ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ    ᠨᠡᠭᠡᠭᠡᠯᠲᠡᠲᠡᠢ ᠪᠠᠭᠲᠠᠭᠠᠮᠵᠢᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ ᠠᠯᠳᠠᠨ ᠲᠣᠭᠤᠰᠭ᠋᠎ᠠ ᠶᠢᠨ ᠬᠠᠷᠢᠭᠤᠴᠠᠯᠭ᠎ᠠ ᠪᠠᠷ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ ᠠᠯᠳᠠᠨ ᠲᠣᠭᠤᠰᠭ᠋᠎ᠠ ᠶᠢᠨ ᠡᠭᠦᠷᠭᠡᠯᠡᠯ ᠢᠶᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠶ᠎ᠠ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/8/24
  ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 23 ᠤ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ ᠰᠦᠯᠵᠢᠶᠡᠨ ᠳᠡᠭᠡᠷ᠎ᠡ ︶ ᠣᠷᠣᠯᠴᠠᠪᠠ ᠃ ᠲᠠᠪᠤᠨ ᠤᠯᠤᠰ ᠤᠨ ᠤᠳᠤᠷᠢᠳᠬᠤ ᠬᠥᠮᠥᠰ ︽ ᠠᠯᠳᠠᠨ ᠲᠣᠭᠤᠰᠭ᠋᠎ᠠ ᠤᠯᠤᠰ ᠤᠳ ᠪᠣᠯᠣᠨ ᠠᠹᠷᠢᠺᠠ ᠲᠢᠪ ᠄ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠲᠤᠰ ᠲᠤᠰ ᠤᠨ ᠢᠶᠠᠨ ᠨᠡᠮᠡᠭᠳᠡᠯ ᠢ ᠠᠬᠢᠭᠤᠯᠵᠤ ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ ᠂ ᠪᠠᠭᠲᠠᠭᠠᠮᠵᠢᠲᠤ ᠴᠢᠨᠠᠷᠲᠠᠢ ᠤᠯᠠᠨ ᠲᠠᠯᠠᠲᠤ ᠦᠵᠡᠯ ᠢ ᠴᠢᠩᠭᠠᠳᠬᠠᠶ᠎ᠠ ︾ ᠭᠡᠬᠦ ᠭᠤᠣᠯ ᠰᠡᠳᠦᠪ ᠤᠨ ᠲᠣᠭᠤᠷᠢᠨ ᠳᠤ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ ᠃
8.24-2-1.jpg
  ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ ᠰᠦᠯᠵᠢᠶᠡᠨ ᠳᠡᠭᠡᠷ᠎ᠡ ︶ ᠣᠷᠣᠯᠴᠠᠪᠠ ᠃ ᠰᠢ ᠶᠢᠨ ᠫᠢᠩ ︽ ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠡᠩᠬᠡ ᠲᠠᠶᠢᠪᠤᠩ ᠢ ᠠᠬᠢᠭᠤᠯᠤᠶ᠎ᠠ ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ
8.24-2-2.jpg
  ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 23 ᠤ ᠦᠳᠡ ᠶᠢᠨ ᠡᠮᠦᠨ᠎ᠡ ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ ᠤᠳᠠᠭ᠎ᠠ ᠶᠢᠨ ᠠᠭᠤᠯᠵᠠᠯᠲᠠ ᠶᠤᠬᠠᠨᠨᠧᠰᠪᠦ᠋ᠷᠡᠭ ᠤᠨ ᠱᠠᠨᠲ᠋ᠧᠩ ᠬᠤᠷᠠᠯ ᠤᠨ ᠲᠥᠪ ᠲᠤ ᠶᠠᠪᠤᠭᠳᠠᠪᠠ ᠃ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠠᠭᠤᠯᠵᠠᠯᠲᠠ ᠶᠢ ᠡᠷᠭᠢᠯᠡᠪᠡ ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ ᠰᠦᠯᠵᠢᠶᠡᠨ ᠳᠡᠭᠡᠷ᠎ᠡ ︶ ᠣᠷᠣᠯᠴᠠᠪᠠ ᠃ ᠵᠢᠷᠤᠭ ᠪᠣᠯ ᠠᠭᠤᠯᠵᠠᠯᠲᠠ ᠶᠢᠨ ᠬᠤᠭᠤᠴᠠᠭᠠᠨ ᠳᠤ ᠲᠠᠪᠤᠨ ᠤᠯᠤᠰ ᠤᠨ ᠤᠳᠤᠷᠢᠳᠬᠤ ᠬᠥᠮᠥᠰ ᠬᠠᠮᠲᠤ ᠶᠢᠨ ᠭᠡᠷᠡᠯ ᠵᠢᠷᠤᠭ ᠲᠠᠲᠠᠭᠤᠯᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠰᠢ ᠶᠢᠨ ᠫᠢᠩ ︽ ᠪᠦᠯᠬᠦᠮᠳᠡᠨ ᠬᠠᠮᠵᠢᠯᠴᠠᠵᠤ ᠬᠥᠭᠵᠢᠯᠲᠡ ᠶᠢ ᠡᠷᠢᠯᠬᠢᠯᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠡᠩᠬᠡ ᠲᠠᠶᠢᠪᠤᠩ ᠢ ᠠᠬᠢᠭᠤᠯᠤᠶ᠎ᠠ ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ ᠃   ᠰᠢ ᠶᠢᠨ ᠫᠢᠩ ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ ᠂ ᠶᠠᠭ ᠶᠡᠭᠡ ᠲᠣᠬᠢᠷᠠᠭᠤᠯᠤᠯᠲᠠ ᠂ ᠶᠡᠭᠡ ᠵᠠᠳᠠᠷᠠᠯ ᠂ ᠶᠡᠭᠡ ᠲᠠᠭᠢᠨ ᠪᠠᠶᠢᠭᠤᠯᠤᠯᠲᠠ ᠶᠢᠨ ᠦᠶ᠎ᠡ ᠳᠤ ᠨᠢ ᠣᠷᠣᠰᠢᠵᠤ ᠪᠠᠶᠢᠨ᠎ᠠ ᠃ ᠠᠯᠳᠠᠨ ᠲᠣᠭᠤᠰᠭ᠋᠎ᠠ ᠤᠯᠤᠰ ᠤᠳ ᠪᠣᠯ ᠳᠡᠯᠡᠬᠡᠢ ᠶᠢᠨ ᠪᠠᠶᠢᠷᠢᠰᠢᠯ ᠢ ᠴᠣᠭᠴᠠᠯᠠᠬᠤ ᠴᠢᠬᠤᠯᠠ ᠬᠦᠴᠦᠨ ᠮᠥᠨ ᠃ ᠪᠢᠳᠡ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠵᠤ ᠂ ᠬᠥᠭᠵᠢᠯᠲᠡ ᠶᠢᠨ ᠡᠷᠬᠡ ᠪᠠᠨ ᠬᠠᠮᠲᠤ ᠪᠠᠷ ᠬᠠᠮᠠᠭᠠᠯᠠᠵᠤ ᠂ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠨᠢ ᠬᠥᠮᠥᠨ ᠲᠥᠷᠥᠯᠬᠢᠲᠡᠨ ᠤ ᠨᠡᠶᠢᠭᠡᠮ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠵᠦ ᠂ ᠳᠡᠯᠡᠬᠡᠢ ᠶᠢᠨ ᠬᠥᠭᠵᠢᠯᠲᠡ ᠶᠢᠨ ᠠᠬᠢᠴᠠ ᠶᠢ ᠭᠦᠨᠵᠡᠭᠡᠢ ᠨᠥᠯᠥᠭᠡᠯᠡᠬᠦ ᠨᠢ ᠯᠠᠪᠲᠠᠢ ᠶᠤᠮ ᠃ ᠲᠡᠦᠬᠡ ᠶᠢ ᠡᠷᠭᠢᠴᠡᠭᠦᠯᠬᠦᠶ᠎ᠡ ᠂ ᠪᠢᠳᠠ ᠢᠮᠠᠭᠲᠠ ᠨᠡᠭᠡᠭᠡᠯᠲᠡᠲᠡᠢ ᠪᠠᠭᠲᠠᠭᠠᠮᠵᠢᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠳᠠ ᠦᠭᠡᠢ ᠠᠬᠢᠭᠤᠯᠵᠤ ᠂ ᠲᠠᠪᠤᠨ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠪᠡ ︔ ᠢᠮᠠᠭᠲᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠳᠡᠭᠡᠷ᠎ᠡ ᠲᠥᠪ ᠶᠣᠰᠣ ᠶᠢ ᠪᠠᠷᠢᠮᠲᠠᠯᠠᠵᠤ ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠦᠭᠡ ᠬᠡᠯᠡᠬᠦ ᠡᠷᠬᠡ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ ᠃ ᠠᠯᠳᠠᠨ ᠲᠣᠭᠤᠰᠭ᠋᠎ᠠ ᠤᠯᠤᠰ ᠤᠳ ᠪᠣᠯ ᠶᠡᠷᠦ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠰᠠᠨᠠᠭᠠᠴᠢᠯᠠᠭᠴᠢ ᠂ ᠦᠢᠯᠡᠳᠦᠯᠭᠡᠵᠢᠭᠦᠯᠦᠭᠴᠢ ᠮᠥᠨ ᠂ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷ᠎ᠡ ᠤᠴᠢᠷ ᠶᠠᠪᠤᠳᠠᠯ ᠤᠨ ᠲᠤᠰ ᠪᠡᠶ᠎ᠡ ᠶᠢᠨ ᠬᠢᠨᠢ ᠵᠥᠪ ᠪᠤᠷᠤᠭᠤ ᠲᠥᠪ ᠭᠠᠵᠢᠭᠤ ᠠᠴᠠ ᠡᠭᠦᠰᠬᠦ ᠶᠢ ᠪᠠᠷᠢᠮᠲᠠᠯᠠᠵᠤ ᠂ ᠭᠤᠣᠯᠴᠢ ᠦᠭᠡ ᠬᠡᠯᠡᠵᠦ ᠂ ᠭᠤᠤᠯᠴᠢ ᠶᠠᠪᠤᠳᠠᠯ ᠬᠢᠵᠦ ᠂ ᠵᠠᠷᠴᠢᠮ ᠢ ᠠᠷᠠᠯᠵᠢᠬᠤ ᠦᠭᠡᠢ ᠂ ᠭᠠᠳᠠᠭᠠᠳᠤ ᠳᠠᠷᠤᠯᠲᠠ ᠳᠤ ᠨᠤᠭᠤᠷᠠᠬᠤ ᠦᠭᠡᠢ ᠂ ᠪᠤᠰᠤᠳ ᠤᠯᠤᠰ ᠤᠨ ᠳᠠᠭᠠᠯᠲᠠ ᠪᠤᠯᠬᠤ ᠦᠭᠡᠢ ᠃ ᠠᠯᠳᠠᠨ ᠲᠣᠭᠤᠰᠭ᠋᠎ᠠ ᠤᠯᠤᠰ ᠤᠳ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ ᠬᠠᠷᠠᠯᠲᠠ ᠲᠠᠢ ᠶᠤᠮ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠬᠠᠮᠲᠤᠷᠠᠯᠴᠠᠭᠠᠨ ᠤ ᠤᠭ ᠰᠠᠨᠠᠭ᠎ᠠ ᠂ ᠬᠠᠮᠲᠤ ᠶᠢᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠶᠠᠭ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ ᠃ ᠪᠢᠳᠡ ᠶᠡᠭᠡ ᠬᠠᠨᠳᠤᠰᠢ ᠶᠢ ᠡᠵᠡᠮᠳᠡᠵᠦ ᠂ ᠴᠢᠭᠯᠡᠯ ᠢ ᠬᠥᠲᠥᠯᠥᠨ ᠳᠠᠭᠠᠭᠤᠯᠵᠤ ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠤᠭ ᠰᠠᠨᠠᠭ᠎ᠠ ᠪᠠᠨ ᠪᠠᠲᠤ ᠰᠠᠬᠢᠵᠤ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠴᠢᠨᠠᠷ ᠰᠠᠶᠢᠲᠠᠢ ᠬᠠᠨᠢᠲᠠᠨ ᠤ ᠬᠠᠷᠢᠯᠴᠠᠭ᠎ᠠ ᠶᠢ ᠠᠬᠢᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠂ ᠲᠣᠭᠲᠠᠭᠤᠨ ᠴᠢᠨᠠᠷ ᠂ ᠢᠳᠡᠪᠬᠢ ᠬᠦᠴᠦᠨ ᠨᠡᠮᠡᠷᠢᠯᠡᠶ᠎ᠡ ᠃  ᠪᠢᠳᠡ ᠠᠵᠤ ᠠᠬᠤᠢ ᠠᠷᠠᠯᠵᠢᠶ᠎ᠠ ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠶ᠎ᠡ ᠃ ᠬᠥᠭᠵᠢᠯᠲᠡ ᠪᠣᠯ ᠡᠯ᠎ᠡ ᠤᠯᠤᠰ ᠤᠨ ᠪᠤᠯᠢᠶᠠᠵᠤ ᠪᠣᠯᠣᠰᠢ ᠦᠭᠡᠢ ᠡᠷᠬᠡ ᠮᠥᠨ ᠂ ᠴᠥᠭᠡᠨ ᠲᠣᠭᠠᠨ ᠤ ᠤᠯᠤᠰ ᠤᠨ ︽ ᠲᠤᠰᠬᠠᠢ ᠠᠰᠢᠭ ︾ ᠪᠢᠰᠢ ᠃ ᠠᠯᠳᠠᠨ ᠲᠣᠭᠤᠰᠭ᠋᠎ᠠ ᠤᠯᠤᠰ ᠤᠳ ᠬᠥᠭᠵᠢᠨ ᠮᠠᠨᠳᠤᠬᠤ ᠵᠠᠮ ᠳᠠᠭᠠᠨ ᠬᠠᠮᠲᠤ ᠠᠶᠠᠯᠠᠵᠤ ᠂ ︽ ᠬᠠᠷᠢᠯᠴᠠᠭ᠎ᠠ ᠪᠠᠨ ᠲᠠᠰᠤᠯᠵᠤ ᠬᠡᠯᠬᠢᠶ᠎ᠡ ᠪᠠᠨ ᠲᠠᠰᠤᠯᠬᠤ ︾ ᠪᠠ ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠶ᠎ᠡ ᠃ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠂ ᠢᠯᠠᠩᠭᠤᠶ᠎ᠠ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠬᠥᠭᠵᠢᠯᠲᠡ ᠂ ᠬᠠᠩᠭᠠᠯᠭ᠎ᠠ ᠶᠢᠨ ᠬᠡᠯᠬᠢᠶ᠎ᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠶ᠎ᠡ ᠃ ᠳᠤᠮᠳᠠᠳᠤ ᠤᠯᠤᠰ ︽ ᠳᠤᠮᠳᠠᠳᠤ ᠤᠯᠤᠰ — ᠠᠯᠳᠠᠨ ᠲᠣᠭᠤᠰᠭ᠋᠎ᠠ ᠤᠯᠤᠰ ᠤᠳ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠬᠦᠷᠢᠶᠡᠯᠡᠩ ︾ ᠢ ᠪᠠᠶᠢᠭᠤᠯᠵᠤ ᠂ ︽ ᠠᠯᠳᠠᠨ ᠲᠣᠭᠤᠰᠭ᠋᠎ᠠ ᠤᠯᠤᠰ ᠤᠳ ᠤᠨ ᠪᠦᠭᠦ ᠪᠥᠮᠪᠥᠷᠴᠡᠭ ᠤᠨ ᠠᠯᠤᠰ ᠰᠡᠷᠡᠯ ᠤᠨ ᠳᠠᠭᠠᠭᠤᠯᠢ ᠤᠳᠤᠨ ᠤ ᠳ᠋ᠠᠶᠢᠲ᠋ᠠ ᠪᠣᠯᠣᠨ ᠬᠡᠷᠡᠭᠯᠡᠭᠡᠨ ᠤ ᠬᠠᠮᠲᠤᠷᠠᠯᠴᠠᠭᠠᠨ ᠤ ᠲᠠᠪᠴᠠᠩ ︾ ᠢ ᠰᠦᠪᠡᠭᠴᠢᠯᠡᠨ ᠪᠠᠶᠢᠭᠤᠯᠵᠤ ᠂ ᠡᠯ᠎ᠡ ᠤᠯᠤᠰ ᠤᠨ ᠬᠥᠳᠡᠭᠡ ᠠᠵᠤ ᠠᠬᠤᠢ ᠂ ᠠᠮᠢ ᠠᠬᠤᠢ ᠂ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠤ ᠬᠥᠭᠵᠢᠯᠲᠡ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ︽ ᠠᠯᠳᠠᠨ ᠲᠣᠭᠤᠰᠭ᠋᠎ᠠ ᠤᠯᠤᠰ ᠤᠳ ᠤᠨ ᠦᠷᠭᠦᠯᠵᠢᠯᠡᠬᠦ ᠠᠵᠤ ᠦᠢᠯᠡᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ ︾ ᠶᠢ ᠬᠠᠮᠲᠤ ᠪᠠᠷ ᠪᠠᠶᠢᠭᠤᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠠᠵᠤ ᠦᠢᠯᠡᠰ ᠤᠨ ᠵᠣᠯᠭᠠᠯᠴᠠᠭ᠎ᠠ ᠪᠣᠯᠣᠨ ᠲᠦᠷᠦᠯ ᠵᠦᠢᠯ ᠤᠨ ᠬᠠᠮᠲᠤᠷᠠᠯᠴᠠᠭᠠᠨ ᠤ ᠲᠠᠪᠴᠠᠩ ᠬᠠᠩᠭᠠᠨ᠎ᠠ ᠃  ᠪᠢᠳᠡ ᠤᠯᠤᠰ ᠲᠦᠷᠦ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠶ᠎ᠠ ᠃ ᠡᠯ᠎ᠡ ᠤᠯᠤᠰ ᠤᠨ ᠠᠷᠠᠳ ᠲᠦᠮᠡᠨ ᠴᠥᠮ ᠰᠠᠶᠢᠨ ᠰᠠᠶᠢᠬᠠᠨ ᠠᠮᠤᠷ ᠲᠦᠪᠰᠢᠨ ᠣᠷᠴᠢᠨ ᠢ ᠬᠦᠰᠡᠵᠦ ᠪᠠᠶᠢᠨ᠎ᠠ ᠃ ᠳᠡᠯᠡᠬᠡᠢ ᠶᠢᠨ ᠠᠮᠤᠷ ᠲᠦᠪᠰᠢᠨ ᠢ ᠰᠠᠯᠭᠠᠵᠤ ᠪᠣᠯᠣᠰᠢ ᠦᠭᠡᠢ ᠂ ᠪᠤᠰᠤᠳ ᠤᠯᠤᠰ ᠤᠨ ᠠᠰᠢᠭ ᠲᠤᠰᠠ ᠶᠢ ᠦᠷᠡᠭᠳᠡᠭᠦᠯᠵᠦ ᠂ ᠲᠤᠰ ᠪᠡᠶ᠎ᠡ ᠶᠢᠨ ᠬᠠᠷᠢᠴᠠᠯᠠᠰᠢᠭᠦᠢ ᠠᠮᠤᠷ ᠲᠦᠪᠰᠢᠨ ᠢ ᠬᠥᠭᠡᠭᠡᠴᠡᠯᠳᠦᠪᠡᠯ ᠡᠴᠦᠰ ᠲᠡᠭᠡᠨ ᠲᠤᠰ ᠪᠡᠶ᠎ᠡ ᠪᠠᠨ ᠬᠤᠬᠢᠷᠠᠭᠤᠯᠬᠤ ᠪᠣᠯᠣᠨ᠎ᠠ ᠃ ᠠᠯᠲᠠᠨ ᠲᠣᠭᠤᠰᠭ᠋᠎ᠠ ᠤᠯᠤᠰ ᠤᠳ ᠡᠩᠬᠡ ᠲᠠᠶᠢᠪᠤᠩ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ ᠂ ᠲᠣᠰ ᠲᠣᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠵᠦ ᠂ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ ᠴᠢᠩᠭᠠᠳᠬᠠᠵᠤ ᠂ ᠬᠠᠯᠠᠮᠰᠢᠯ ᠠᠰᠠᠭᠤᠳᠠᠯ ᠢ ᠢᠳᠡᠪᠬᠢᠲᠡᠢ ᠵᠣᠬᠢᠴᠠᠭᠤᠯᠵᠤ ᠂ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠵᠤ ᠂ ᠬᠠᠯᠠᠮᠰᠢᠯ ᠠᠰᠠᠭᠤᠳᠠᠯ ᠢ ᠨᠠᠮᠳᠠᠭᠠᠶ᠎ᠠ ᠃ ᠵᠣᠬᠢᠶᠠᠮᠠᠯ ᠣᠶᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠤᠯᠠᠮ ᠥᠷᠭᠡᠳᠬᠡᠵᠦ ᠂ ᠮᠡᠳᠡᠭᠡ ᠵᠠᠩᠭᠢ ᠶᠢᠨ ᠰᠣᠯᠢᠯᠴᠠᠭ᠎ᠠ ᠪᠣᠯᠣᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠠᠮᠲᠤ ᠪᠠᠷ ᠰᠠᠶᠢᠲᠤᠷ ᠬᠢᠵᠦ ᠂ ᠨᠡᠶᠢᠳᠡᠮ ᠳᠡᠭᠡᠨ ᠣᠷᠤᠯᠴᠠᠬᠤ ᠳᠡᠯᠡᠬᠡᠢ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠵᠠᠰᠠᠯᠲᠠ ᠶᠢᠨ ᠪᠣᠷᠣ ᠲᠥᠰᠥᠪ ᠪᠣᠯᠣᠨ ᠪᠠᠷᠢᠮᠵᠢᠶ᠎ᠠ ᠵᠢᠷᠤᠮᠵᠢᠯ ᠢ ᠪᠦᠷᠢᠯᠳᠦᠭᠦᠯᠵᠦ ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠠᠮᠤᠷ ᠲᠦᠪᠰᠢᠨ ᠴᠢᠨᠠᠷ ᠂ ᠨᠠᠶᠢᠳᠠᠪᠤᠷᠢᠲᠤ ᠴᠢᠨᠠᠷ ᠂ ᠡᠵᠡᠮᠳᠡᠵᠦ ᠪᠣᠯᠬᠤᠶᠢᠴᠠ ᠴᠢᠨᠠᠷ ᠂ ᠡᠷᠬᠡ ᠲᠡᠭᠰᠢ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ ᠃  ᠪᠢᠳᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠠᠬᠢᠭᠤᠯᠤᠶ᠎ᠠ ᠃ ᠪᠣᠯᠪᠠᠰᠤᠨ ᠰᠠᠶᠢᠬᠠᠨ ᠂ ᠬᠥᠭᠵᠢᠯᠲᠡ ᠶᠢᠨ ᠵᠠᠮ ᠤᠯᠠᠨ ᠡᠰᠢᠵᠢᠨ ᠤᠯᠠᠨ ᠶᠠᠩᠵᠤ ᠶᠢᠨ ᠪᠠᠶᠢᠳᠠᠭ ᠂ ᠡᠨᠡ ᠪᠣᠯ ᠳᠡᠯᠡᠬᠡᠢ ᠳ᠋ᠠᠬᠢᠨ ᠤ ᠪᠠᠶᠢᠪᠠᠰᠤ ᠵᠣᠬᠢᠬᠤ ᠶᠠᠩᠵᠤ ᠮᠥᠨ ᠃ ᠬᠥᠮᠥᠨ ᠲᠥᠷᠥᠯᠬᠢᠲᠡᠨ ᠤ ᠲᠡᠦᠬᠡ ᠪᠣᠯ ᠨᠢᠭᠡ ᠵᠦᠢᠯ ᠤᠨ ᠪᠣᠯᠪᠠᠰᠤᠨ ᠂ ᠨᠢᠭᠡ ᠵᠦᠢᠯ ᠤᠨ ᠪᠠᠶᠢᠭᠤᠯᠤᠯ ᠢᠶᠠᠷ ᠡᠴᠦᠰᠯᠡᠬᠦ ᠦᠭᠡᠢ ᠶᠤᠮ ᠃ ᠠᠯᠳᠠᠨ ᠲᠣᠭᠤᠰᠭ᠋᠎ᠠ ᠤᠯᠤᠰ ᠤᠳ ᠠᠨᠠᠪᠠᠳ ᠲᠠᠯᠠᠢ ᠶᠢ ᠪᠠᠭᠲᠠᠭᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠠᠳᠠᠯᠢ ᠪᠤᠰᠤ ᠪᠣᠯᠪᠠᠰᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠡᠶ᠎ᠡ ᠨᠠᠶᠢᠷ ᠲᠠᠢ ᠬᠠᠮᠲᠤ ᠣᠷᠣᠰᠢᠬᠤ ᠶᠢ ᠰᠠᠨᠠᠭᠠᠴᠢᠯᠠᠵᠤ ᠂ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠰᠣᠩᠭᠤᠭᠰᠠᠨ ᠣᠳᠣᠬᠢᠴᠢᠯᠠᠯᠲᠠ ᠶᠢᠨ ᠵᠠᠮ ᠢ ᠭᠦᠨᠳᠦᠳᠭᠡᠵᠦ ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠂ ᠪᠠᠶᠢᠭᠤᠯᠤᠯ ᠤᠨ ᠡᠰᠡᠷᠭᠦᠴᠡᠯᠳᠦᠯ ᠂ ︽ ᠪᠣᠯᠪᠠᠰᠤᠨ ᠤ ᠮᠥᠷᠭᠦᠯᠳᠦᠭᠡᠨ ︾ ᠢ ᠡᠰᠡᠷᠭᠦᠴᠡᠶ᠎ᠡ ᠃ ᠠᠯᠳᠠᠨ ᠲᠣᠭᠤᠰᠭ᠋᠎ᠠ ᠤᠯᠤᠰ ᠤᠳ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢᠨ ᠬᠠᠮᠲᠤ ᠤᠯᠠᠮᠵᠢᠯᠠᠯᠲᠤ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠬᠤ ᠶᠢ ᠳᠤᠮᠳᠠᠳᠤ ᠶᠢᠨ ᠲᠠᠯ᠎ᠠ ᠰᠠᠨᠠᠭᠤᠯᠵᠤ ᠪᠠᠶᠢᠨ᠎ᠠ ᠃  ᠪᠢᠳᠡ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠦᠶ᠎ᠡ ᠃ ᠪᠦᠭᠦ ᠪᠥᠮᠪᠥᠷᠴᠡᠭ ᠤᠨ ᠵᠠᠰᠠᠯᠲᠠ ᠶᠢ ᠴᠢᠩᠭᠠᠳᠬᠠᠬᠤ ᠪᠣᠯ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠵᠥᠪ ᠰᠣᠩᠭᠤᠯᠲᠠ ᠮᠥᠨ ᠃ ᠤᠯᠠᠨ ᠤᠯᠤᠰ ᠤᠨ ᠳᠦᠷᠢᠮ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠦᠨᠳᠦᠰᠦᠯᠡᠨ ᠂ ᠤᠯᠠᠨ ᠢᠶᠠᠷ ᠢᠶᠠᠨ ᠬᠠᠮᠲᠤ ᠪᠠᠷ ᠪᠢᠴᠢᠭᠯᠡᠵᠦ ᠂ ᠬᠠᠮᠲᠤ ᠪᠠᠷ ᠬᠠᠮᠠᠭᠠᠯᠠᠬᠤ ᠬᠡᠷᠡᠭᠲᠡᠢ ᠂ ᠬᠡᠨ ᠤ ᠬᠦᠴᠦᠨ ᠨᠢ ᠶᠡᠭᠡ ᠂ ᠲᠠᠭᠤ ᠨᠢ ᠥᠨᠳᠥᠷ ᠪᠣᠯ ᠳᠠᠷᠤᠢ ᠲᠡᠭᠦᠨ ᠤ ᠬᠡᠯᠡᠭᠰᠡᠨ ᠢᠶᠠᠷ ᠶᠠᠪᠤᠵᠤ ᠪᠤᠯᠬᠤ ᠦᠭᠡᠢ ᠃ ᠨᠠᠩ ᠴᠤ ᠰᠦᠯᠪᠡᠭᠡᠯᠡᠨ ᠪᠦᠯᠦᠭᠯᠡᠵᠦ ᠂ ᠣᠯᠠᠨ ᠤᠯᠤᠰ ᠤᠨ ᠳᠦᠷᠢᠮ ᠢ ᠥᠪᠡᠷ ᠤᠨ ︽ ᠭᠡᠷ ᠤᠨ ᠬᠠᠤᠯᠢ ᠪᠦᠯᠦᠭᠲᠡᠨ ᠤ ᠳᠦᠷᠢᠮ ︾ ᠢᠶᠠᠷ ᠢᠶᠠᠨ ᠣᠷᠣᠯᠠᠭᠤᠯᠵᠤ ᠪᠤᠯᠬᠤ ᠦᠭᠡᠢ ᠃ ᠠᠯᠳᠠᠨ ᠲᠣᠭᠤᠰᠭ᠋᠎ᠠ ᠤᠯᠤᠰ ᠤᠳ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠨ ᠴᠢᠩᠭᠠᠳᠬᠠᠵᠤ ᠂ ︽ ᠵᠢᠵᠢᠭ ᠪᠦᠯᠭᠦᠮ ︾ ᠂ ︽ ᠵᠢᠵᠢᠭ ᠪᠦᠯᠦᠭᠯᠡᠯ ︾ ᠪᠠᠶᠢᠭᠤᠯᠬᠤ ᠶᠢ ᠡᠰᠡᠷᠭᠦᠴᠡᠶ᠎ᠡ ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠤᠯᠠᠨ ᠤᠯᠤᠰ ᠤᠨ ᠮᠥᠩᠭᠦᠨ ᠭᠦᠢᠯᠭᠡᠭᠡᠨ ᠵᠣᠭᠤᠰᠤᠨ ᠤ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ ᠂ ᠬᠥᠭᠵᠢᠵᠦ ᠪᠠᠶᠢᠭ᠎ᠠ ᠤᠯᠤᠰ ᠤᠳ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠶ᠎ᠡ ᠃ ᠪᠢᠳᠡ ᠨᠡᠭᠡᠭᠡᠯᠲᠡᠲᠡᠢ ᠪᠠᠭᠲᠠᠭᠠᠮᠵᠢᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ ᠂ ︽ ᠠᠯᠳᠠᠨ ᠲᠣᠭᠤᠰᠭ᠋᠎ᠠ ᠤᠯᠤᠰ ᠤᠳ + ︾ ᠶᠢᠨ ᠬᠠᠮᠲᠤᠷᠠᠯᠴᠠᠭ᠎ᠠ ᠶᠢ ᠰᠠᠶᠢᠲᠤᠷ ᠠᠰᠢᠭᠯᠠᠵᠤ ᠂ ᠪᠦᠷᠢᠯᠳᠦᠭᠦᠨ ᠢᠶᠠᠨ ᠥᠷᠭᠡᠳᠬᠡᠬᠦ ᠠᠬᠢᠴᠠ ᠶᠢ ᠲᠦᠷᠭᠡᠳᠬᠡᠵᠦ ᠂ ᠨᠡᠩ ᠤᠯᠠᠨ ᠤᠯᠤᠰ ᠢ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠳᠤ ᠣᠷᠣᠭᠤᠯᠵᠤ ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ ᠂ ᠤᠯᠠᠨ ᠤ ᠬᠦᠴᠦᠨ ᠢ ᠨᠢᠭᠲᠠᠷᠠᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ ᠭᠡᠵᠦ ᠴᠢᠬᠤᠯᠠᠴᠢᠯᠠᠪᠠ ᠃  ᠰᠢ  ᠶᠢᠨ ᠫᠢᠩ ᠬᠠᠮᠤᠭ ᠤᠨ ᠰᠡᠭᠦᠯ ᠳᠤ ᠂ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠳᠡᠯᠡᠬᠡᠢ ᠶᠢᠨ ᠶᠣᠰᠣ ᠵᠢᠷᠤᠮ ᠢ ᠪᠠᠷᠢᠮᠲᠠᠯᠠᠵᠤ ᠂ ᠲᠠᠪᠤᠨ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ ᠂ ᠯᠠᠪᠲᠠᠢ ᠯᠠᠪᠳᠠᠭᠤᠨ ᠢᠶᠠᠷ ᠬᠤᠯᠠ ᠠᠶᠠᠯᠠᠵᠤ ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠲᠠᠢ ᠬᠠᠮᠲᠤ ᠪᠠᠷ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠴᠢᠩᠭᠠᠳᠬᠠᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠠᠯᠳᠠᠨ ᠲᠣᠭᠤᠰᠭ᠋᠎ᠠ ᠤᠯᠤᠰ ᠤᠳ ᠤᠨ ᠬᠠᠷᠢᠭᠤᠴᠠᠯᠭ᠎ᠠ ᠪᠠᠷ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ ᠂ ᠠᠯᠳᠠᠨ ᠲᠣᠭᠤᠰᠭ᠋᠎ᠠ ᠤᠯᠤᠰ ᠤᠳ ᠤᠨ ᠡᠭᠦᠷᠭᠡᠯᠡᠯ ᠢᠶᠠᠷ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠂ ᠣᠳᠣᠬᠢᠴᠢᠯᠠᠯᠲᠠ ᠶᠢᠨ ᠲᠡᠷᠲᠡᠭᠡ ᠡᠷᠭᠢ ᠵᠦᠭ ᠬᠠᠮᠲᠤ ᠪᠠᠷ ᠤᠷᠤᠭᠰᠢᠯᠠᠨ᠎ᠠ ᠭᠡᠵᠦ ᠴᠢᠬᠤᠯᠠᠴᠢᠯᠠᠪᠠ ᠃  ᠯᠠᠮᠠᠹᠦ᠋ᠰᠠ ᠂ ᠯᠦᠯᠠ ᠂ ᠫᠦᠲ᠋ᠢᠨ ᠂ ᠮᠦᠸᠧᠳᠢ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠣᠯᠣᠭᠰᠠᠨ ᠢᠳᠡᠪᠬᠢᠲᠡᠢ ᠠᠬᠢᠴᠠ ᠶᠢ ᠳᠡᠭᠡᠳᠦ ᠬᠡᠮᠵᠢᠶ᠎ᠡ ᠪᠠᠷ ᠦᠨᠡᠯᠡᠪᠡ ᠃ ᠭᠠᠵᠠᠷ ᠣᠷᠣᠨ ᠤ ᠤᠯᠤᠰ ᠲᠦᠷᠦ ᠶᠢᠨ ᠮᠥᠷᠭᠦᠯᠳᠦᠭᠡᠨ ᠂ ᠳᠡᠯᠡᠬᠡᠢ ᠶᠢᠨ ᠠᠵᠤ ᠠᠬᠤᠢ ᠶᠢᠨ ᠬᠦᠴᠢᠷᠳᠡᠯ ᠵᠡᠷᠭᠡ ᠶᠢᠨ ᠨᠥᠯᠥᠭᠡ ᠪᠠᠷ ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠡᠳᠦᠷ ᠢᠷᠡᠬᠦᠶ᠎ᠡ ᠬᠦᠨᠳᠦ ᠨᠣᠴᠢᠲᠠᠢ ᠶᠠᠳᠠᠭᠤᠷᠠᠯ ᠂ ᠡᠷᠬᠡ ᠲᠡᠭᠰᠢ ᠪᠤᠰᠤ ᠂ ᠲᠥᠪ ᠭᠤᠤᠯᠴᠢ ᠪᠤᠰᠤ ᠵᠡᠷᠭᠡ ᠥᠷᠢᠰᠦᠯᠳᠦᠭᠡᠨ ᠳᠤ ᠲᠤᠯᠭᠠᠷᠠᠵᠤ ᠂ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠠᠯᠳᠠᠨ ᠲᠣᠭᠤᠰᠭ᠋᠎ᠠ ᠤᠯᠤᠰ ᠤᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠪᠣᠯᠣᠨ ᠡᠷᠬᠡ ᠲᠡᠭᠰᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ ᠃ 20 ᠭᠠᠷᠤᠢ ᠤᠯᠤᠰ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ  ᠳᠤ  ᠨᠢ ᠣᠷᠣᠬᠤ ᠪᠠᠷ ᠭᠤᠶᠤᠴᠢᠯᠠᠭᠰᠠᠨ ᠨᠢ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠠᠮᠢᠵᠢᠷᠠᠯ ᠤᠨ ᠬᠦᠴᠦᠨ ᠂ ᠲᠠᠲᠠᠬᠤ ᠬᠦᠴᠦᠨ ᠵᠢᠴᠢ ᠳᠡᠯᠡᠬᠡᠢ ᠶᠢᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠦᠨ᠎ᠡ ᠦᠷᠳᠡᠭ ᠢ ᠭᠦᠢᠴᠡᠳ ᠢᠯᠡᠷᠡᠭᠦᠯᠪᠡ ᠃ ᠠᠯᠳᠠᠨ ᠲᠣᠭᠤᠰᠭ᠋᠎ᠠ ᠤᠯᠤᠰ ᠤᠳ ᠪᠦᠯᠬᠦᠮᠳᠡᠯ ᠢᠶᠠᠨ ᠴᠢᠩᠭᠠᠳᠬᠠᠵᠤ ᠂ ᠨᠡᠭᠡᠭᠡᠯᠲᠡᠲᠡᠢ ᠪᠠᠭᠲᠠᠭᠠᠮᠵᠢᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ ᠂ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠬᠦ ᠠᠬᠢᠴᠠ ᠶᠢ ᠲᠦᠷᠭᠡᠳᠬᠡᠵᠦ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢᠨ ᠨᠡᠩ ᠪᠠᠭᠲᠠᠭᠠᠮᠵᠢᠲᠠᠢ ᠂ ᠨᠡᠩ ᠡᠷᠬᠡ ᠲᠡᠭᠰᠢ ᠂ ᠨᠡᠩ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ ᠂ ᠤᠯᠠᠨ ᠲᠠᠯᠠᠲᠤ ᠪᠠᠶᠢᠭᠤᠯᠤᠮᠵᠢ ᠶᠢ ᠰᠡᠷᠭᠦᠭᠡᠨ ᠥᠭᠡᠷᠡᠴᠢᠯᠡᠵᠦ ᠂ ᠳᠡᠯᠡᠬᠡᠢ ᠶᠢᠨ ᠤᠯᠠᠨ ᠲᠤᠶᠢᠯᠵᠢᠯᠳᠠ ᠶᠢᠨ ᠠᠬᠢᠴᠠ ᠶᠢ ᠠᠬᠢᠭᠤᠯᠵᠤ ᠂ ᠲᠡᠭᠦᠨ ᠢ ᠳᠡᠯᠡᠬᠡᠢ ᠶᠢᠨ ᠣᠯᠠᠩᠬᠢ ᠲᠣᠭᠠᠨ ᠤ ᠠᠷᠠᠳ ᠲᠦᠮᠡᠨ ᠢ ᠲᠥᠯᠥᠭᠡᠯᠡᠵᠦ ᠪᠠᠶᠢᠭ᠎ᠠ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠳᠤ ᠨᠡᠩ ᠨᠡᠶᠢᠴᠡᠭᠦᠯᠪᠡᠯ ᠵᠣᠬᠢᠨ᠎ᠠ ᠃ ᠠᠯᠳᠠᠨ ᠲᠣᠭᠤᠰᠭ᠋᠎ᠠ ᠤᠯᠤᠰ ᠤᠳ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠤ ᠂ ᠡᠯ᠎ᠡ ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠨ ᠡᠵᠡᠨ ᠮᠡᠳᠡᠨ ᠰᠣᠩᠭᠤᠬᠤ ᠶᠢ ᠬᠦᠨᠳᠦᠳᠬᠡᠪᠡᠯ ᠵᠣᠬᠢᠨ᠎ᠠ ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠰᠢᠰᠲ᠋ᠧᠮ ᠨᠢ ᠭᠠᠵᠠᠷ ᠣᠷᠣᠨ ᠤ ᠤᠯᠤᠰ ᠲᠦᠷᠦ ᠶᠢᠨ ᠥᠷᠢᠰᠦᠯᠳᠦᠭᠡᠨ ᠤ ᠪᠠᠭᠠᠵᠢ ᠪᠣᠯᠵᠤ ᠪᠤᠯᠬᠤ ᠦᠭᠡᠢ ᠂ ᠤᠯᠠᠨ ᠤᠯᠤᠰ ᠤᠨ ᠮᠥᠩᠭᠦᠨ ᠭᠦᠢᠯᠭᠡᠭᠡᠨ ᠵᠣᠭᠤᠰᠤᠨ ᠤ ᠰᠢᠰᠲ᠋ᠧᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠤᠯᠤᠰ ᠪᠠ ᠬᠥᠭᠵᠢᠵᠦ ᠪᠠᠶᠢᠭ᠎ᠠ ᠤᠯᠤᠰ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ ᠂ ᠦᠷᠭᠦᠯᠵᠢᠯᠡᠬᠦ ᠬᠥᠭᠵᠢᠯᠲᠡ ᠪᠠ ᠪᠠᠭᠲᠠᠭᠠᠮᠵᠢᠲᠤ ᠴᠢᠨᠠᠷ ᠤᠨ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ ᠂ ᠲᠠᠪᠤᠨ ᠤᠯᠤᠰ ᠤᠨ ᠪᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠶᠢ ᠠᠬᠢᠭᠤᠯᠪᠠᠯ ᠵᠣᠬᠢᠨ᠎ᠠ ᠭᠡᠵᠦ ᠡᠯ᠎ᠡ ᠲᠠᠯ᠎ᠠ ᠶᠢᠨ ᠬᠢᠨ ᠦᠵᠡᠪᠡ ᠃  ᠠᠭᠤᠯᠵᠠᠯᠲᠠ ᠶᠢᠨ ᠬᠤᠭᠤᠴᠠᠭᠠᠨ ᠳᠤ ᠂ ᠲᠠᠪᠤᠨ ᠤᠯᠤᠰ ᠤᠨ ᠤᠳᠤᠷᠢᠳᠬᠤ ᠬᠥᠮᠥᠰ ᠪᠠᠰᠠ ᠠᠯᠳᠠᠨ ᠲᠣᠭᠤᠰᠭ᠋᠎ᠠ ᠤᠯᠤᠰ ᠤᠳ ᠤᠨ ᠬᠤᠯᠪᠣᠭᠳᠠᠯ ᠪᠦᠬᠦᠢ ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠪᠠ ᠃  ᠼᠠᠢ ᠴᠢ ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号