︽ᠥᠪᠥᠷ ᠮᠣᠩᠭᠤᠯ ᠤᠨ ᠦᠨᠦᠷ ᠠᠮᠲᠠ ᠶᠢ ᠡᠷᠢᠯᠬᠢᠯᠡᠬᠦ︾ 2023 ᠣᠨ ᠤ ᠠᠮᠲᠠᠲᠤ ᠢᠳᠡᠭᠡᠨ ᠤ ᠠᠵᠢᠯᠯᠠᠭ᠎ᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/8/29
  ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠪᠠᠩᠬᠢ ᠲᠠᠢ ᠬᠠᠮᠲᠤᠷᠠᠨ 2023 ᠣᠨ ᠤ 8 ᠳ᠋ᠤᠭᠠᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ ︽ᠥᠪᠥᠷ ᠮᠣᠩᠭᠤᠯ ᠤᠨ ᠦᠨᠦᠷ ᠠᠮᠲᠠ ᠶᠢ ᠡᠷᠢᠯᠬᠢᠯᠡᠬᠦ︾ ᠠᠵᠢᠯᠯᠠᠭ᠎ᠠ ᠶᠢ ᠥᠷᠨᠢᠭᠦᠯᠪᠡ᠃ 8 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ︽ᠥᠪᠥᠷ ᠮᠣᠩᠭᠤᠯ ᠤᠨ ᠦᠨᠦᠷ ᠠᠮᠲᠠ ᠶᠢ ᠡᠷᠢᠯᠬᠢᠯᠡᠬᠦ︾ ᠠᠮᠲᠠᠲᠤ ᠢᠳᠡᠭᠡᠨ ᠤ ᠠᠵᠢᠯᠯᠠᠭ᠎ᠠ ᠶᠢ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠶᠡᠭᠡ ᠵᠤᠤ ᠲᠠᠯᠠᠪᠠᠶ ᠳᠤ ᠡᠬᠢᠯᠡᠬᠦᠯᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠬᠠᠶ ᠶᠢᠨ ᠲᠠᠯᠠᠪᠠᠶ ᠳᠤ ᠠᠮᠲᠠᠲᠤ ᠢᠳᠡᠭᠡᠨ ᠢ ᠬᠢᠬᠦ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠰᠣᠶᠣᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠬᠢᠭᠡᠳ ᠬᠤᠭᠤᠯᠠᠨ ᠭᠡᠷ ᠤᠨ ᠠᠵᠢᠯ ᠲᠥᠷᠥᠯ ᠤᠨ ᠨᠡᠶᠢᠭᠡᠮᠯᠢᠭ ︽ᠬᠤᠭᠤᠯᠠᠨ ᠲᠠᠪᠠᠭ ᠢᠶᠠᠨ ᠬᠤᠭᠤᠰᠯᠠᠬᠤ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ︾ ᠰᠠᠨᠠᠭᠠᠴᠢᠯᠠᠭ᠎ᠠ ᠶᠢ ᠨᠡᠶᠢᠲᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋᠂ ᠥᠪᠥᠷ ᠮᠣᠩᠭᠤᠯ ᠪᠠᠩᠬᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠩᠬᠢ ᠶᠢᠨ ᠳᠠᠷᠤᠭ᠎ᠠ ᠭᠦᠸᠧ ᠯᠢᠨ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠣᠶᠣᠯ ᠵᠢᠭᠤᠯᠴᠢᠯᠠᠯ ᠤᠨ ᠲᠢᠩᠬᠢᠮ ᠵᠢᠴᠢ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠶ᠃
8.29-.jpg
  ᠲᠣᠰ ᠤᠳᠠᠭᠠᠨ ᠤ ᠠᠵᠢᠯᠯᠠᠭ᠎ᠠ ᠳᠤ ᠲᠠᠪᠤᠨ ᠶᠡᠭᠡ ᠠᠮᠲᠠᠲᠤ ᠢᠳᠡᠭᠡᠨ ᠤ ᠭᠤᠤᠯ ᠰᠡᠳᠦᠪᠲᠦ ᠵᠡᠭᠡᠯᠢ ᠲᠣᠭᠤᠷᠢᠭ ᠢ ᠭᠠᠷᠭᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 300 ᠭᠠᠷᠤᠶ ᠵᠦᠢᠯ ᠤᠨ ᠤᠨᠴᠠᠯᠢᠬᠳᠤ ᠠᠮᠲᠠᠲᠤ ᠢᠳᠡᠭᠡᠨ ᠢ ᠴᠤᠭᠯᠠᠷᠠᠭᠤᠯᠵᠤ᠂ ᠥᠷᠭᠡᠨ ᠣᠯᠠᠨ ᠵᠣᠴᠢᠳ ᠲᠤ ᠤᠭ ᠦᠨᠦᠷ ᠠᠮᠲᠠ ᠲᠠᠢ ᠥᠪᠥᠷ ᠮᠣᠩᠭᠤᠯ ᠤᠨ ᠠᠮᠲᠠᠲᠤ ᠢᠳᠡᠭᠡᠨ ᠢ ᠳᠡᠯᠭᠡᠨ ᠦᠵᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠣᠯᠠᠨ ᠬᠥᠮᠦᠨ ᠬᠤᠷᠠᠨ ᠴᠤᠭᠯᠠᠷᠠᠵᠤ᠂ ᠬᠥᠷ ᠬᠥᠭᠵᠢᠶᠡᠨ ᠢᠶᠠᠷ ᠪᠢᠯᠬᠠᠵᠤ᠂ ᠬᠥᠮᠦᠨ ᠤᠳᠠᠭ᠎ᠠ ᠶᠢᠨ ᠬᠡᠮᠵᠢᠶ᠎ᠡ 30 ᠲᠦᠮᠡᠨ ᠬᠥᠮᠦᠨ ᠤᠳᠠᠭ᠎ᠠ ᠳᠤ ᠬᠦᠷᠴᠦ᠂ ᠲᠤᠬᠠᠢ ᠶᠢᠨ ᠲᠠᠯᠠᠪᠠᠢ ᠶᠢᠨ ᠪᠣᠷᠣᠯᠠᠭᠤᠯᠭ᠎ᠠ ᠶᠢᠨ ᠬᠡᠮᠵᠢᠶ᠎ᠡ 30 ᠲᠦᠮᠡᠨ ᠲᠥᠭᠦᠷᠢᠭ ᠲᠤ ᠬᠦᠷᠴᠡᠢ᠃ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠦᠨ ᠤ ᠲᠤᠭ᠎ᠠ 60 ᠲᠦᠮᠡᠨ ᠬᠥᠮᠦᠨ ᠤᠳᠠᠭ᠎ᠠ ᠳᠤ ᠬᠦᠷᠴᠦ᠂ ᠭᠤᠣᠯᠯᠠᠭᠴᠢ ᠪᠢᠴᠢᠯ ᠸᠢᠳᠢᠤ᠋ ᠶᠢᠨ ᠲᠠᠪᠴᠠᠩ ᠤᠨ ᠭᠤᠤᠯ ᠨᠡᠪᠲᠡᠷᠡᠭᠦᠯᠭᠡ ᠳᠠᠬᠢ ᠬᠠᠮᠢᠶ᠎ᠠ ᠪᠥᠬᠦᠶ ᠦᠵᠡᠭᠰᠡᠨ ᠬᠡᠮᠵᠢᠶ᠎ᠡ 111 ᠲᠦᠮᠡ ᠶᠢ ᠳᠠᠪᠠᠵᠤ᠂ ᠲᠣᠰ ᠬᠤᠲᠠ ᠶᠢᠨ ᠨᠡᠷᠡᠰ ᠤᠨ ᠬᠠᠯᠠᠭᠤᠷᠠᠯ ᠵᠢᠭᠰᠠᠭᠠᠯᠲᠠ ᠳᠤ ᠦᠷᠭᠦᠯᠵᠢᠯᠡᠨ ᠪᠠᠶᠢᠷᠢ ᠡᠵᠡᠯᠡᠪᠡ᠃ 
 
ᠢᠷᠡᠯᠲᠡ᠄ ᠦᠢᠯᠡᠴᠢᠯᠡᠭᠡᠨ ᠤ ᠠᠷᠠᠯᠵᠢᠶ᠎ᠠ ᠪᠠ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号