ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ | ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠭᠰᠠᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠠᠶᠤᠯ | ᠭᠠᠮᠰᠢᠭ ᠠᠴᠠ ᠠᠪᠤᠷᠠᠬᠤ᠂ ᠣᠯᠠᠨ ᠲᠦᠮᠡᠨ ᠤ ᠠᠮᠢᠳᠤᠷᠠᠯ ᠢ ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ | ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠶᠠᠷᠢᠯᠴᠠᠨ ᠰᠤᠳᠤᠯᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 8 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 8 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ | ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠠᠯᠬᠤᠮ ᠤᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ᠂ ᠤᠯᠠᠨ ᠲᠦᠮᠡᠨ ᠤ ᠠᠮᠢᠳᠤᠷᠠᠯ ᠢ | ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠠᠷᠭ᠎ᠠ | ᠬᠡᠮᠵᠢᠶ᠎ᠡ ᠶᠢ ᠶᠠᠷᠢᠯᠴᠠᠨ ᠰᠤᠳᠤᠯᠪᠠ᠃ | ᠬᠤᠷᠠᠯ ᠠᠴᠠ ᠂ ᠣᠶᠢᠷ᠎ᠠ ᠶᠢᠨ ᠬᠤᠭᠤᠴᠠᠭᠠᠨ ᠳᠤ ᠲᠠᠶᠢᠹᠧᠩ ᠰᠠᠯᠬᠢ ᠪᠠ ᠰᠢᠷᠦᠭᠦᠨ ᠪᠣᠷᠣᠭᠠᠨ ᠤ | ᠨᠥᠯᠥᠭᠡ ᠪᠠᠷ᠂ ᠬᠡᠰᠡᠭ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ | ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ | ᠡᠯ᠎ᠡ ᠭᠠᠵᠠᠷ ᠤᠨ ᠭᠠᠮᠰᠢᠭᠳᠠᠭᠰᠠᠨ ᠣᠯᠠᠨ ᠲᠦᠮᠡᠨ ᠢ ᠢᠮᠠᠭᠲᠠ ᠰᠠᠨᠠᠭᠠᠯᠵᠠᠵᠤ᠂ ᠣᠯᠠᠨ ᠤᠳᠠᠭ᠎ᠠ ᠴᠢᠬᠤᠯᠠ | ᠵᠢᠭᠠᠪᠤᠷᠢ ᠭᠠᠷᠭᠠᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠢᠯᠤᠭᠤᠳᠴᠤ᠂ ᠠᠶᠤᠯ ᠭᠠᠮᠰᠢᠭ ᠠᠴᠠ | ᠠᠪᠤᠷᠠᠬᠤ᠂ ᠵᠠᠪᠳᠤᠨ ᠵᠠᠰᠠᠵᠤ ᠰᠡᠷᠭᠦᠭᠡᠬᠦ᠂ ᠢᠯᠠᠩᠭᠤᠶ᠎ᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ | ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ | ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ᠣᠳᠣᠬᠠᠨ ᠳᠤ ᠦᠶᠡᠷ ᠤᠨ ᠬᠤᠭᠤᠴᠠᠭ᠎ᠠ ᠮᠥᠨᠴᠦ ᠥᠩᠭᠡᠷᠡᠭᠡᠳᠦᠢ ᠪᠠᠶᠢᠭᠰᠠᠭᠠᠷ᠂ | ᠰᠡᠭᠦᠯᠴᠢ ᠶᠢᠨ ᠬᠤᠭᠤᠴᠠᠭᠠᠨ ᠳᠤ ᠲᠠᠶᠢᠹᠧᠩ ᠰᠠᠯᠬᠢ ᠬᠠᠭᠤᠷᠠᠢ ᠪᠠᠷ ᠳᠠᠭᠠᠷᠢᠨ ᠭᠠᠷᠴᠤ᠂ ᠬᠡᠰᠡᠭ ᠭᠠᠵᠠᠷ ᠲᠤ | ᠰᠢᠷᠦᠭᠦᠨ ᠪᠣᠷᠣᠭᠠᠨ ᠣᠷᠣᠬᠤ ᠪᠣᠯᠣᠯᠴᠠᠭ᠎ᠠ ᠪᠠᠰᠠ ᠪᠠᠶᠢᠵᠤ ᠂ ᠭᠠᠮᠰᠢᠭ ᠠᠴᠠ ᠠᠪᠤᠷᠠᠬᠤ ᠪᠠ ᠭᠠᠮᠰᠢᠭ ᠤᠨ | ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠡᠭᠦᠷᠭᠡ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠ ᠠᠶᠤᠯ ᠭᠠᠮᠰᠢᠭ ᠠᠴᠠ ᠠᠪᠤᠷᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃ ᠶᠡᠭᠡ | ᠦᠶᠡᠷ ᠲᠠᠢ ᠲᠡᠮᠡᠴᠡᠬᠦ᠂ ᠶᠡᠭᠡ ᠠᠶᠤᠯ ᠠᠴᠠ ᠠᠪᠤᠷᠠᠬᠤ ᠳᠤ ᠰᠠᠭᠤᠷᠢᠯᠠᠵᠤ᠂ ᠰᠤᠳᠤᠯᠤᠨ ᠮᠠᠭᠠᠳᠯᠠᠵᠤ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠦᠶᠡᠷ ᠢ | ᠰᠡᠷᠭᠡᠶᠢᠯᠡᠨ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠭᠦᠰᠦᠮᠡᠯ | ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠷᠢᠯᠴᠠᠭ᠎ᠠ ᠲᠠᠰᠤᠷᠠᠭᠰᠠᠨ ᠬᠥᠮᠥᠰ ᠢ ᠦᠷᠭᠦᠯᠵᠢᠯᠡᠨ | ᠪᠥᠬᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ | ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠲᠡᠳᠡᠨ ᠳᠤ ᠢᠳᠡᠬᠦ ᠬᠤᠭᠤᠯᠠ ᠲᠠᠢ᠂ ᠡᠮᠦᠰᠬᠦ | ᠬᠤᠪᠴᠠᠰᠤ ᠲᠠᠢ᠂ ᠲᠦᠷ ᠴᠠᠭ ᠤᠨ ᠣᠷᠣᠨ ᠰᠠᠭᠤᠴᠠ ᠲᠠᠢ᠂ ᠤᠤᠭᠤᠬᠤ ᠴᠡᠪᠡᠷ ᠤᠰᠤ ᠲᠠᠢ᠂ ᠡᠪᠡᠳᠴᠢᠯᠡᠪᠡᠯ ᠴᠠᠭ | ᠲᠤᠬᠠᠢ ᠳᠤ ᠨᠢ ᠡᠮᠴᠢᠯᠡᠭᠦᠯᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠢ ᠠᠷᠢᠭᠤᠳᠬᠠᠬᠤ ᠪᠠ | ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠶᠡᠭᠡ ᠭᠠᠮᠰᠢᠭ ᠤᠨ | ᠳᠠᠷᠠᠭ᠎ᠠ ᠶᠡᠭᠡ ᠬᠢᠵᠢᠭ ᠦᠯᠦ ᠳᠡᠯᠭᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠵᠠᠮ᠂ ᠴᠠᠬᠢᠯᠭᠠᠨ ᠬᠠᠩᠭᠠᠬᠤ᠂ | ᠤᠰᠤ ᠬᠠᠩᠭᠠᠬᠤ ᠪᠠ ᠴᠢᠮᠡᠭᠡ ᠬᠤᠯᠪᠣᠭ᠎ᠠ ᠵᠡᠷᠭᠡ ᠪᠡᠯᠡᠳᠬᠡᠮᠵᠢ ᠶᠢ ᠲᠦᠷᠭᠡᠪᠴᠢᠯᠡᠨ ᠵᠠᠰᠠᠨ ᠰᠡᠷᠭᠦᠭᠡᠵᠦ ᠂ ᠤᠯᠠᠨ | ᠲᠦᠮᠡᠨ ᠢ ᠥᠷᠭᠡᠨ ᠢᠶᠠᠷ ᠲᠠᠶᠢᠴᠢᠯᠠᠨ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠦᠢᠯᠡᠳᠪᠦᠷᠢᠯᠡᠯ ᠢᠶᠠᠷ | ᠥᠪᠡᠷ ᠢ ᠪᠠᠨ ᠲᠡᠩᠬᠡᠷᠡᠭᠦᠯᠬᠦ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ ᠃ ᠭᠠᠮᠰᠢᠭ ᠲᠤ ᠡᠪᠳᠡᠭᠳᠡᠭᠰᠡᠨ ᠲᠠᠷᠢᠶᠠᠨ | ᠭᠠᠵᠠᠷ ᠪᠠ ᠲᠠᠷᠢᠶᠠᠯᠠᠩ ᠤᠨ ᠪᠡᠯᠡᠳᠬᠡᠮᠵᠢ ᠶᠢ ᠰᠢᠮᠳᠠᠭᠤᠯᠤᠨ ᠵᠠᠰᠠᠨ ᠰᠡᠷᠭᠦᠭᠡᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ | ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠢ ᠪᠠᠷ ᠨᠥᠬᠦᠵᠦ ᠳᠠᠷᠢᠭᠤᠯᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ | ᠭᠡᠷ ᠪᠠᠶᠢᠰᠢᠩ ᠢ ᠰᠡᠷᠭᠦᠭᠡᠵᠦ ᠲᠠᠬᠢᠨ ᠪᠠᠷᠢᠬᠤ ᠠᠵᠢᠯ ᠢ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠤᠯᠠᠨ | ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠤ ᠪᠠᠨ ᠬᠠᠷᠢᠵᠤ ᠳᠡᠶᠢᠯᠬᠦ ᠪᠤᠶᠤ ᠰᠢᠨ᠎ᠡ ᠣᠷᠣᠨ ᠰᠠᠭᠤᠴᠠ ᠳᠤ | ᠨᠡᠭᠦᠬᠦ ᠂ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ᠂ ᠰᠤᠷᠭᠠᠭᠤᠯᠢ᠂ | ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠬᠦᠷᠢᠶᠡᠯᠡᠩ ᠵᠡᠷᠭᠡ ᠨᠡᠶᠢᠲᠡ ᠶᠢᠨ ᠪᠡᠯᠡᠳᠬᠡᠮᠵᠢ ᠶᠢ ᠰᠡᠷᠭᠦᠭᠡᠵᠦ ᠲᠠᠬᠢᠨ | ᠪᠠᠶᠢᠭᠤᠯᠬᠤ ᠠᠵᠢᠯ ᠢ ᠲᠦᠷᠭᠡᠪᠴᠢᠯᠡᠨ ᠠᠬᠢᠭᠤᠯᠵᠤ᠂ ᠭᠠᠮᠰᠢᠭᠳᠠᠭᠰᠠᠨ ᠰᠤᠷᠤᠭᠴᠢ ᠨᠢᠭᠡ ᠪᠦᠷᠢ ᠴᠥᠮ | ᠴᠠᠭ ᠲᠤ ᠪᠠᠨ ᠰᠤᠷᠭᠠᠭᠤᠯᠢ ᠡᠬᠢᠯᠡᠨ ᠰᠤᠷᠭᠠᠭᠤᠯᠢ ᠳᠤ ᠪᠠᠨ ᠪᠤᠴᠠᠬᠤ ᠶᠢ ᠪᠠᠲᠤᠯᠠᠬᠤ ᠬᠡᠷᠡᠭᠲᠡᠢ ᠃ ᠬᠤᠯᠠ ᠶᠢ | ᠪᠣᠳᠣᠵᠤ ᠂ ᠤᠮᠠᠷᠠᠲᠤ ᠣᠷᠣᠨ ᠤ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠮᠵᠢᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠪᠡᠯᠡ ᠮᠥᠩᠭᠦ ᠶᠢ ᠲᠦᠷᠭᠡᠨ ᠰᠠᠯᠭᠠᠨ | ᠥᠭᠴᠦ᠂ ᠤᠷᠢᠳᠴᠢᠯᠠᠨ ᠰᠠᠯᠭᠠᠨ ᠥᠭᠴᠦ ᠪᠣᠯᠬᠤ ᠶᠢ ᠨᠢ ᠤᠷᠢᠳᠴᠢᠯᠠᠨ ᠰᠠᠯᠭᠠᠨ ᠥᠭᠴᠦ᠂ ᠤᠷᠢᠳᠴᠢᠯᠠᠨ | ᠨᠥᠬᠦᠪᠦᠷᠢ ᠥᠭᠴᠦ ᠠᠪᠤᠷᠠᠨ ᠲᠤᠰᠠᠯᠠᠬᠤ ᠬᠡᠷᠡᠭᠲᠡᠢ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ | ᠭᠠᠮᠰᠢᠭᠳᠠᠭᠰᠠᠨ ᠭᠠᠵᠠᠷ ᠣᠷᠣᠨ ᠤ ᠡᠵᠡᠩᠨᠡᠯᠲᠡ ᠶᠢᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠥᠭᠡ ᠵᠢᠴᠢ ᠲᠠᠷᠢᠶᠠᠯᠠᠩ᠂ ᠲᠡᠵᠢᠭᠡᠨ ᠦᠷᠡᠵᠢᠭᠦᠯᠬᠦ | ᠠᠵᠤ ᠠᠬᠤᠶᠢᠯᠠᠯ ᠪᠣᠯᠣᠨ ᠲᠠᠷᠢᠶᠠᠴᠢᠨ ᠡᠷᠥᠭᠡ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠪᠠᠨ | ᠴᠢᠩᠭᠠᠳᠬᠠᠵᠤ᠂ ᠳᠠᠭᠠᠳᠬᠠᠯ ᠤᠨ ᠲᠥᠯᠥᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠂ ᠲᠥᠯᠥᠵᠦ | ᠳᠡᠶᠢᠯᠪᠡᠯ ᠲᠦᠷᠭᠡᠨ ᠲᠥᠯᠥᠵᠦ᠂ ᠲᠥᠯᠥᠬᠦ ᠶᠣᠰᠣᠲᠠᠢ ᠶᠢ ᠨᠢ ᠪᠥᠬᠦᠨ ᠢ ᠲᠥᠯᠥᠵᠦ᠂ ᠦᠶᠡᠷ ᠤᠰᠤᠲᠤᠯ ᠤᠨ | ᠭᠠᠮᠰᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠳᠤ ᠥᠭᠭᠦᠭᠰᠡᠨ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃ | |