ᠪᠠᠶᠠᠨᠨᠠᠭᠤᠷ ᠬᠤᠲᠠ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/8/7
      ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ ᠂ ︽ᠬᠥᠬᠡᠮᠳᠦᠭ ᠨᠣᠭᠤᠭᠠᠨ ᠠᠭᠤᠯᠠ ᠤᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠳᠠᠬᠢᠨ ᠪᠣᠶ ᠪᠣᠯᠭᠠᠪᠠ᠃      ᠣᠶᠢᠯᠠᠭᠠᠭᠰᠠᠨ ᠢᠶᠠᠷ᠂ ᠠᠭᠤᠷᠬᠠᠢ ᠶᠢᠨ ᠵᠠᠰᠠᠯᠲᠠ ᠶᠢᠨ ᠲᠠᠯ᠎ᠠ ᠪᠠᠷ᠂ 2016 ᠣᠨ ᠠᠴᠠ ᠨᠠᠭᠠᠰᠢ ᠂ ᠪᠥᠬᠦ ᠬᠤᠲᠠ ᠶᠢᠨ ᠠᠭᠤᠷᠬᠠᠢ ᠶᠢᠨ ᠠᠵᠤ ᠠᠬᠤᠶᠢᠯᠠᠯ 6.17 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠡᠯᠡ ᠮᠥᠩᠭᠦ ᠣᠷᠣᠭᠤᠯᠵᠤ᠂ ᠵᠠᠰᠠᠵᠤ ᠰᠡᠷᠭᠦᠭᠡᠭᠰᠡᠨ ᠲᠠᠯᠠᠪᠠᠶ ᠨᠢ ᠪᠠᠷᠤᠭ 31.69 ᠺᠦᠸᠠᠲ ᠺᠢᠯᠣᠮᠧᠲᠷ ᠲᠤ ᠬᠦᠷᠴᠡᠢ᠃ 2022 ᠣᠨ ᠳᠤ᠂ ᠡᠯ᠎ᠡ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠵᠤ ᠪᠠᠶᠢᠭᠠᠳ ᠠᠭᠤᠷᠬᠠᠢ ᠶᠢᠨ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠮᠠᠯᠲᠠᠵᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠥᠬᠦ ᠬᠤᠲᠠ ᠶᠢᠨ 84 ᠵᠠᠳᠠᠭᠠᠢ ᠠᠭᠤᠷᠬᠠᠢ ᠵᠣᠬᠢᠬᠤ ᠬᠤᠭᠤᠴᠠᠭᠠᠨ ᠤ ᠳᠣᠲᠣᠷ᠎ᠠ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠭᠤᠣᠯ ᠴᠣᠭᠴᠠ ᠶᠢᠨ ᠢᠨᠵᠧᠨᠧᠷᠢᠩ ᠢ ᠪᠦᠬᠦᠨ ᠢ ᠪᠡᠶᠡᠯᠡᠭᠦᠯᠵᠦ᠂ 11.94 ᠺᠦᠸᠠᠲ ᠺᠢᠯᠣᠮᠧᠲᠷ ᠤᠨ ᠲᠠᠯᠠᠪᠠᠶ ᠶᠢ ᠵᠠᠰᠠᠨ ᠰᠡᠷᠭᠦᠭᠡᠵᠦ᠂ ᠪᠠᠷᠤᠭ 3.8 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠡᠯᠡ ᠮᠥᠩᠭᠦ ᠣᠷᠣᠭᠤᠯᠪᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠴᠡᠭᠴᠡᠯᠡᠨ ᠵᠠᠰᠠᠬᠤ ᠲᠠᠯ᠎ᠠ ᠪᠠᠷ᠂ 2016 ᠣᠨ ᠠᠴᠠ ᠨᠠᠭᠠᠰᠢ ᠂ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠠᠴᠠ 2.81 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠭᠤᠷᠬᠠᠢ ᠶᠢᠨ ᠠᠮᠢ ᠠᠬᠤᠢ ᠶᠢ ᠵᠠᠰᠠᠵᠤ ᠰᠡᠷᠭᠦᠭᠡᠬᠦ 24 ᠲᠥᠷᠥᠯ ᠵᠦᠢᠯ ᠢ ᠬᠡᠷᠡᠭᠵᠢᠭᠦᠯᠵᠦ᠂ 46.67 ᠺᠦᠸᠠᠲ ᠺᠢᠯᠣᠮᠧᠲᠷ ᠲᠠᠯᠠᠪᠠᠢ ᠶᠢ ᠵᠠᠰᠠᠵᠤ ᠰᠡᠷᠭᠦᠭᠡᠪᠡ ᠃ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠳᠤ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠠᠭᠲᠠᠭᠠᠵᠤ᠂ 8.38 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 11.75 ᠺᠦᠸᠠᠲ ᠺᠢᠯᠣᠮᠧᠲᠷ ᠤᠨ ᠡᠪᠳᠡᠭᠳᠡᠭᠰᠡᠨ ᠭᠠᠵᠠᠷ ᠰᠢᠷᠣᠢ ᠶᠢ ᠵᠠᠰᠠᠪᠠ᠃ ᠪᠦᠲᠦᠮᠵᠢᠲᠡᠶ ᠵᠠᠰᠠᠯᠲᠠ ᠪᠠᠷ ᠳᠠᠮᠵᠢᠭᠤᠯᠤᠨ ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠂ ᠬᠠᠲᠤᠨ ᠭᠤᠣᠯ ᠤᠨ ᠰᠠᠪᠠ ᠭᠠᠵᠠᠷ ᠤᠨ ᠪᠣᠷᠣᠳᠣᠬᠤᠢ ᠶᠢᠨ ᠲᠠᠯ᠎ᠠ ᠭᠠᠵᠠᠷ ᠤᠨ ᠣᠷᠣᠨ ᠪᠦᠰᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠡᠵᠡᠨ ᠦᠭᠡᠢ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠪᠦᠲᠦᠮᠵᠢᠲᠡᠶ ᠴᠡᠭᠴᠡᠯᠡᠨ ᠵᠠᠰᠠᠭᠰᠠᠨ ᠪᠠ ᠰᠡᠷᠭᠦᠭᠡᠭᠰᠡᠨ ᠪᠠᠶᠢᠨ᠎ᠠ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号