ᠰᠢ ᠶᠢᠨ ᠫᠢᠩ ᠰᠧᠨᠧᠭᠠᠯ ᠺᠦᠪᠡ ᠡᠸ᠋ᠽᠢᠤᠫᠢᠶ᠎ᠠ ᠪᠧᠩᠭᠠᠯ ᠤᠯᠤᠰ ᠤᠨ ᠤᠳᠤᠷᠢᠳᠬᠤ ᠬᠥᠮᠥᠰ ᠲᠠᠢ ᠳᠤᠰ ᠳᠤᠰ ᠠᠭᠤᠯᠵᠠᠪᠠ
ᠨᠡᠶᠢᠲᠡᠯᠡᠭᠰᠡᠨ ᠴᠠᠭ᠄
2023/8/24
      ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠬᠠᠨ ᠯᠢᠶᠠᠩ  ᠯᠦ ᠵᠢᠶᠠ ᠹᠧᠢ ︶ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠰᠧᠨᠧᠭᠠᠯ ᠤᠨ ᠶᠡᠷᠦᠩᠬᠡᠶᠢᠯᠡᠭᠴᠢ ᠰᠠᠯᠧ ᠲᠠᠢ ᠠᠭᠤᠯᠵᠠᠪᠠ᠃      ᠰᠢ ᠶᠢᠨ ᠫᠢᠩ᠂ ᠰᠧᠨᠧᠭᠠᠯ ᠪᠣᠯ ᠳᠤᠮᠳᠠᠳᠤ ᠤᠯᠤᠰ ᠤᠨ ᠠᠹᠷᠢᠺᠠ ᠲᠢᠪ ᠲᠠᠬᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠬᠤᠶᠠᠷ ᠲᠠᠯ᠎ᠠ ᠶᠢᠨ ᠬᠠᠮᠲᠤ ᠶᠢᠨ    ᠴᠢᠷᠮᠠᠶᠢᠯᠭ᠎ᠠ ᠪᠠᠷ᠂ ᠳᠤᠮᠳᠠᠳᠤ ᠰᠧᠨᠧᠭᠠᠯ ᠤᠨ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠰᠧᠨᠧᠭᠠᠯ ᠤᠨ  ᠬᠢᠨ ᠤ ᠤᠯᠤᠰ ᠤᠨ ᠲᠣᠭᠲᠠᠭᠤᠨ ᠪᠠ ᠬᠥᠭᠵᠢᠯᠲᠡ ᠪᠠᠨ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠤᠮᠳᠠᠳᠤ ᠤᠯᠤᠰ ᠡᠷᠡᠰ ᠳᠡᠮᠵᠢᠵᠦ᠂ ᠳᠤᠷᠠᠲᠠᠶ᠎ᠠ ᠰᠧᠨᠧᠭᠠᠯ ᠯᠤᠭ᠎ᠠ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠦᠢ ᠶᠣᠰᠣᠨ ᠤ ᠬᠥᠭᠵᠢᠯᠲᠡ ᠶᠢᠨ ᠡᠷᠬᠡ ᠠᠰᠢᠭ ᠢ ᠬᠠᠮᠲᠤ ᠪᠠᠷ ᠬᠠᠮᠠᠭᠠᠯᠠᠵᠤ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ ᠬᠤᠪᠢᠷᠠᠯᠲᠠ   ᠭᠠᠷᠴᠤ᠂ ᠳᠤᠮᠳᠠᠳᠤ ᠤᠯᠤᠰ ᠪᠣᠯᠣᠨ ᠠᠹᠷᠢᠺᠠ ᠲᠢᠪ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠨᠢ ᠬᠤᠷᠢᠨ ᠤᠯᠤᠰ ᠤᠨ ᠪᠦᠯᠦᠭᠯᠡᠯ ᠳᠤ ᠣᠷᠣᠬᠤ ᠶᠢ ᠲᠡᠮᠵᠢᠵᠥ᠂ ᠦᠨᠡᠨ ᠪᠣᠳᠠᠲᠠᠢ ᠳᠣᠲᠣᠨᠣ ᠦᠨᠡᠨᠴᠢ ᠣᠶᠢᠯᠠᠭᠠᠭᠳᠠᠬᠤᠨ ᠪᠣᠯᠣᠨ ᠵᠥᠪ ᠠᠰᠢᠭ ᠵᠢᠷᠤᠮ ᠤᠨ ᠦᠵᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠹᠷᠢᠺᠠ ᠲᠢᠪ ᠤᠨ ᠠᠬ᠎ᠠ ᠳᠡᠭᠦᠦ ᠨᠠᠷ ᠲᠤ ᠲᠤᠰ ᠪᠡᠶ᠎ᠡ ᠶᠢᠨ ᠬᠥᠭᠵᠢᠯᠲᠡ ᠶᠢᠨ ᠲᠤᠷᠰᠢᠯᠭ᠎ᠠ ᠪᠣᠯᠣᠨ ᠠᠵᠠ ᠲᠣᠭᠢᠶᠠᠯ ᠢ ᠬᠤᠪᠢᠶᠠᠯᠴᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠰᠧᠨᠧᠭᠠᠯ ᠬᠠᠷᠢᠯᠴᠠᠨ ᠳᠡᠮᠵᠢᠨ ᠬᠠᠮᠵᠢᠯᠴᠠᠵᠤ᠂ ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ ᠣᠨᠴᠠᠭᠠᠶ ᠲᠦᠷᠦᠭᠦᠴᠦᠳ ᠤᠨ ᠬᠤᠷᠠᠯ ᠵᠡᠷᠭᠡ ᠠᠯᠢ ᠣᠯᠠᠨ ᠴᠢᠬᠤᠯᠠ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠳᠤᠮᠳᠠᠳᠤ ᠤᠯᠤᠰ ᠳᠤᠷᠠᠲᠠᠶ᠎ᠠ ᠰᠧᠨᠧᠭᠠᠯ ᠤᠨ ᠬᠢᠨ ᠲᠠᠢ ᠣᠯᠣᠯᠴᠠᠭ᠎ᠠ ᠵᠣᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ︽ᠶᠢᠰᠦᠨ ᠵᠦᠢᠯ ᠤᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭ᠎ᠠ ᠶᠢ ᠪᠠᠬᠢᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠵᠠᠢ᠃      ᠰᠠᠯᠧ᠂ ᠰᠧᠨᠧᠭᠠᠯ ᠳᠤᠮᠳᠠᠳᠤ ᠪᠣᠯ ᠴᠢᠨᠠᠷ ᠰᠠᠶᠢᠲᠠᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠲᠡᠷᠢᠭᠦᠯᠡᠭᠴᠢ ᠰᠢ ᠶᠢᠨ ᠫᠢᠩ ᠪᠣᠯ ᠠᠹᠷᠢᠺᠠ ᠲᠢᠪ ᠪᠣᠯᠣᠨ ᠰᠧᠨᠧᠭᠠᠯ ᠤᠨ ᠠᠭᠤᠤ ᠶᠡᠭᠡ ᠨᠠᠶᠢᠵᠠ ᠮᠥᠨ᠃ ᠬᠤᠶᠠᠷ ᠲᠠᠯ᠎ᠠ ᠪᠠᠷ ᠢᠶᠠᠨ ᠦᠨᠡᠨᠴᠢ ᠨᠥᠭᠦᠷᠰᠡᠭ ᠵᠣᠷᠢᠭ ᠰᠠᠨᠠᠭ᠎ᠠ ᠪᠠᠷ᠂ ᠰᠠᠭᠤᠷᠢ ᠲᠥᠬᠦᠭᠡᠷᠦᠮᠵᠢ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠤᠷᠭᠠᠨ ᠬᠥᠮᠦᠵᠢᠯ ᠵᠡᠷᠭᠡ ᠥᠷᠭᠡᠨ ᠬᠦᠷᠢᠶᠡᠨ ᠳᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠥᠷᠨᠢᠭᠦᠯᠪᠡ᠃ ᠰᠧᠨᠧᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠬᠡᠷᠡᠭᠵᠢᠭᠦᠯᠵᠦ ᠪᠠᠶᠢᠭ᠎ᠠ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠪᠠ ᠤᠯᠠᠨ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠠᠹᠷᠢᠺᠠ ᠲᠢᠪ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠪᠥᠭᠡᠳ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠠᠹᠷᠢᠺᠠ ᠲᠢᠪ ᠤᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠳᠡᠮᠵᠢᠪᠡ᠃ ᠳᠤᠮᠳᠠᠳᠤ ᠤᠯᠤᠰ ᠡᠩ ᠲᠡᠷᠢᠭᠦᠨ ᠳᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠬᠤᠷᠢᠨ ᠤᠯᠤᠰ ᠤᠨ ᠪᠦᠯᠦᠭᠯᠡᠯ ᠳᠤ ᠣᠷᠣᠬᠤ ᠶᠢ ᠢᠯᠡ ᠪᠠᠷ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠪᠣᠯᠤᠭᠰᠠᠨ ᠤ ᠬᠤᠪᠢ ᠳᠤ᠂ ᠰᠧᠨᠧᠭᠠᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠣᠯᠣᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠴᠢᠨᠠᠭᠰᠢᠳᠠ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃       ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠶᠠᠩ ᠢ ᠵᠢᠶᠦ᠋ᠨ  ᠵᠦ ᠴᠤᠤ ︶ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠺᠦᠪᠡ ᠶᠢᠨ ᠤᠯᠤᠰ ᠤᠨ ᠲᠡᠷᠢᠭᠦᠯᠡᠭᠴᠢ ᠳ᠋ᠢᠶᠠᠰ – ᠺᠠᠨ᠋ᠸᠶᠢᠷ ᠲᠠᠢ ᠠᠭᠤᠯᠵᠠᠪᠠ᠃      ᠰᠢ ᠶᠢᠨ ᠫᠢᠩ᠂ ᠨᠢᠳᠤᠨᠤᠨ ᠤ 11 ᠰᠠᠷ᠎ᠠ ᠳᠤ᠂ ᠲᠡᠷᠢᠭᠦᠯᠡᠭᠴᠢ ᠨᠥᠬᠦᠷ ᠳᠤᠮᠳᠠᠳᠤ ᠤᠯᠤᠰ ᠲᠤ ᠠᠮᠵᠢᠯᠲᠠ ᠲᠠᠢ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠺᠦᠪᠡ ᠶᠢᠨ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠤᠬᠠᠢ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠤ᠂ ᠭᠠᠷ ᠬᠤᠯᠪᠣᠯᠴᠠᠨ ᠳᠤᠮᠳᠠᠳᠤ ᠺᠦᠪᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠶᠤᠮ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠳᠡᠭᠡᠷ ᠬᠠᠮᠲᠤ ᠶᠢᠨ ᠲᠠᠨᠢᠯᠲᠠ ᠮᠠᠰᠢ ᠰᠠᠶᠢᠨ ᠨᠠᠶᠢᠳᠠᠪᠤᠷᠢᠵᠢᠭᠤᠯᠤᠭᠳᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠺᠦᠪᠡ ᠶᠢᠨ ᠬᠢᠨ ᠲᠠᠢ ᠤᠯᠤᠰ ᠲᠥᠷᠥ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠺᠦᠪᠡ ᠶᠢᠨ ᠬᠤᠶᠠᠷ ᠨᠠᠮ ᠬᠤᠶᠠᠷ ᠤᠯᠤᠰ ᠤᠨ ᠣᠨᠴᠠᠭᠠᠶ ᠨᠥᠭᠦᠷᠰᠡᠭ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠺᠦᠪᠡ ᠶᠢᠨ ᠬᠢᠨ ᠤ ᠢᠮᠠᠭᠲᠠ ᠳᠤᠮᠳᠠᠳᠤ ᠤᠯᠤᠰ ᠢ ᠡᠷᠡᠰ ᠳᠡᠮᠵᠢᠵᠦ ᠪᠠᠶᠢᠬᠤ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠺᠦᠪᠡ ᠶᠢᠨ ᠤᠯᠤᠰ ᠤᠨ ᠡᠷᠬᠡ ᠮᠡᠳᠡᠯ ᠢᠶᠠᠨ ᠬᠠᠮᠠᠭᠠᠯᠠᠬᠤ᠂ ᠭᠠᠳᠠᠭᠠᠳᠤ ᠶᠢᠨ ᠭᠠᠷ ᠳᠦᠷᠦᠯᠲᠡ ᠪᠠ ᠪᠢᠲᠡᠭᠦᠮᠵᠢᠯᠡᠯ ᠢ ᠡᠰᠡᠷᠭᠦᠴᠡᠬᠦ ᠶᠢ ᠦᠷᠭᠦᠯᠵᠢᠯᠡᠨ ᠡᠷᠡᠰ ᠳᠡᠮᠵᠢᠬᠦ ᠶᠢᠨ ᠬᠠᠮᠲᠤ ᠺᠦᠪᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠢ ᠴᠢᠳᠠᠬᠤ ᠪᠠᠷ ᠳᠡᠮᠵᠢᠯᠭᠡ ᠬᠠᠩᠭᠠᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠪᠣᠯ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠬᠠᠮᠲᠤᠷᠠᠯᠴᠠᠭᠠᠨ ᠤ ᠲᠠᠪᠴᠠᠩ ᠪᠣᠯᠣᠨ᠎ᠠ᠃ ᠺᠦᠪᠡ ᠡᠨᠡ ᠵᠢᠯ ᠤᠨ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠤᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠢ ᠴᠢᠩᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠺᠦᠪᠡ ᠶᠢᠨ ᠳᠠᠷᠠᠭ᠎ᠠ ᠰᠠᠷ᠎ᠠ ᠳᠤ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠭᠡᠬᠦ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠭᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ ᠪᠠᠶᠢᠨ᠎ᠠ᠂ ᠺᠦᠪᠡ ᠪᠣᠯᠣᠨ ᠪᠤᠰᠤᠳ 77 ᠤᠯᠤᠰ ᠤᠨ ᠪᠦᠯᠦᠭᠯᠡᠯ ᠤᠨ ᠪᠦᠷᠢᠯᠳᠦᠭᠦᠨ ᠲᠠᠢ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠣᠯᠣᠨ ᠬᠥᠭᠵᠢᠯᠲᠡ ᠶᠢᠨ ᠡᠷᠬᠡ ᠶᠢ ᠨᠡᠩ ᠰᠠᠶᠢᠲᠤᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃         ᠳ᠋ᠢᠶᠠᠰ – ᠺᠠᠨ᠋ᠸᠶᠢᠷ᠂ ᠪᠢ ᠨᠢᠳᠤᠨᠤᠨ ᠤ 11 ᠰᠠᠷ᠎ᠠ ᠳᠤ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠥᠭᠡᠳ ᠬᠤᠶᠠᠷ ᠲᠠᠯ᠎ᠠ ᠪᠠᠷ ᠢᠶᠠᠨ ᠶᠠᠭ ᠪᠢᠳᠡᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠪᠠᠶᠢᠨ᠎ᠠ᠃ ᠺᠦᠪᠡ ᠳᠤᠮᠳᠠᠳᠤ ᠶᠢᠨ ᠬᠠᠷᠢᠯᠴᠠᠭ᠎ᠠ ᠣᠳᠣᠬᠠᠨ ᠳᠤ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠣᠷᠣᠰᠢᠵᠤ ᠪᠤᠢ᠃ ᠺᠦᠪᠡ ᠶᠢᠨ ᠠᠷᠠᠳ ᠲᠦᠮᠡᠨ ᠲᠡᠷᠢᠭᠦᠯᠡᠭᠴᠢ ᠰᠢ ᠶᠢᠨ ᠫᠢᠩ ᠢ ᠲᠤᠶᠢᠯ ᠢᠶᠠᠷ ᠪᠢᠰᠢᠷᠡᠵᠦ᠂ ᠳᠤᠮᠳᠠᠳᠤ ᠤᠯᠤᠰ ᠤᠨ ᠺᠦᠪᠡ ᠶᠢᠨ ᠰᠢᠳᠤᠷᠭᠤ ᠶᠣᠰᠣᠨ ᠤ ᠦᠢᠯᠡᠰ ᠤᠨ ᠲᠤᠬᠠᠢ ᠣᠶᠢᠯᠠᠭᠠᠯᠲᠠ ᠪᠠ ᠡᠷᠬᠢᠮ ᠨᠠᠨᠳᠢᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠺᠦᠪᠡ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠦᠪᠡ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠥᠪᠡᠷ ᠥᠪᠡᠷ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠠᠮ ᠢᠶᠠᠷ ᠭᠠᠷ ᠬᠤᠯᠪᠣᠯᠴᠠᠨ ᠤᠷᠤᠭᠰᠢᠯᠠᠨ᠎ᠠ᠃ ᠺᠦᠪᠡ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠢᠭᠲᠠ ᠬᠠᠮᠲᠤᠷᠠᠯᠴᠠᠵᠤ᠂ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠤᠨ ᠲᠦᠷᠦᠭᠦᠴᠦᠳ ᠤᠨ ᠬᠤᠷᠠᠯ ᠤᠨ ᠠᠮᠵᠢᠯᠲᠠ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃       ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠮᠢᠶᠤᠤ ᠰᠢᠶᠣᠣ ᠵᠢᠤᠸᠠᠨ  ᠵᠧᠩ ᠺᠠᠢ ᠵᠢᠶᠦ᠋ᠨ ︶ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ ᠲᠠᠢ ᠠᠭᠤᠯᠵᠠᠪᠠ᠃      ᠰᠢ ᠶᠢᠨ ᠫᠢᠩ᠂ ᠳᠤᠮᠳᠠᠳᠤ ᠤᠯᠤᠰ ᠪᠣᠯ ᠡᠸ᠋ᠽᠢᠤᠫᠢᠶ᠎ᠠ ᠶᠢᠨ ᠨᠠᠶᠢᠳᠠᠪᠤᠷᠢᠲᠠᠢ ᠨᠠᠶᠢᠵᠠ ᠪᠠ ᠦᠨᠡᠨᠴᠢ ᠬᠠᠨᠢᠲᠠᠨ ᠮᠥᠨ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠠᠢ᠃ ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠤᠢ᠂ ᠡᠨᠡ ᠨᠢ ᠳᠤᠮᠳᠠᠳᠤ ᠡᠸ᠋ᠽᠢᠤᠫᠢᠶ᠎ᠠ ᠶᠢᠨ ᠬᠠᠮᠲᠤᠷᠠᠯᠴᠠᠭ᠎ᠠ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠡᠸ᠋ᠽᠢᠤᠫᠢᠶ᠎ᠠ  ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠸ᠋ᠽᠢᠤᠫᠢᠶ᠎ᠠ ᠶᠢᠨ ᠤᠯᠤᠰ ᠤᠨ ᠳᠣᠲᠣᠭᠠᠳᠤ ᠶᠢᠨ ᠡᠩᠬᠡ ᠲᠠᠶᠢᠪᠤᠩ ᠤᠨ ᠠᠬᠢᠴᠠ ᠪᠣᠯᠣᠨ ᠬᠥᠭᠵᠢᠯ ᠮᠠᠨᠳᠤᠯ ᠢ ᠳᠡᠮᠵᠢᠵᠦ᠂ ᠳᠤᠷᠠᠲᠠᠶ᠎ᠠ ᠡᠸ᠋ᠽᠢᠤᠫᠢᠶ᠎ᠠ ᠶᠢᠨ ᠬᠢᠨ ᠲᠠᠢ ᠬᠤᠶᠠᠷ ᠲᠠᠯ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠨᠥᠬᠦᠷᠯᠡᠯ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠳᠤᠮᠳᠠᠳᠤ ᠡᠸ᠋ᠽᠢᠤᠫᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠬᠥᠭᠵᠢᠭᠦᠯᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠦᠷᠭᠦᠯᠵᠢᠯᠡᠨ ᠬᠠᠷᠢᠯᠴᠠᠨ ᠡᠷᠡᠰ ᠳᠡᠮᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠡᠸ᠋ᠽᠢᠤᠫᠢᠶ᠎ᠠ ᠶᠢᠨ ︽    2021 – 2030 ᠣᠨ ᠤ ᠠᠷᠪᠠᠨ ᠵᠢᠯ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠢᠭᠲᠠ   ᠵᠣᠯᠭᠠᠭᠤᠯᠵᠤ᠂ ᠠᠳᠢᠰ ᠠᠪᠠᠪᠠ – ᠵᠢᠪᠦ᠋ᠲ᠋ᠢ ᠬᠦᠷᠬᠦ ᠲᠡᠮᠦᠷ ᠵᠠᠮ᠂ ᠪᠣᠬᠢᠷᠳᠤᠯ ᠦᠭᠡᠢ ᠬᠥᠭᠵᠢᠯᠲᠡ ᠵᠡᠷᠭᠡ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠳᠬᠡᠨ ᠠᠬᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠡᠸ᠋ᠽᠢᠤᠫᠢᠶ᠎ᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠡᠸ᠋ᠽᠢᠤᠫᠢᠶ᠎ᠠ ᠶᠢᠨ ᠬᠢᠨ ᠠᠹᠷᠢᠺᠠ ᠲᠢᠪ ᠤᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠣᠷᠣᠭᠤᠯᠬᠤ ︽ᠰᠠᠭᠠᠳ ᠦᠭᠡᠢ ᠨᠡᠪᠲᠡᠷᠡᠬᠦ ᠵᠠᠮ︾ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠸ᠋ᠽᠢᠤᠫᠢᠶ᠎ᠠ ᠶᠢᠨ ᠬᠢᠨ ᠲᠠᠢ ᠬᠠᠮᠲᠤ ᠪᠠᠷ ︽ᠠᠹᠷᠢᠺᠠ ᠲᠢᠪ ᠤᠨ ᠬᠤᠱᠣᠣ ᠶᠢᠨ ᠡᠩᠬᠡ ᠲᠠᠶᠢᠪᠤᠩ ᠬᠥᠭᠵᠢᠯᠲᠡ ᠶᠢᠨ ᠪᠣᠳᠣᠯᠬᠢᠯᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠳᠤ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠵᠠᠢ᠃      ᠠᠪᠢ᠂ ᠡᠸ᠋ᠽᠢᠤᠫᠢᠶ᠎ᠠ ᠪᠣᠯᠣᠨ ᠳᠤᠮᠳᠠᠳᠤ ᠤᠯᠤᠰ ᠤᠨ ᠨᠥᠬᠦᠷᠯᠡᠯ ᠮᠠᠰᠢ ᠭᠦᠨ ᠵᠤᠵᠠᠭᠠᠨ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠪᠠᠨ ᠪᠠᠲᠤᠯᠠᠵᠤ ᠪᠠᠶᠢᠨ᠎ᠠ᠃ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠡᠸ᠋ᠽᠢᠤᠫᠢᠶ᠎ᠠ ᠳᠤ ᠶᠡᠭᠡ ᠬᠡᠮᠵᠢᠶᠡᠨ ᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠬᠠᠪᠰᠤᠷᠤᠯᠭ᠎ᠠ ᠪᠠ ᠬᠠᠮᠲᠤᠷᠠᠯᠴᠠᠭ᠎ᠠ ᠶᠢᠨ ᠠᠴᠢ ᠪᠠᠷ ᠡᠸ᠋ᠽᠢᠤᠫᠢᠶ᠎ᠠ ᠳᠤ ᠣᠶᠢᠷ᠎ᠠ ᠶᠢᠨ ᠵᠢᠯ ᠠᠴᠠ ᠮᠠᠰᠢ ᠶᠡᠭᠡ ᠬᠥᠭᠵᠢᠯᠲᠡ ᠬᠤᠪᠢᠷᠠᠯᠲᠠ ᠭᠠᠷᠴᠠᠢ᠃ ᠡᠸ᠋ᠽᠢᠤᠫᠢᠶ᠎ᠠ ᠳᠤᠮᠳᠠᠳᠤ ᠤᠯᠤᠰ ᠲᠠᠢ ᠠᠳᠠᠯᠢᠪᠲᠤᠷ ᠥᠩᠭᠡᠷᠡᠯᠲᠡ ᠲᠠᠢ᠂ ᠮᠠᠰᠢ ᠤᠯᠠᠨ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠵᠣᠭᠰᠣᠯᠲᠠ ᠠᠳᠠᠯᠢ ᠶᠤᠮ᠃ ᠡᠸ᠋ᠽᠢᠤᠫᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠳᠡᠭᠡᠳᠦ ᠬᠡᠮᠵᠢᠶ᠎ᠡ ᠪᠠᠷ ᠨᠠᠨᠳᠢᠩᠨᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠳᠤᠷᠠᠲᠠᠶ᠎ᠠ ᠳᠤᠮᠳᠠᠳᠤ ᠤᠯᠤᠰ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠲᠤᠰ ᠤᠯᠤᠰ ᠤᠨ ᠢᠶᠠᠨ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠦᠨ᠎ᠡ᠃ ᠡᠸ᠋ᠽᠢᠤᠫᠢᠶ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠰ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠳᠠᠨ ᠲᠣᠭᠤᠰᠭ᠋᠎ᠠ ᠤᠯᠤᠰ ᠤᠳ ᠲᠤ ᠣᠷᠣᠵᠤ᠂ ᠤᠯᠠᠨ ᠲᠠᠯᠠᠲᠤ ᠲᠣᠭᠲᠠᠴᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠨᠡᠩ ᠰᠠᠶᠢᠨ ᠰᠠᠶᠢᠬᠠᠨ ᠬᠠᠮᠲᠤ ᠶᠢᠨ ᠢᠷᠡᠭᠡᠳᠦᠢ ᠶᠢ ᠨᠡᠭᠡᠭᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃       ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠮᠠ ᠵᠧᠩ  ᠰᠢᠶᠧ ᠵᠢᠶᠠᠩ ︶ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ᠃      ᠰᠢ ᠶᠢᠨ ᠫᠢᠩ᠂ ᠳᠤᠮᠳᠠᠳᠤ ᠤᠯᠤᠰ ᠪᠣᠯᠣᠨ ᠪᠧᠩᠭᠠᠯ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ᠃ 2016 ᠣᠨ ᠳᠤ ᠪᠢᠳᠡ ᠳᠤᠮᠳᠠᠳᠤ ᠪᠧᠩᠭᠠᠯ ᠤᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠵᠦ᠂ ᠬᠤᠶᠠᠷ ᠤᠯᠤᠰ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠲᠣᠳᠣᠷᠬᠠᠢ ᠴᠢᠭᠯᠡᠯ ᠵᠢᠭᠠᠵᠤ ᠥᠭᠴᠡᠢ᠃ ᠣᠳᠣᠬᠠᠨ ᠳᠤ᠂ ᠳᠤᠮᠳᠠᠳᠤ ᠪᠧᠩᠭᠠᠯ ᠬᠤᠶᠠᠷ ᠤᠯᠤᠰ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠃ ᠳᠤᠮᠳᠠᠳᠤ ᠤᠯᠤᠰ ᠳᠤᠷᠠᠲᠠᠶ᠎ᠠ ᠪᠧᠩᠭᠠᠯ ᠤᠨ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠪᠧᠩᠭᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠪᠧᠩᠭᠠᠯ ᠤᠨ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠭᠠᠷ ᠲᠦᠷᠦᠭᠦ ᠶᠢ ᠡᠰᠡᠷᠭᠦᠴᠡᠵᠦ᠂ ᠤᠯᠤᠰ ᠤᠨ ᠳᠣᠲᠣᠭᠠᠳᠤ ᠶᠢᠨ ᠪᠦᠯᠬᠦᠮᠳᠡᠯ ᠲᠣᠭᠲᠠᠭᠤᠨ ᠢ ᠬᠠᠮᠠᠭᠠᠯᠠᠵᠤ᠂ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠲᠡᠮᠵᠢᠵᠥ᠂ ᠳᠤᠷᠠᠲᠠᠶ᠎ᠠ ᠪᠧᠩᠭᠠᠯ ᠤᠨ ᠬᠢᠨ ᠲᠠᠢ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠦᠷᠭᠦᠯᠵᠢᠯᠡᠨ ᠡᠷᠡᠰ ᠳᠡᠮᠵᠢᠯᠴᠡᠨ᠎ᠡ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠤᠶ᠎ᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠡᠨᠧᠷᠭᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ    ᠴᠢᠩᠭᠠᠳᠬᠠᠶ᠎ᠠ᠃ ᠬᠥᠮᠥᠰ ᠤᠨ ᠶᠠᠪᠤᠯᠴᠠᠭ᠎ᠠ ᠶᠢ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠶ᠎ᠡ᠃ ᠪᠧᠩᠭᠠᠯ ᠤᠯᠤᠰ ᠤᠨ ᠠᠯᠳᠠᠨ ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠣᠷᠣᠯᠴᠠᠬᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠳᠤᠷᠠᠲᠠᠶ᠎ᠠ ᠪᠧᠩᠭᠠᠯ ᠯᠤᠭ᠎ᠠ ᠤᠯᠠᠨ ᠲᠠᠯ᠎ᠠ ᠶᠢᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠬᠠᠰᠢᠨᠠ᠂ 2016 ᠣᠨ ᠳᠤ ᠲᠡᠷᠢᠭᠦᠯᠡᠭᠴᠢ ᠰᠢ ᠶᠢᠨ ᠫᠢᠩ ᠪᠧᠩᠭᠠᠯ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠬᠤᠶᠠᠷ ᠤᠯᠤᠰ ᠤᠨ ᠬᠠᠷᠢᠯᠴᠠᠭ᠎ᠠ ᠳᠠᠬᠢ ᠬᠥᠰᠢᠶ᠎ᠡ ᠳᠤᠷᠠᠰᠬᠠᠯ ᠤᠨ ᠴᠢᠨᠠᠷᠲᠠᠢ ᠬᠡᠷᠡᠭ ᠶᠠᠪᠤᠳᠠᠯ ᠪᠣᠯᠵᠠᠢ᠃ ᠳᠤᠮᠳᠠᠳᠤ ᠶᠢᠨ ᠲᠠᠯ᠎ᠠ ᠪᠧᠩᠭᠠᠯ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠠᠵᠤ ᠠᠬᠤᠢ ᠶᠢᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠵᠦ᠂ ᠪᠧᠩᠭᠠᠯ ᠤᠯᠤᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠪᠧᠩᠭᠠᠯ ᠳᠤᠮᠳᠠᠳᠤ ᠶᠢᠨ ᠰᠠᠶᠢᠨ ᠰᠠᠶᠢᠬᠠᠨ ᠬᠠᠷᠢᠯᠴᠠᠭ᠎ᠠ ᠨᠢ ᠬᠠᠷᠢᠯᠴᠠᠨ ᠬᠦᠨᠳᠦᠳᠬᠡᠬᠦ ᠪᠠ ᠳᠣᠲᠣᠭᠠᠳᠤ ᠵᠠᠰᠠᠭ ᠲᠤ ᠬᠠᠷᠢᠯᠴᠠᠨ ᠭᠠᠷ ᠦᠯᠦ ᠲᠦᠷᠦᠭᠦ ᠳᠤ ᠰᠠᠭᠤᠷᠢᠯᠠᠭᠰᠠᠨ ᠶᠤᠮ᠃ ᠲᠡᠷᠢᠭᠦᠯᠡᠭᠴᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠳᠤ ᠪᠠᠶᠠᠷ ᠬᠦᠷᠭᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠪᠧᠩᠭᠠᠯ ᠤᠯᠤᠰ ᠲᠤ ᠬᠥᠭᠵᠢᠯᠲᠡ ᠶᠢᠨ ᠰᠢᠨ᠎ᠡ ᠡᠭᠦᠳᠡ ᠶᠢ ᠨᠡᠭᠡᠭᠡᠯ᠎ᠡ᠃ ᠪᠧᠩᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠶᠢᠨ ᠲᠠᠯ᠎ᠠ ᠶᠢᠨ ᠴᠢᠬᠤᠯᠠ ᠦᠢᠯᠡᠳᠦᠯ ᠢ ᠮᠠᠭᠲᠠᠨ ᠰᠠᠶᠢᠰᠢᠶᠠᠵᠤ ᠪᠠᠶᠢᠨ᠎ᠠ᠃ ᠪᠧᠩᠭᠠᠯ ᠤᠨ ᠬᠢᠨ ᠳᠤᠷᠠᠲᠠᠶ᠎ᠠ ᠳᠤᠮᠳᠠᠳᠤ ᠤᠯᠤᠰ  ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠣᠭᠲᠠᠴᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠂ ᠠᠯᠳᠠᠨ ᠲᠣᠭᠤᠰᠭ᠋᠎ᠠ ᠤᠯᠤᠰ ᠤᠳ ᠤᠨ ᠲᠣᠭᠲᠠᠴᠠ ᠶᠢᠨ ᠬᠥᠭᠵᠢᠯᠲᠡ ᠪᠤᠵᠠᠭᠠᠶᠢᠷᠠᠯ ᠨᠢ ᠬᠥᠭᠵᠢᠵᠦ ᠪᠠᠶᠢᠭ᠎ᠠ ᠤᠯᠤᠰ ᠤᠳ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃      ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号