ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠭᠡᠨ ᠤᠮᠳᠠᠭᠠᠨ ᠢ ᠰᠢᠨ᠎ᠡ ᠪᠠᠷ ᠬᠥᠭᠵᠢᠭᠦᠯᠪᠡ ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠤᠯ ᠰᠡᠳᠦᠪᠲᠦ ᠴᠤᠭᠯᠠᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/8/28
  ᠥᠪᠥᠷ ᠮᠣᠩᠭᠤᠯ ᠤᠨ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠰᠣᠶᠣᠯ ᠤᠨ ᠠᠭᠤᠯᠤᠭᠳᠠᠬᠤᠨ ᠢ ᠤᠯᠠᠮ ᠨᠢᠭᠡ ᠠᠯᠬᠤᠮ ᠠᠭᠤᠳᠠᠯᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠪᠠᠩᠬᠢ ᠲᠠᠢ ᠬᠤᠯᠪᠣᠭᠠᠯᠠᠨ 8 ᠳ᠋ᠤᠭᠠᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ ︽ᠥᠪᠥᠷ ᠮᠣᠩᠭᠤᠯ ᠢᠶᠠᠨ ᠭᠠᠶᠢᠬᠠᠭᠤᠯᠬᠤ︾ 2023 ᠣᠨ ᠤ ᠠᠮᠲᠠᠲᠤ ᠢᠳᠡᠭᠡᠨ ᠤ ᠨᠠᠶᠢᠷ ᠤᠨ ᠠᠵᠢᠯᠯᠠᠭ᠎ᠠ ᠶᠢ ᠬᠠᠮᠲᠤ ᠪᠠᠷ ᠡᠷᠭᠢᠯᠡᠵᠦ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠤᠯ ᠰᠡᠳᠦᠪᠲᠦ ᠴᠤᠭᠯᠠᠭᠠᠨ ᠤ ᠠᠵᠢᠯᠯᠠᠭ᠎ᠠ ᠶᠢᠨ ᠨᠢᠭᠡ ᠪᠣᠯᠤᠭᠰᠠᠨ ᠤ ᠬᠤᠪᠢ ᠳᠤ᠂ 8 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠬᠥᠬᠡᠬᠤᠲᠠ ᠳᠤ ᠠᠮᠵᠢᠯᠲᠠ ᠲᠠᠢ ᠶᠠᠪᠤᠭᠳᠠᠪᠠ᠃
8.28-1.jpg
  ᠲᠣᠰ ᠤᠳᠠᠭᠠᠨ ᠤ ᠴᠤᠭᠯᠠᠭᠠᠨ ᠤ ᠠᠵᠢᠯᠯᠠᠭ᠎ᠠ ︽ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠭᠡᠨ ᠤᠮᠳᠠᠭᠠᠨ ᠢ ᠰᠢᠨ᠎ᠡ ᠬᠥᠭᠵᠢᠯᠲᠡ ᠲᠠᠢ ᠪᠣᠯᠭᠠᠬᠤ︾ ᠪᠠᠷ ᠭᠤᠤᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠰᠢᠨ᠎ᠡ ᠠᠷᠭ᠎ᠠ ᠵᠠᠮ ᠢ ᠬᠠᠮᠲᠤ ᠪᠠᠷ ᠶᠠᠷᠢᠯᠴᠠᠬᠤ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠺᠧᠦ ᠸᠧᠨ ᠶᠤᠸᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠲᠣᠰ ᠤᠳᠠᠭᠠᠨ ᠤ ᠠᠵᠢᠯᠯᠠᠭ᠎ᠠ ᠳᠤ ᠪᠠᠰᠠ ᠥᠪᠥᠷ ᠮᠣᠩᠭᠤᠯ ᠪᠠᠩᠬᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠨᠠᠷ ᠪᠤᠢ᠃
8.28-2.jpg
  ᠲᠣᠰ ᠤᠳᠠᠭᠠᠨ ᠤ ᠠᠵᠢᠯᠯᠠᠭ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠰᠤᠳᠤᠯᠬᠤ ᠠᠯᠪᠠᠨ ᠭᠡᠷ ᠤᠨ ᠳᠡᠳ᠋ ᠡᠷᠬᠢᠯᠡᠭᠴᠢ ᠴᠢ ᠶᠦᠨ ᠯᠠᠨ᠂ ᠳᠤᠮᠳᠠᠳᠤ ᠤᠯᠤᠰ ᠤᠨ ᠬᠤᠭᠤᠯᠠ ᠬᠢᠬᠦ ᠨᠡᠶᠢᠭᠡᠮᠯᠢᠭ ᠤᠨ ᠳᠡᠳ᠋ ᠳᠠᠷᠤᠭ᠎ᠠ ᠡᠤ ᠶᠢᠩ ᠵᠡᠷᠭᠡ ᠠᠵᠢᠯ ᠲᠥᠷᠥᠯ ᠤᠨ ᠳᠣᠲᠣᠷᠠᠬᠢ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ᠂ ᠰᠧᠴᠤᠸᠠᠨ ᠤ ᠬᠠᠶ ᠳ᠋ᠢ ᠯᠣᠤ ᠢᠳᠡᠭᠡᠨ ᠤᠮᠳᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠠᠭᠤᠳᠠᠯ᠂ ᠮᠢᠩ ᠷᠧᠨ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠺᠣᠮᠫᠠᠨᠢ ᠵᠡᠷᠭᠡ ᠣᠷᠣᠨ ᠤ ᠳᠣᠲᠤᠷ᠎ᠠ ᠭᠠᠳᠠᠨᠠᠬᠢ ᠰᠢᠯᠢᠳᠡᠭ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠥᠪᠥᠷ ᠮᠣᠩᠭᠤᠯ ᠤᠨ ᠲᠣᠯᠣᠭᠠᠶᠢᠯᠠᠭᠴᠢ ᠳᠡᠯᠭᠡᠭᠦᠷ ᠤᠨ ᠳᠡᠯᠭᠡᠴᠡ᠂ ᠬᠥᠬᠡᠬᠤᠲᠠ ᠶᠢᠨ ᠲᠤᠬᠠᠢ ᠶᠢᠨ ᠭᠠᠵᠠᠷ ᠤᠨ ᠠᠮᠲᠠᠲᠤ ᠢᠳᠡᠭᠡᠨ ᠤ ᠳᠡᠯᠭᠡᠭᠦᠷ ᠤᠨ ᠦᠵᠡᠰᠬᠦᠯᠡᠩ ᠤᠨ ᠡᠵᠡᠨ ᠰᠢᠶᠤᠤ ᠬᠤᠸᠠ ᠣᠷᠣᠯᠴᠠᠵᠠᠶ᠃ ᠭᠤᠣᠯ ᠵᠤᠷᠢᠯᠲᠠ ᠶᠢᠨ ᠶᠠᠷᠢᠶ᠎ᠠ ᠢᠯᠡᠳᠬᠡᠯ ᠰᠠᠯᠤᠨ ᠶᠠᠷᠢᠯᠴᠠᠬᠤ᠂ ᠰᠢᠯᠢᠳᠡᠭ ᠬᠡᠷᠡᠭ ᠤᠨ ᠵᠢᠱᠢᠶᠠᠯᠠᠬᠤ ᠶᠢ ᠬᠤᠪᠢᠶᠠᠯᠴᠠᠨ ᠡᠳ᠋ᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠤ ᠤᠬᠠᠭᠠᠨ ᠢ     ᠲᠥᠪᠯᠡᠷᠡᠭᠦᠯᠵᠦ᠂ ᠪᠤᠳᠠᠲᠠᠢ ᠠᠷᠭ᠎ᠠ ᠶᠢ ᠵᠥᠪᠯᠡᠵᠦ᠂ ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠬᠤᠭᠤᠯᠠ ᠵᠠᠭᠤᠰᠢ ᠬᠤᠭᠤᠯᠠᠨ ᠬᠡᠷ ᠤᠨ ᠠᠵᠢᠯ ᠲᠥᠷᠥᠯ ᠤᠨ ᠨᠡᠶᠢᠭᠡᠮᠯᠢᠭ ᠤᠨ ᠳᠠᠷᠤᠭ᠎ᠠ ᠨᠢᠦ ᠶᠢᠨ ᠰᠢᠶᠠᠩ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠪᠥᠬᠦ ᠣᠷᠣᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠦᠵᠡᠯᠲᠡ ᠶᠢ ᠨᠢ ᠬᠤᠪᠢᠷᠠᠭᠤᠯᠤᠨ᠂ ᠪᠣᠳᠠᠲᠠᠶ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃
8.28-3.jpg
      ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠨᠡᠶᠢᠭᠡᠮᠯᠢᠭ᠂ 40 ᠭᠠᠷᠤᠶ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃ 
 
ᠢᠷᠡᠯᠲᠡ᠄ ᠦᠢᠯᠡᠴᠢᠯᠡᠭᠡᠨ ᠤ ᠠᠷᠠᠯᠵᠢᠶᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号