ᠣᠷᠳᠣᠰ ᠬᠤᠲᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/8/3
      2023 ᠣᠨ ᠳᠤ ᠥᠪᠡᠷᠲᠡᠭᠡᠨ ᠵᠠᠰᠠᠬᠤ ᠣᠷᠣᠨ ᠠᠴᠠ ᠣᠷᠳᠣᠰ ᠬᠤᠲᠠ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ 100 ᠢᠵᠢ / ᠲᠠᠰᠤᠯᠭ᠎ᠠ ᠪᠠᠶᠢᠭᠤᠯᠬᠤ ᠡᠭᠦᠷᠭᠡ ᠪᠠᠭᠤᠯᠭᠠᠵᠤ᠂ ᠪᠦᠭᠦᠳᠡ ᠶᠢ ᠬᠠᠩᠭᠢᠨ ᠬᠤᠰᠢᠭᠤᠨ ᠤ ᠡᠭᠦᠷᠭᠡ ᠪᠣᠯᠭᠠᠨ᠂ ᠬᠠᠩᠭᠢᠨ ᠬᠤᠰᠢᠭᠤ ᠠᠵᠤ ᠠᠬᠤᠶᠢᠯᠠᠯ ᠲᠠᠢ ᠬᠠᠮᠲᠤᠷᠠᠯᠴᠠᠬᠤ ᠪᠠᠷ ᠳᠠᠮᠵᠢᠭᠤᠯᠤᠨ ᠰᠤᠯᠠ ᠲᠠᠯᠪᠢᠭᠳᠠᠵᠤ ᠪᠠᠶᠢᠭ᠎ᠠ ᠂ ᠠᠰᠢᠭᠯᠠᠮᠵᠢ ᠪᠠᠷ ᠳᠣᠣᠷ᠎ᠠ ᠪᠠᠶᠢᠭ᠎ᠠ ᠠᠯᠪᠠᠨ ᠠᠵᠢᠯ ᠤᠨ ᠠᠰᠠᠷ ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠪᠠᠷ     ᠲᠥᠯᠥᠪᠯᠡᠵᠦ᠂ ᠣᠲᠣ ᠬᠠᠩᠭᠢᠨ ᠬᠤᠰᠢᠭᠤᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠠᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃      2023 ᠣᠨ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠨ ᠨᠥᠬᠦᠪᠦᠷᠢ ᠶᠢ 519 ᠡᠷᠦᠬᠡ ᠳᠤ ᠣᠯᠭᠤᠬᠤ ᠡᠭᠦᠷᠭᠡ ᠪᠠᠭᠤᠯᠭᠠᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠨ ᠨᠥᠬᠦᠪᠦᠷᠢ ᠶᠢ ᠨᠡᠶᠢᠲᠡ 654 ᠡᠷᠦᠬᠡ ᠳᠤ ᠲᠠᠷᠬᠠᠭᠠᠵᠤ᠂ 65.04 ᠲᠦᠮᠡᠨ ᠲᠥᠭᠦᠷᠢᠭ ᠲᠠᠷᠬᠠᠭᠠᠨ ᠥᠭᠪᠡ ᠃      ᠪᠥᠬᠦ ᠬᠤᠲᠠ ᠳᠤ ᠨᠡᠶᠢᠲᠡ 37361 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠭᠦᠯᠵᠦ ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 34212 ᠢᠵᠢ ᠣᠷᠣᠨ ᠰᠠᠭᠤᠴᠠ ᠶᠢ ᠬᠤᠪᠢᠶᠠᠷᠢᠯᠠᠨ ᠰᠠᠭᠤᠯᠭᠠᠵᠤ᠂ ᠬᠤᠪᠢᠶᠠᠷᠢᠯᠠᠭᠰᠠᠨ ᠨᠣᠷᠮ᠎ᠠ ᠨᠢ 91.57% ᠳᠤ ᠬᠥᠷᠪᠡ᠃      ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠳᠡᠭᠡᠳᠦ ᠱᠠᠲᠤᠨ ᠤ ᠨᠥᠬᠦᠪᠦᠷᠢ ᠪᠡᠯᠡ ᠮᠥᠩᠭᠦ ᠶᠢ 387 ᠲᠦᠮᠡᠨ ᠲᠥᠭᠦᠷᠢᠭ ︵ᠲᠥᠪ ᠤᠨ ᠨᠥᠬᠦᠪᠦᠷᠢ ᠪᠡᠯᠡ ᠮᠥᠩᠭᠦ 105 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠪᠡᠯᠡ ᠮᠥᠩᠭᠦ 252 ᠲᠦᠮᠡᠨ ᠲᠥᠭᠦᠷᠢᠭ᠂ ᠬᠤᠲᠠ ᠶᠢᠨ ᠲᠣᠰ ᠱᠠᠲᠤᠨ ᠤ ᠨᠥᠬᠦᠪᠦᠷᠢ ᠪᠡᠯᠡ ᠮᠥᠩᠭᠦ 30 ᠲᠦᠮᠡᠨ ᠲᠥᠭᠦᠷᠢᠭ︶ ᠢ ᠴᠢᠷᠮᠠᠶᠢᠨ ᠣᠯᠣᠭᠰᠠᠨ ᠤ ᠬᠠᠮᠲᠤ ᠬᠤᠪᠢᠶᠠᠷᠢᠯᠠᠨ ᠪᠠᠭᠤᠯᠭᠠᠪᠠ᠃  
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号