ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 24 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 8 ᠰᠠᠷ᠎ᠠ ᠶᠢᠨ 24 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ | ᠤᠳᠠᠭ᠎ᠠ ᠶᠢᠨ ᠠᠭᠤᠯᠵᠠᠯᠲᠠ ᠶᠢᠨ ᠣᠨᠴᠠᠭᠠᠢ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠪᠠ ᠃ | ᠬᠤᠷᠠᠯ ᠠᠴᠠ ᠂ ᠰᠠᠦ᠋ᠳᠢ ᠠᠷᠠᠪ ᠂ ᠶᠧᠵᠢᠫᠲ ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠂ ᠠᠷᠭᠧᠨ᠋ᠲ᠋ᠢᠨ ᠂ | ᠢᠷᠠᠨ ᠂ ᠡᠸ᠋ᠽᠢᠤᠫᠢᠶ᠎ᠠ ᠶᠢ ᠵᠢᠩᠬᠢᠨᠢ ᠪᠠᠷ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠶᠢᠨ | ᠪᠦᠷᠢᠯᠳᠦᠭᠦᠨ ᠪᠤᠯᠭᠠᠬᠤ ᠪᠠᠷ ᠤᠷᠢᠭᠰᠠᠨ ᠢ ᠨᠡᠶᠢᠲᠡᠯᠡᠪᠡ ᠃ | ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠰᠢ ᠶᠢᠨ ᠫᠢᠩ ᠂ ᠠᠯᠳᠠᠨ ᠲᠣᠭᠤᠰᠭ᠋᠎ᠠ ᠤᠯᠤᠰ ᠤᠳ ᠪᠣᠯ | ᠴᠥᠮ ᠴᠢᠬᠤᠯᠠ ᠨᠥᠯᠥᠭᠡ ᠲᠠᠢ ᠤᠯᠤᠰ ᠤᠳ ᠪᠠᠶᠢᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ | ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ ᠃ ᠲᠤᠰ ᠤᠳᠠᠭ᠎ᠠ ᠶᠢᠨ ᠠᠭᠤᠯᠵᠠᠯᠲᠠ ᠳᠤᠮᠳᠠ ᠂ ᠪᠢᠳᠡ | ᠣᠳᠣᠬᠠᠨ ᠤ ᠳᠡᠯᠡᠬᠡᠢ ᠶᠢᠨ ᠪᠠᠶᠢᠳᠠᠯ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠡᠷᠭᠡ | ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ ᠂ ᠥᠷᠭᠡᠨ ᠳᠡᠯᠭᠡᠷ ᠬᠠᠮᠲᠤ ᠶᠢᠨ | ᠲᠠᠨᠢᠯᠲᠠ ᠲᠠᠢ ᠪᠣᠯᠵᠤ ᠂ ᠲᠦᠷᠦᠭᠦᠴᠦᠳ ᠤᠨ ᠬᠤᠷᠠᠯ ᠤᠨ ᠲᠤᠩᠬᠠᠭ ᠢ ᠨᠡᠶᠢᠲᠡᠯᠡᠵᠦ ᠂ ᠦᠯᠡᠮᠵᠢ ᠦᠷ᠎ᠡ ᠪᠦᠲᠦᠭᠡᠯ | ᠣᠯᠪᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠰᠠᠦ᠋ᠳᠢ ᠠᠷᠠᠪ ᠂ ᠶᠧᠵᠢᠫᠲ ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠂ ᠠᠷᠭᠧᠨ᠋ᠲ᠋ᠢᠨ ᠂ | ᠢᠷᠡᠨ ᠂ ᠡᠸ᠋ᠽᠢᠤᠫᠢᠶ᠎ᠠ ᠶᠢ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠶᠢᠨ ᠪᠦᠷᠢᠯᠳᠦᠭᠦᠨ | ᠪᠤᠯᠭᠠᠬᠤ ᠪᠠᠷ ᠤᠷᠢᠭᠰᠠᠨ ᠢ ᠲᠠᠪᠤᠨ ᠤᠯᠤᠰ ᠤᠨ ᠤᠳᠤᠷᠢᠳᠬᠤ ᠬᠥᠮᠥᠰ ᠰᠠᠨᠠᠯ ᠨᠢᠭᠡᠲᠡᠢ ᠵᠥᠪᠰᠢᠶᠡᠷᠡᠪᠡ ᠃ | ᠳᠤᠮᠳᠠᠳᠤ ᠤᠯᠤᠰ ᠡᠳᠡᠭᠡᠷ ᠤᠯᠤᠰ ᠲᠤ ᠪᠠᠶᠠᠷ ᠬᠦᠷᠭᠡᠵᠦ ᠂ ᠲᠡᠷᠢᠭᠦᠯᠡᠭᠴᠢ ᠤᠯᠤᠰ ᠡᠮᠦᠨᠡᠲᠦ ᠠᠹᠷᠢᠺᠠ ᠪᠣᠯᠣᠨ | ᠶᠡᠷᠦᠩᠬᠡᠶᠢᠯᠡᠭᠴᠢ ᠯᠠᠮᠠᠹᠦ᠋ᠰᠠ ᠶᠢᠨ ᠭᠠᠷᠭᠠᠭᠰᠠᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ | ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠤᠳᠠᠭ᠎ᠠ ᠶᠢᠨ ᠪᠦᠷᠢᠯᠳᠦᠭᠦᠨ ᠢᠶᠠᠨ ᠥᠷᠭᠡᠳᠬᠡᠭᠰᠡᠨ ᠨᠢ ᠲᠡᠦᠬᠡᠲᠦ ᠴᠢᠨᠠᠷᠲᠠᠢ | ᠶᠠᠪᠤᠳᠠᠯ ᠪᠠᠶᠢᠵᠤ ᠂ ᠠᠯᠳᠠᠨ ᠲᠣᠭᠤᠰᠭ᠋᠎ᠠ ᠤᠯᠤᠰ ᠤᠳ ᠤᠨ ᠬᠥᠭᠵᠢᠵᠦ ᠪᠠᠶᠢᠭ᠎ᠠ ᠤᠯᠤᠰ ᠲᠠᠢ ᠪᠦᠯᠬᠦᠮᠳᠡᠨ | ᠬᠠᠮᠲᠤᠷᠠᠯᠴᠠᠬᠤ ᠵᠣᠷᠢᠭ ᠢ ᠢᠯᠡᠷᠡᠭᠦᠯᠵᠦ ᠂ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ ᠂ ᠰᠢᠨ᠎ᠡ ᠪᠠᠷ | ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ | ᠲᠤᠰᠠ ᠲᠠᠢ ᠨᠡᠶᠢᠴᠡᠵᠦ ᠪᠠᠶᠢᠨ᠎ᠠ ᠃ ᠡᠨᠡ ᠤᠳᠠᠭ᠎ᠠ ᠪᠦᠷᠢᠯᠳᠦᠭᠦᠨ ᠢᠶᠠᠨ ᠥᠷᠭᠡᠳᠬᠡᠭᠰᠡᠨ ᠨᠢ ᠮᠥᠨ ᠴᠦ ᠠᠯᠳᠠᠨ | ᠲᠣᠭᠤᠰᠭ᠋᠎ᠠ ᠶᠢᠨ ᠬᠠᠮᠲᠤᠷᠠᠯᠴᠠᠭᠠᠨ ᠤ ᠰᠢᠨ᠎ᠡ ᠭᠠᠷᠤᠭ᠎ᠠ ᠪᠠᠶᠢᠵᠤ ᠂ ᠠᠯᠳᠠᠨ ᠲᠣᠭᠤᠰᠭ᠋᠎ᠠ ᠶᠢᠨ ᠬᠠᠮᠲᠤᠷᠠᠯᠴᠠᠭᠠᠨ ᠤ | ᠲᠣᠭᠲᠠᠴᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠶᠢᠨ ᠬᠦᠴᠦᠨ ᠢ ᠤᠯᠠᠮ ᠪᠤᠵᠠᠭᠠᠶᠢᠷᠠᠭᠤᠯᠬᠤ ᠪᠣᠯᠣᠨ᠎ᠠ ᠃ ᠪᠢᠳᠡ ᠰᠡᠳᠬᠢᠯ ᠨᠢᠭᠡᠳᠦᠨ ᠬᠦᠴᠦᠨ ᠢᠶᠠᠨ | ᠬᠠᠮᠲᠤᠳᠬᠠᠳᠠᠭ ᠯᠠ ᠶᠤᠮ ᠪᠣᠯ ᠠᠯᠳᠠᠨ ᠲᠣᠭᠤᠰᠭ᠋᠎ᠠ ᠶᠢᠨ ᠬᠠᠮᠲᠤᠷᠠᠯᠴᠠᠭ᠎ᠠ ᠶᠡᠭᠡ ᠶᠢ ᠪᠦᠲᠦᠭᠡᠵᠦ ᠪᠣᠯᠣᠨ᠎ᠠ ᠂ | ᠠᠯᠳᠠᠨ ᠲᠣᠭᠤᠰᠭ᠋᠎ᠠ ᠤᠯᠤᠰ ᠤᠳ ᠤᠨ ᠢᠷᠡᠭᠡᠳᠦᠢ ᠰᠠᠶᠢᠨ ᠰᠠᠶᠢᠬᠠᠨ ᠪᠠᠶᠢᠵᠤ ᠴᠢᠳᠠᠨ᠎ᠠ ᠭᠡᠳᠡᠭ ᠢ ᠪᠢ ᠢᠲᠡᠭᠡᠵᠦ | ᠪᠠᠶᠢᠨ᠎ᠠ ᠃ ᠪᠢᠳᠠ ᠬᠠᠮᠲᠤ ᠪᠠᠷ ᠴᠢᠷᠮᠠᠶᠢᠵᠤ ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ | ᠪᠠᠶᠢᠭ᠎ᠠ ᠤᠯᠤᠰ ᠤᠨ ᠪᠦᠯᠬᠦᠮᠳᠡᠨ ᠬᠠᠮᠲᠤᠷᠠᠯᠴᠠᠵᠤ ᠬᠥᠭᠵᠢᠯᠲᠡ ᠶᠢ ᠡᠷᠢᠯᠬᠢᠯᠡᠭᠰᠡᠨ ᠰᠢᠨ᠎ᠡ ᠬᠠᠭᠤᠳᠠᠰᠤ ᠶᠢ | ᠪᠢᠴᠢᠭᠯᠡᠶ᠎ᠡ ᠴᠢᠬᠤᠯᠠᠴᠢᠯᠠᠪᠠ ᠃ | ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠬᠤᠷᠠᠯ ᠢ ᠡᠷᠭᠢᠯᠡᠵᠦ ᠂ ᠪᠷᠠᠽᠢᠯ ᠤᠨ ᠶᠡᠷᠦᠩᠬᠡᠶᠢᠯᠡᠭᠴᠢ | ᠯᠦᠯᠠ ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠪᠣᠯᠣᠨ ᠣᠷᠣᠰ ᠤᠨ ᠶᠡᠷᠦᠩᠬᠡᠶᠢᠯᠡᠭᠴᠢ ᠫᠦᠲ᠋ᠢᠨ ︵ | ᠰᠦᠯᠵᠢᠶᠡᠨ ᠳᠡᠭᠡᠷ᠎ᠡ ︶ ᠬᠤᠷᠠᠯ ᠳᠤ ᠣᠷᠣᠯᠴᠠᠪᠠ ᠃ | ᠬᠤᠷᠠᠯ ᠠᠴᠠ ︽ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠲᠠᠪᠤᠳᠤᠭᠠᠷ | ᠤᠳᠠᠭ᠎ᠠ ᠶᠢᠨ ᠠᠭᠤᠯᠵᠠᠯᠲᠠ ᠶᠢᠨ ᠶᠤᠬᠠᠨᠨᠧᠰᠪᠦ᠋ᠷᠡᠭ ᠤᠨ ᠲᠤᠩᠬᠠᠭ ︾ ᠢ ᠪᠠᠲᠤᠯᠠᠵᠤ ᠨᠡᠶᠢᠲᠡᠯᠡᠪᠡ ᠃ | ᠼᠠᠢ ᠴᠢ ᠂ ᠸᠠᠩ ᠢ ᠨᠠᠷ ᠬᠤᠷᠠᠯ ᠳᠤ ᠣᠷᠣᠯᠴᠠᠵᠠᠢ ᠃ | |