ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠳᠡᠯᠭᠡᠨ ᠦᠵᠡᠭᠦᠯᠬᠦ ᠵᠥᠪᠳᠡᠯᠴᠡᠭᠡᠨ ᠤ ᠬᠤᠷᠠᠯ ᠤᠳᠠᠯ ᠦᠭᠡᠢ ᠡᠬᠢᠯᠡᠬᠦ ᠭᠡᠵᠦ ᠪᠠᠶᠢᠨ᠎ᠠ
ᠨᠡᠶᠢᠲᠡᠯᠡᠭᠰᠡᠨ ᠴᠠᠭ᠄
2023/8/23
  ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠳᠡᠯᠭᠡᠨ ᠦᠵᠡᠭᠦᠯᠬᠦ ᠵᠥᠪᠳᠡᠯᠴᠡᠭᠡᠨ ᠤ ᠬᠤᠷᠠᠯ ᠢ 2023 ᠣᠨ ᠤ 8 ᠳ᠋ᠤᠭᠠᠷ ᠰᠠᠷ᠎ᠠ ᠶᠢᠨ 26 ᠤ ᠡᠳᠦᠷ ᠠᠴᠠ 30 ᠤ ᠡᠳᠦᠷ ᠪᠣᠯᠲᠠᠯ᠎ᠠ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠵᠢᠴᠢ ᠬᠠᠲᠤᠨ ᠭᠤᠤᠯ ᠤᠨ ᠨᠤᠭᠤ ᠭᠠᠵᠠᠷ ᠤᠨ ᠠᠮᠢ ᠠᠬᠤᠶ ᠶᠢᠨ ᠴᠡᠴᠡᠷᠯᠢᠭ ᠲᠤ ᠡᠷᠭᠢᠯᠡᠵᠦ᠂ ︽ᠪᠣᠬᠢᠷᠲᠤᠯ ᠥᠬᠡᠶ᠂ ᠨᠡᠭᠡᠭᠡᠯᠲᠡᠲᠡᠶ᠂ ᠬᠠᠮᠲᠤᠷᠠᠯᠴᠠᠭ᠎ᠠ︾ ᠪᠠᠷ ᠭᠤᠤᠯ ᠰᠡᠳᠦᠪ ᠪᠣᠯᠭᠠᠵᠤ᠂ ᠳᠡᠯᠭᠡᠨ ᠦᠵᠡᠭᠦᠯᠬᠦ᠂ ᠰᠤᠳᠤᠯᠤᠨ ᠶᠠᠷᠢᠯᠴᠠᠵᠤ ᠶᠠᠷᠢᠯᠴᠠᠬᠤ᠂ ᠠᠷᠠᠯᠵᠢᠶ᠎ᠠ ᠬᠤᠳᠠᠯᠳᠤᠭ᠎ᠠ ᠠᠷᠠᠯᠵᠢᠶᠠᠯᠠᠬᠤ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠣᠯᠢᠯᠴᠠᠭᠠᠨ ᠤ ᠲᠠᠪᠴᠠᠩ ᠪᠠᠶᠢᠭᠤᠯᠵᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠤᠨ᠎ᠠ᠃  ᠥᠪᠥᠷ ᠮᠣᠩᠭᠤᠯ ᠤᠨ ᠪᠠᠷᠠᠭᠤᠨ ᠬᠡᠰᠡᠭ ᠤᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠳᠡᠯᠭᠡᠨ ᠦᠵᠡᠭᠦᠯᠬᠦ ᠬᠤᠷᠠᠯ ᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠥᠪᠯᠡᠯ ᠠᠴᠠ ᠬᠠᠮᠲᠤᠷᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠭᠠᠵᠠᠷ ᠣᠷᠣᠨ ᠤ ᠳᠦᠷᠢ ᠲᠥᠷᠬᠦ ᠶᠢ ᠳᠡᠯᠭᠡᠨ ᠦᠵᠡᠭᠦᠯᠬᠦ᠂ ᠠᠷᠠᠯᠵᠢᠶ᠎ᠠ ᠶᠢ ᠠᠬᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠨᠡᠭᠡᠭᠡᠯᠲᠡ ᠶᠢ ᠥᠷᠭᠡᠳᠬᠡᠬᠦ ᠴᠢᠬᠤᠯᠠ ᠲᠠᠪᠴᠠᠩ ᠪᠣᠯᠤᠨ᠎ᠠ᠃ ᠲᠣᠰ ᠬᠤᠭᠤᠴᠠᠭᠠᠨ ᠤ ᠦᠵᠡᠭᠦᠯᠦᠯᠭᠡ ᠶᠢᠨ ᠵᠥᠪᠳᠡᠯᠴᠡᠭᠡᠨ ᠤ ᠬᠤᠷᠠᠯ ᠨᠢ ᠮᠣᠩᠭᠤᠯ ᠤᠯᠤᠰ᠂ ᠫᠠᠺᠢᠰᠲ᠋ᠠᠨ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠠᠵᠤ ᠠᠬᠤᠶᠢᠯᠠᠯ ᠢ 260 ᠭᠠᠷᠤᠶ ᠤᠷᠢᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ᠂ ᠨᠡᠬᠡᠮᠡᠯ ᠤᠨ ᠪᠦᠲᠦᠭᠡᠭᠳᠡᠬᠦᠨ᠂ ᠢᠳᠡᠭᠡᠨ ᠵᠡᠷᠭᠡ ᠮᠢᠩᠭ᠎ᠠ ᠰᠢᠬᠠᠮ ᠵᠦᠢᠯ ᠤᠨ ᠲᠠᠸᠠᠷ ᠢ ᠳᠡᠯᠭᠡᠨ ᠦᠵᠡᠭᠦᠯᠵᠦ ᠪᠤᠷᠤᠯᠠᠭᠤᠯᠪᠠ᠃ ᠡᠭᠦᠨ ᠤ ᠬᠠᠮᠲᠤ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ︽ᠵᠠᠭᠤᠨ ᠬᠤᠳᠠᠯᠳᠤᠭᠠᠴᠢᠨ ᠪᠠᠶᠠᠨᠨᠠᠭᠤᠷ ᠲᠤ ᠢᠷᠡᠬᠦ︾ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠤᠯᠠᠨ ᠤᠯᠤᠰ ᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠳᠡᠭᠡᠭᠰᠢᠯᠡᠭᠦᠯᠬᠦ᠂ ᠳᠤᠮᠳᠠᠳᠤ ᠮᠣᠩᠭᠤᠯ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠂ ︽ᠨᠢᠭᠡ ᠪᠦᠰᠡ ᠨᠢᠭᠡ ᠵᠠᠮ︾ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠵᠡᠷᠭᠡ ᠶᠠᠷᠢᠯᠴᠠᠬᠤ ᠬᠤᠷᠠᠯ ᠬᠤᠷᠠᠯᠳᠤᠭᠤᠯᠬᠤ ᠶᠢᠨ ᠬᠠᠮᠲᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ᠂ ᠬᠤᠳᠠᠯᠳᠤᠨ ᠠᠪᠴᠤ ᠵᠥᠪᠳᠡᠯᠴᠡᠬᠦ᠂ ᠪᠡᠯᠡ ᠣᠷᠣᠭᠤᠯᠵᠤ ᠬᠠᠮᠲᠤᠷᠠᠯᠴᠠᠬᠤ ᠵᠡᠷᠭᠡ ᠬᠠᠮᠢᠶ᠎ᠠ ᠪᠦᠬᠦᠢ ᠢᠵᠢ ᠪᠦᠷᠢᠳᠦᠭᠰᠡᠨ ᠠᠵᠢᠯᠯᠠᠭ᠎ᠠ ᠶᠢ ᠥᠷᠨᠢᠭᠦᠯᠦᠨ᠎ᠡ᠃ 
 
ᠢᠷᠡᠯᠲᠡ᠄ ᠦᠢᠯᠡᠴᠢᠯᠡᠭᠡᠨ ᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号