ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 28 ᠤ ᠴᠠᠭᠢᠯᠭᠠᠨ ᠮᠡᠳᠡᠭᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ | ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ ᠪᠤᠳᠤᠯ ᠳᠤ ᠬᠠᠳᠠᠩᠰᠢᠭᠤᠯᠬᠤ ᠶᠢ | ᠴᠢᠨᠠᠭᠰᠢᠳᠠ ᠠᠬᠢᠭᠤᠯᠵᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠡᠩ | ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠂ ᠲᠥᠪ ᠤᠨ ᠤᠬᠠᠭᠤᠯᠬᠤ ᠬᠡᠯᠲᠡᠰ ᠰᠤᠷᠭᠠᠨ ᠬᠥᠮᠦᠵᠢᠯ ᠤᠨ | ᠶᠠᠮᠤᠨ ᠲᠠᠢ ᠬᠠᠮᠲᠤᠷᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠣᠴᠢᠯᠠᠯ ︾ ︵ ᠳᠣᠷᠣᠭᠰᠢ ︽ ᠲᠣᠶᠢᠮᠣᠴᠢᠯᠠᠯ ︾ ᠭᠡᠵᠦ | ᠳᠥᠭᠦᠮᠴᠢᠯᠡᠨ᠎ᠡ ︶ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠪᠡ ᠃ ᠲᠤᠰ ᠵᠢᠭᠠᠬᠤ ᠮᠠᠲ᠋ᠧᠷᠢᠶᠠᠯ ᠢ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ ᠂ ᠠᠷᠠᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ | ᠬᠡᠪᠯᠡᠭᠦᠯᠵᠦ ᠂ ᠲᠤᠰ ᠡᠳᠦᠷ ᠠᠴᠠ ᠡᠬᠢᠯᠡᠨ ᠪᠦᠭᠦ ᠤᠯᠤᠰ ᠲᠤ ᠲᠠᠷᠬᠠᠭᠠᠵᠠᠢ ᠃ | ︽ᠲᠣᠶᠢᠮᠣᠴᠢᠯᠠᠯ ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ | ᠥᠭᠦᠯᠡᠭᠰᠡᠨ ᠠᠩᠬᠠᠳᠠᠭᠴᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠮᠥᠨ ᠂ ᠶᠡᠭᠡ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠡᠷᠬᠡ ᠰᠦᠷᠲᠦ ᠬᠡᠷᠡᠭᠯᠡᠭᠡᠨ ᠤ | ᠨᠣᠮ ᠮᠥᠨ ᠂ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠵᠢᠭᠠᠬᠤ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠭᠰᠠᠨ ᠴᠢᠬᠤᠯᠠ ᠦᠷ᠎ᠡ ᠪᠦᠲᠦᠭᠡᠯ ᠮᠥᠨ ᠃ | ︽ᠲᠣᠶᠢᠮᠣᠴᠢᠯᠠᠯ ︾ ᠢ ᠨᠠᠶᠢᠷᠠᠭᠤᠯᠤᠨ ᠪᠢᠴᠢᠵᠦ ᠬᠡᠪᠯᠡᠭᠦᠯᠦᠭᠰᠡᠨ ᠪᠠ ᠬᠡᠷᠡᠭᠯᠡᠭᠰᠡᠨ ᠨᠢ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠨᠡᠩ ᠰᠠᠶᠢᠨ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠂ ᠵᠠᠯᠠᠭᠤ | ᠰᠤᠷᠤᠬᠴᠢᠳ ᠢ ᠬᠥᠲᠥᠯᠥᠨ ᠵᠢᠯᠤᠭᠤᠳᠴᠤ ᠵᠥᠪ ᠶᠢᠷᠲᠢᠨᠴᠦ ᠶᠢᠨ ᠦᠵᠡᠯᠲᠡ ᠂ ᠠᠮᠢᠳᠤᠷᠠᠬᠤᠢ ᠶᠢᠨ ᠦᠵᠡᠯᠲᠡ ᠂ | ᠦᠷᠳᠡᠭ ᠤᠨ ᠦᠵᠡᠯᠲᠡ ᠲᠠᠢ ᠪᠤᠯᠭᠠᠵᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ | ᠴᠠᠭ ᠦᠶ᠎ᠡ ᠶᠢᠨ ᠰᠢᠨ᠎ᠡ ᠬᠥᠮᠥᠨ ᠪᠤᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ︽ᠲᠣᠶᠢᠮᠣᠴᠢᠯᠠᠯ ︾ ᠨᠢ ᠤᠳᠤᠷᠢᠳᠬᠠᠯ ᠂ 17 ᠪᠦᠯᠦᠭ ᠭᠤᠣᠯ ᠠᠭᠤᠯᠭ᠎ᠠ ᠪᠣᠯᠣᠨ ᠲᠡᠭᠦᠰᠬᠡᠯ ᠢᠶᠠᠷ | ᠪᠦᠷᠢᠯᠳᠦᠵᠦ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ | ᠦᠷ᠎ᠡ ᠪᠦᠲᠦᠭᠡᠯ ᠢ ᠪᠦᠭᠦ ᠲᠠᠯ᠎ᠠ ᠪᠠᠷ ᠲᠤᠰᠬᠠᠵᠤ ᠂ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠪᠣᠯᠣᠨ | ᠠᠭᠤᠤ ᠶᠡᠭᠡ ᠬᠤᠪᠢᠰᠤᠯᠲᠠ ᠶᠢ ᠲᠤᠰᠬᠠᠵᠤ ᠂ ᠡᠷᠳᠡᠮ ᠰᠢᠨᠵᠢᠯᠡᠭᠡᠨ ᠤ ᠡᠲᠡᠭᠡᠳ ᠤᠨ ᠬᠠᠮᠲᠤ ᠶᠢᠨ ᠲᠠᠨᠢᠯᠲᠠ ᠶᠢᠨ | ᠴᠢᠨᠠᠷᠲᠠᠢ ᠰᠤᠳᠤᠯᠭᠠᠨ ᠤ ᠦᠷ᠎ᠡ ᠪᠦᠲᠦᠭᠡᠯ ᠢ ᠲᠤᠰᠬᠠᠪᠠ ᠃ ︽ᠲᠣᠶᠢᠮᠣᠴᠢᠯᠠᠯ ︾ ᠨᠢ ᠰᠤᠷᠭᠠᠨ ᠬᠥᠮᠦᠵᠢᠯ ᠤᠨ | ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ ᠂ ᠵᠢᠭᠠᠨ ᠰᠤᠷᠭᠠᠯᠲᠠ ᠶᠢᠨ ᠤᠳᠤᠷᠢᠳᠤᠮᠵᠢ ᠶᠢ ᠳᠣᠪᠤᠶᠢᠯᠭᠠᠵᠤ ᠂ | ᠵᠠᠯᠠᠭᠤ ᠰᠤᠷᠤᠬᠴᠢᠳ ᠤᠨ ᠲᠠᠨᠢᠨ ᠮᠡᠳᠡᠬᠦᠢ ᠶᠢᠨ ᠣᠨᠴᠠᠯᠢᠭ ᠪᠠ ᠭᠥᠯᠢᠶᠡᠨ ᠠᠪᠬᠤ ᠳᠠᠳᠬᠠᠯ ᠳᠤ ᠣᠶᠢᠷᠠᠲᠤᠬᠤ ᠶᠢ | ᠴᠢᠬᠤᠯᠠᠴᠢᠯᠠᠵᠤ ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠨᠢᠭᠡ ᠴᠣᠭᠴᠠᠵᠢᠭᠤᠯᠤᠨ ᠬᠥᠮᠥᠨ ᠬᠥᠮᠥᠵᠢᠭᠦᠯᠬᠦ ᠱᠠᠭᠠᠷᠳᠠᠯᠭ᠎ᠠ ᠶᠢ ᠢᠯᠡᠷᠡᠭᠦᠯᠪᠡ ᠃ ᠵᠢᠭᠠᠬᠤ ᠮᠠᠲ᠋ᠧᠷᠢᠶᠠᠯ ᠢ | ᠨᠠᠶᠢᠷᠠᠭᠤᠯᠤᠨ ᠪᠢᠴᠢᠬᠦ ᠶᠠᠪᠤᠴᠠ ᠳᠤ ᠂ ᠤᠨᠤᠯ ᠤᠨ ᠬᠦᠷᠢᠶ᠎ᠡ ᠶᠢᠨ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ | ᠨᠢᠭᠡᠳᠦᠭᠡᠷ ᠹᠷᠣᠨᠲ ᠤᠨ ᠢᠳᠡᠷ ᠵᠠᠯᠠᠭᠤ ᠭᠤᠣᠯᠯᠠᠭᠴᠢ ᠪᠠᠭᠰᠢ ᠨᠠᠷ ᠥᠷᠭᠡᠨ ᠢᠶᠠᠷ ᠣᠷᠣᠯᠴᠠᠵᠤ ᠂ ᠮᠠᠷᠺᠰ ᠤᠨ | ᠦᠵᠡᠯ ᠤᠨ ᠤᠨᠤᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ ᠤᠨ ᠠᠯᠪᠠᠨ ᠭᠡᠷ ᠪᠣᠳᠠᠲᠠᠢ | ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠪᠠ ᠃ | |