᠬᠤᠳᠠ ᠶᠢᠨ ᠤᠳᠠ ᠲᠣᠭᠤᠷᠢᠭ ︽ᠬᠥᠲᠥᠴᠢ ᠪᠠᠷ ᠳᠠᠶᠢᠴᠢᠯᠠᠭᠤᠯᠬᠤ᠂ ᠵᠠᠰᠠᠭ ᠤᠨ ᠣᠷᠳᠣᠨ ᠠᠬᠢᠭᠤᠯᠬᠤ ᠂ ᠵᠠᠬ᠎ᠠ ᠳᠡᠯᠭᠡᠭᠦᠷ ᠢᠶᠠᠷ ᠬᠥᠳᠡᠯᠭᠡᠬᠦ᠂ ᠲᠠᠷᠢᠶᠠᠴᠢᠳ ᠬᠠᠮᠲᠤᠷᠠᠯᠴᠠᠬᠤ ︾ ᠬᠥᠭᠵᠢᠯᠲᠡ ᠶᠢᠨ ᠰᠡᠳᠬᠢᠴᠡ ᠶᠣᠰᠣᠭᠠᠷ᠂ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠦᠵᠦᠮ᠂ ᠭᠦᠵᠡᠯᠵᠡᠭᠡᠨ᠎ᠡ᠂ ᠲᠥᠪᠡᠳ ᠬᠠᠰᠢ᠂ ᠬᠡᠷᠬᠡᠨᠡᠭ ᠮᠥᠭᠦ ᠵᠡᠷᠭᠡ ᠴᠢᠨᠠᠷ ᠰᠠᠶᠢᠲᠠᠢ ᠵᠢᠮᠢᠰ ᠨᠣᠭᠤᠭ᠎ᠠ ᠲᠠᠷᠢᠬᠤ ᠶᠢ ᠢᠳᠡᠪᠬᠢᠲᠡᠢ ᠬᠥᠭᠵᠢᠭᠦᠯᠵᠦ᠂ ᠡᠨᠡ ᠵᠢᠯ ᠪᠡᠯᠡᠳᠭᠡᠮᠵᠢᠳᠤ ᠲᠠᠷᠢᠶᠠᠯᠠᠩ ᠤᠨ ᠲᠠᠷᠢᠮᠠᠯ ᠤᠨ ᠲᠠᠯᠠᠪᠠᠢ ᠶᠢ 6.7 ᠾᠧᠺᠲ᠋ᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠦᠬᠠᠢ ᠬᠤᠳᠠ ᠶᠢᠨ ᠤᠳᠠ ᠲᠣᠭᠤᠷᠢᠭ ︽ ᠠᠮᠢ ᠠᠬᠤᠢ᠂ ᠥᠨᠳᠥᠷ ᠪᠦᠲᠦᠮᠵᠢᠲᠦ ᠂ ᠥᠪᠡᠷᠮᠢᠴᠡ ᠣᠨᠴᠠᠯᠢᠭᠲᠤ᠂ ᠰᠣᠳᠣᠨ ᠪᠦᠲᠦᠭᠡᠭᠳᠡᠬᠦᠨ ︾ ᠪᠦᠬᠦᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢ ᠬᠦᠴᠦᠯᠡᠨ ᠡᠭᠦᠳᠴᠦ᠂ ︽ᠲᠠᠷᠢᠶ᠎ᠠ ᠦᠵᠡᠵᠦ ᠦᠷ᠎ᠡ ᠰᠣᠩᠭᠤᠬᠤ ︾ ᠲᠠᠪᠴᠠᠩ ᠤᠨ ᠪᠠᠶᠢᠭᠤᠯᠤᠯᠲᠠ ᠶᠢᠨ ᠫᠷᠣᠵᠧᠺᠲ ᠢ ᠬᠡᠷᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠠᠴᠠ ᠦᠵᠦᠮ ᠤᠨ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠᠶᠢᠭᠤᠯᠬᠤ ᠶᠢ ᠵᠣᠷᠢᠭᠵᠢᠭᠤᠯᠵᠤ᠂ ᠤᠯᠠᠨ ᠠᠷᠭ᠎ᠠ ᠪᠠᠷ ︽ᠦᠬᠠᠢ ᠶᠢᠨ ᠦᠵᠦᠮ ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠪᠠ ᠃ ᠣᠷᠣᠨ ᠪᠦᠰᠡ ᠶᠢᠨ ᠣᠨᠴᠠᠯᠢᠭ ᠲᠤ ᠲᠦᠰᠢᠭᠯᠡᠵᠦ ᠭᠦᠵᠡᠯᠵᠡᠭᠡᠨ᠎ᠡ᠂ ᠲᠥᠪᠡᠳ ᠬᠠᠰᠢ ᠵᠡᠷᠭᠡ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠠᠭᠤᠷᠢᠯᠠᠭᠰᠠᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶᠢᠵᠢᠭᠤᠯᠪᠠ ᠃ ᠡᠭᠦᠨ ᠤ ᠬᠠᠮᠲᠤ᠂ ᠡᠯ᠎ᠡ ᠬᠤᠷᠰᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠣᠯᠪᠠᠰᠤᠷᠠᠯ ᠤᠨ ᠬᠦᠰᠡᠯ ᠪᠠ ᠪᠣᠯᠪᠠᠰᠤᠷᠠᠯ ᠤᠨ ᠬᠡᠷᠡᠭᠴᠡᠭᠡ ᠶᠢ ᠦᠨᠳᠦᠰᠦᠯᠡᠨ᠂ ᠳᠠᠷᠢᠬᠤ ᠮᠡᠷᠭᠡᠵᠢᠯ ᠤᠨ ᠵᠢᠯᠣᠭᠤᠳᠤᠯᠭ᠎ᠠ ᠶᠢ ᠲᠤᠰᠬᠠᠶᠢᠯᠠᠨ ᠥᠷᠨᠢᠭᠦᠯᠵᠦ᠂ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠵᠢᠮᠢᠰ ᠨᠣᠭᠤᠭ᠎ᠠ ᠳᠠᠷᠢᠬᠤ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠷᠭᠡᠵᠢᠯ ᠢ ︽ᠥᠪᠡᠷ ᠤᠨ ᠥᠷᠲᠡᠭ ᠦᠭᠡᠢ︾ ᠪᠠᠷ ᠰᠤᠷᠤᠯᠴᠠᠬᠤ ᠶᠢ ᠪᠡᠶᠡᠯᠡᠭᠦᠯᠪᠡ ᠃ ᠡᠭᠦᠨ ᠠᠴᠠ ᠭᠠᠳᠠᠨ᠎ᠠ᠂ ᠬᠠᠷᠢᠶᠠᠲᠤ ᠣᠷᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠭᠤᠯᠵᠤ ᠪᠠᠶᠢᠭ᠎ᠠ ᠡᠷᠦᠬᠡ ᠶᠢ ᠤᠷᠢᠳ ᠢᠶᠠᠷ ᠬᠥᠯᠥᠰᠦᠯᠡᠨ ᠦᠢᠯᠡᠳᠪᠦᠷᠢᠯᠡᠯ ᠳᠤ ᠣᠷᠣᠯᠴᠠᠭᠤᠯᠵᠤ ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠵᠢᠯ ᠣᠯᠬᠤ ᠬᠡᠪᠴᠢᠶ᠎ᠡ ᠪᠠ ᠪᠠᠭᠲᠠᠭᠠᠮᠵᠢ ᠶᠢ ᠤᠯᠠᠮ ᠨᠢᠭᠡ ᠠᠯᠬᠤᠮ ᠥᠷᠭᠡᠳᠬᠡᠪᠡ ᠃ ᠬᠤᠷᠰᠢᠶ᠎ᠠ ᠨᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠭᠤᠯᠵᠤ ᠪᠠᠶᠢᠭ᠎ᠠ ᠡᠷᠦᠬᠡ᠂ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠪᠣᠯᠣᠨ ᠠᠵᠤ ᠠᠬᠤᠶᠢᠯᠠᠯ ᠢ ᠬᠤᠯᠪᠣᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠮᠥᠷᠲᠡᠭᠡᠨ ᠬᠤᠷᠰᠢᠶ᠎ᠠ ᠶᠢᠨ ᠬᠠᠮᠲᠤ ᠶᠢᠨ ᠣᠷᠣᠯᠭ᠎ᠠ ᠪᠣᠯᠣᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠪᠡ ᠃      ᠦᠬᠠᠢ ᠬᠤᠲᠠ ᠶᠢᠨ ᠤᠳᠠ ᠲᠣᠭᠤᠷᠢᠭ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠠᠷᠢᠶᠠᠯᠠᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ     ᠠᠬᠢᠭᠤᠯᠵᠤ᠂ ︽ᠰᠦᠯᠵᠢᠶ᠎ᠡ ᠪᠠᠷ ᠣᠷᠣᠯᠠᠨ ᠬᠤᠳᠠᠯᠳᠤᠨ ᠠᠪᠬᠤ + ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ + ᠨᠡᠶᠢᠲᠡ ᠶᠢᠨ ᠦᠢᠯᠡᠴᠢᠯᠡᠭᠡ + ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ︾ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠮᠢ ᠠᠬᠤᠢ ᠶᠢᠨ ᠬᠡᠯᠬᠢᠶ᠎ᠡ ᠶᠢ ᠪᠦᠲᠦᠭᠡᠵᠦ ᠂ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠢᠭᠤᠳ ᠨᠡᠪᠲᠡᠷᠡᠭᠦᠯᠭᠡ ᠪᠠᠷ ᠬᠤᠳᠠᠯᠳᠤᠬᠤ ᠶᠢᠨ ᠡᠷᠡᠭᠦᠯ ᠢᠶᠠᠷ ᠬᠥᠭᠵᠢᠬᠦ ᠶᠢ ᠵᠢᠯᠣᠭᠤᠳᠴᠤ ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号