ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/1
  ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠳᠦᠷᠢᠮ ︾ ︽ᠪᠦᠭᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠦᠪᠵᠢᠭᠦᠯᠭᠡ ︵2023 — 2027 ᠣᠨ ︶︾  ᠶᠢ ᠬᠢᠨᠠᠨ ᠵᠥᠪᠯᠡᠪᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ  ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 31 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ ᠂ ︽ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠳᠦᠷᠢᠮ ︾ ᠂ ︽ᠪᠦᠭᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠦᠪᠵᠢᠭᠦᠯᠭᠡ ︵2023 — 2027 ᠣᠨ ︶︾ ᠶᠢ ᠬᠢᠨᠠᠨ ᠵᠥᠪᠯᠡᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ ᠃  ᠬᠤᠷᠠᠯ ᠠᠴᠠ ᠂ ᠺᠠᠳ᠋ᠷ ᠤᠨ ᠬᠥᠮᠦᠵᠢᠯ ᠪᠣᠯᠪᠠᠰᠤᠷᠠᠯ ᠪᠣᠯ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠶᠢᠨ ᠤᠳᠤᠷᠢᠳᠤᠮᠵᠢ ᠶᠢᠨ ᠴᠢᠨᠠᠷᠲᠠᠢ ᠂ ᠰᠠᠭᠤᠷᠢ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠮᠥᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠣᠯᠣᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠳᠤ ᠣᠷᠣᠯᠠᠭᠤᠯᠵᠤ ᠪᠣᠯᠣᠰᠢ ᠦᠭᠡᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠶᠤᠮ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ ︾  ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾  ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾  ᠶᠢ ᠪᠡᠶᠡᠯᠡᠭᠦᠯᠵᠦ ᠂ ᠬᠦᠰᠡᠯᠡᠩ ᠢᠲᠡᠭᠡᠯ ᠪᠢᠰᠢᠷᠡᠯ ᠵᠣᠷᠢᠯᠲᠠ ᠪᠠᠨ ᠪᠠᠲᠤᠳᠬᠠᠬᠤ ᠪᠠᠷ ᠦᠨᠳᠦᠰᠦ ᠪᠤᠯᠭᠠᠵᠤ ᠂ ᠲᠥᠷᠥ ᠪᠠᠷᠢᠬᠤ ᠴᠢᠳᠠᠪᠤᠷᠢ ᠪᠠᠨ ᠪᠦᠭᠦ ᠲᠠᠯ᠎ᠠ ᠪᠠᠷ ᠴᠢᠩᠭᠠᠳᠬᠠᠬᠤ ᠪᠠᠷ ᠭᠤᠣᠯᠳᠠᠯᠭ᠎ᠠ ᠪᠤᠯᠭᠠᠵᠤ ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠭᠤᠣᠯ ᠰᠢᠵᠢᠮ ᠪᠤᠯᠭᠠᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ ᠃ ᠤᠯᠤᠰ ᠲᠦᠷᠦ ᠶᠢᠨ ᠪᠣᠯᠪᠠᠰᠤᠷᠠᠯ ᠢ ᠺᠠᠳ᠋ᠷ ᠤᠨ ᠦᠰᠦᠨ ᠪᠣᠶᠢᠵᠢᠬᠤ ᠪᠦᠭᠦ ᠦᠶᠡᠯᠡᠯ ᠳᠤ ᠲᠤᠭᠤᠰᠢᠯᠠᠭᠤᠯᠬᠤ ᠶᠢ ᠪᠠᠷᠢᠮᠲᠠᠯᠠᠵᠤ ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠡᠷᠬᠡ ᠶᠢᠨ ᠦᠵᠡᠯᠲᠡ ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠂ ᠠᠵᠢᠯ ᠦᠢᠯᠡᠰ ᠤᠨ ᠦᠵᠡᠯᠲᠡ ᠶᠢ ᠪᠤᠢ ᠪᠤᠯᠭᠠᠵᠤ ᠂ ᠺᠠᠳ᠋ᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠬᠠᠩᠭᠠᠯᠭ᠎ᠠ ᠪᠣᠯᠣᠨ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠢ ᠵᠣᠬᠢᠴᠠᠭᠤᠯᠬᠤ ᠶᠢ ᠠᠬᠢᠭᠤᠯᠵᠤ ᠂ ᠵᠣᠬᠢᠶᠠᠨ ᠪᠠᠶᠢᠭᠤᠯᠤᠯᠲᠠ ᠶᠢᠨ ᠬᠡᠷᠡᠭᠴᠡᠭᠡ ᠂ ᠠᠵᠢᠯ ᠤᠨ ᠪᠠᠶᠢᠷᠢ ᠶᠢᠨ ᠬᠡᠷᠡᠭᠴᠡᠭᠡ ᠂ ᠺᠠᠳ᠋ᠷ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ ᠂ ᠬᠥᠮᠦᠵᠢᠯ ᠪᠣᠯᠪᠠᠰᠤᠷᠠᠯ ᠤᠨ ᠠᠷᠭ᠎ᠠ ᠭᠡᠯᠪᠡᠷᠢ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ ᠂ ᠬᠥᠮᠦᠵᠢᠯ ᠪᠣᠯᠪᠠᠰᠤᠷᠠᠯ ᠤᠨ ᠰᠢᠰᠲ᠋ᠧᠮᠲᠦ ᠴᠢᠨᠠᠷ ᠂ ᠴᠢᠭᠯᠡᠭᠦᠯᠦᠯᠲᠦ ᠴᠢᠨᠠᠷ ᠂ ᠪᠦᠲᠦᠮᠵᠢᠲᠦ ᠴᠢᠨᠠᠷ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ ᠃ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ ᠂ ᠬᠦᠷᠢᠶ᠎ᠡ ᠴᠠᠷᠠᠭ᠎ᠠ ᠬᠤᠪᠢᠶᠠᠨ ᠲᠤᠰᠬᠠᠢ ᠰᠡᠳᠦᠪ ᠬᠤᠪᠢᠶᠠᠨ ᠰᠤᠷᠤᠯᠴᠠᠨ ᠪᠤᠯᠪᠠᠰᠤᠷᠠᠭᠤᠯᠵᠤ ᠂ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠭᠤᠷᠢ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠠᠷᠭ᠎ᠠ ᠵᠠᠮ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠤᠯᠤᠰ ᠲᠦᠷᠦ ᠶᠢᠨ ᠪᠣᠭᠤᠮᠲᠠ ᠶᠢ ᠴᠢᠩᠭ᠎ᠠ ᠰᠠᠬᠢᠵᠤ ᠂ ᠦᠷᠭᠦᠯᠵᠢᠯᠡᠨ ᠶᠡᠭᠡ ᠬᠦᠴᠦ ᠣᠷᠣᠭᠤᠯᠵᠤ ᠪᠠᠶᠢᠭᠠᠳ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠬᠡᠯᠪᠡᠷᠢᠴᠢ ᠦᠵᠡᠯ  ᠢ ᠴᠢᠩᠭ᠎ᠠ ᠴᠡᠭᠡᠷᠯᠡᠵᠦ ᠂ ᠠᠵᠢᠯᠴᠢ ᠠᠷᠪᠢᠴᠢ ᠵᠢᠷᠤᠮᠵᠢᠯ ᠲᠠᠢ ᠪᠠᠷ ᠰᠤᠷᠭᠠᠭᠤᠯᠢ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号