ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 31 ᠤ ᠴᠠᠭᠢᠯᠭᠠᠨ ᠮᠡᠳᠡᠭᠡ ᠠᠷᠪᠠᠨ ᠨᠢᠭᠡᠳᠦᠭᠡᠷ | ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ | ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ 31 ᠤ ᠦᠳᠡ ᠶᠢᠨ ᠡᠮᠦᠨ᠎ᠡ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ | ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠬᠠᠨ ᠵᠧᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ | ᠬᠥᠮᠥᠰ ᠬᠤᠷᠠᠯ ᠳᠤ ᠣᠷᠣᠯᠴᠠᠵᠤ ᠪᠠᠶᠠᠷ ᠬᠦᠷᠭᠡᠵᠦ ᠂ ᠯᠢ ᠰᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠪᠠᠶᠠᠷ ᠤᠨ ᠦᠭᠡ ᠬᠡᠯᠡᠵᠡᠢ ᠃ | | | | | | 8 ᠰᠠᠷ᠎ᠠ ᠶᠢᠨ 31 ᠤ ᠡᠳᠦᠷ ᠂ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ | ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ | ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠰᠢ ᠶᠢᠨ ᠫᠢᠩ ᠂ ᠯᠢ ᠴᠢᠶᠠᠩ ᠂ | ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠬᠠᠨ ᠵᠧᠩ ᠨᠠᠷ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠵᠤ ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠤᠨ ᠠᠭᠤᠷ ᠠᠮᠢᠰᠬᠤᠯ ᠲᠥᠪ | ᠶᠡᠬᠡᠮᠰᠦᠭ ᠪᠥᠭᠡᠳ ᠭᠦᠷ ᠬᠥᠭᠵᠢᠶᠡᠨ ᠢᠶᠠᠷ ᠪᠢᠯᠬᠠᠨ᠎ᠠ ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ | ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ | ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ︾ ᠭᠡᠬᠦ ᠬᠤᠷᠠᠯ ᠤᠨ | ᠲᠡᠮᠳᠡᠭ ᠢ ᠡᠯᠭᠦᠵᠦ ᠂ ᠠᠷᠤ ᠬᠥᠰᠢᠭᠡ ᠶᠢᠨ ᠭᠤᠣᠯ ᠳᠤᠮᠳᠠ ᠲᠠᠪᠤᠨ ᠲᠢᠪ ᠤᠨ ᠳᠤᠮᠳᠠᠳᠤ ᠶᠢᠨ ᠬᠠᠷᠢᠶᠠᠲᠤ ᠠᠬ᠎ᠠ | ᠳᠡᠭᠦᠦ ᠨᠠᠷ ᠤᠨ ᠡᠬᠡ ᠤᠯᠤᠰ ᠤᠨ ᠢᠶᠠᠨ ᠲᠥᠯᠥᠭᠡ ᠪᠠᠶᠢᠬᠤ ᠶᠢ ᠪᠡᠯᠭᠡᠳᠡᠭᠰᠡᠨ ᠳᠤᠮᠳᠠᠳᠤ ᠤᠯᠤᠰ ᠤᠨ ᠬᠠᠷᠢᠶᠠᠲᠤ | ᠨᠠᠷ ᠤᠨ ᠬᠤᠯᠪᠤᠭ᠎ᠠ ᠶᠢᠨ ᠰᠦᠯᠳᠡ ᠶᠢ ᠡᠯᠭᠦᠵᠦ ᠂ 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠢᠭᠰᠠᠭᠠᠪᠠ ᠃ | ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠥᠷᠭᠡᠨ | ᠣᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠪᠣᠯᠣᠨ | ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ ᠢ ᠪᠦᠯᠬᠦᠮᠳᠡᠭᠦᠯᠦᠨ ᠨᠢᠭᠲᠠᠷᠠᠭᠤᠯᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠲᠡᠮᠡᠴᠡᠵᠡᠭᠡᠶ᠎ᠡ ︕ ︾ ᠭᠡᠬᠦ ᠲᠣᠮᠣ | ᠬᠥᠨᠳᠡᠯᠡᠨ ᠪᠢᠴᠢᠭᠡᠰᠦ ᠶᠢ ᠡᠯᠭᠦᠵᠡᠢ ᠃ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 1200 | ᠰᠢᠬᠠᠮ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ | ᠲᠥᠯᠥᠭᠡᠯᠡᠭᠴᠢ ᠪᠣᠯᠣᠨ 100 ᠭᠠᠷᠤᠢ ᠤᠯᠤᠰ ᠠᠴᠠ ᠢᠷᠡᠭᠰᠡᠨ 600 ᠰᠢᠬᠠᠮ ᠭᠠᠳᠠᠭᠠᠳᠤ ᠳᠤ ᠰᠠᠭᠤᠭ᠎ᠠ | ᠬᠠᠷᠢᠶᠠᠲᠤ ᠠᠬ᠎ᠠ ᠳᠡᠭᠦᠦ ᠨᠠᠷ ᠣᠨᠴᠠ ᠤᠷᠢᠭᠰᠠᠨ ᠵᠣᠴᠢᠳ ᠨᠢᠭᠡ ᠲᠠᠩᠬᠢᠮ ᠳᠤ ᠴᠤᠭᠯᠠᠷᠠᠪᠠ ᠃ | ᠦᠳᠡ ᠶᠢᠨ ᠡᠮᠦᠨᠡᠬᠢ 10 ᠴᠠᠭ ᠲᠤ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ | ᠲᠠᠯᠠᠪᠠᠢ ᠳᠤ ᠠᠯᠬᠤᠨ ᠣᠷᠣᠬᠤ ᠳᠤ ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | ᠶᠡᠭᠡ ᠬᠤᠷᠠᠯ ᠰᠦᠷ ᠵᠢᠪᠬᠤᠯᠠᠩᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ | ᠳᠠᠭᠤᠤ ᠶᠢᠨ ᠳᠤᠮᠳᠠ ᠡᠬᠢᠯᠡᠪᠡ ᠃ | ᠯᠢ ᠰᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠤᠯᠤᠰ ᠤᠨ ᠬᠦᠴᠦᠷᠬᠡᠭᠵᠢᠯ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠲᠥᠯᠥᠭᠡ ᠬᠠᠷᠢᠶᠠᠲᠤ ᠨᠠᠷ ᠤᠨ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠰᠤᠭᠠᠢ ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ ᠂ ᠶᠡᠭᠡ ᠬᠤᠷᠠᠯ ᠤᠨ ᠬᠤᠷᠠᠯᠳᠤᠭᠰᠠᠨ ᠳᠤ | ᠬᠠᠯᠠᠭᠤᠨ ᠪᠠᠶᠠᠷ ᠬᠦᠷᠭᠡᠵᠦ ᠂ ᠥᠷᠭᠡᠨ ᠤᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ | ᠬᠠᠷᠢᠶᠠᠲᠤ ᠶᠢᠨ ᠭᠡᠷ ᠪᠦᠯᠢ ᠪᠣᠯᠣᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ ᠂ ᠬᠠᠷᠢᠶᠠᠲᠤ ᠨᠠᠷ ᠤᠨ | ᠬᠤᠯᠪᠤᠭ᠎ᠠ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ | | | | | | 8 ᠰᠠᠷ᠎ᠠ ᠶᠢᠨ 31 ᠤ ᠡᠳᠦᠷ ᠂ ᠠᠷᠪᠠᠨ ᠨᠢᠭᠡᠳᠦᠭᠡᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ | ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ | ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢᠳ ᠤᠨ ᠲᠠᠶᠢᠰᠠᠨ ᠠᠴᠠ ᠬᠤᠷᠠᠯ ᠳᠤ ᠣᠷᠣᠯᠴᠠᠬᠰᠠᠨ | ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠯᠢ ᠰᠢᠤᠸᠠᠢ ᠷᠧᠨ ᠰᠡᠭᠦᠳᠡᠷᠯᠡᠪᠡ | ᠯᠢ ᠰᠢ ᠪᠠᠶᠠᠷ ᠤᠨ ᠦᠭᠡ ᠳᠡᠭᠡᠨ ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠠᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ | ᠬᠠᠷᠢᠶᠠᠲᠤ ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ ᠂ ᠳᠤᠮᠳᠠᠳᠤ ᠤᠯᠤᠰ ᠤᠨ | ᠬᠠᠷᠢᠶᠠᠲᠤ ᠨᠠᠷ ᠤᠨ ᠬᠤᠯᠪᠤᠭ᠎ᠠ ᠪᠣᠯᠣᠨ ᠡᠯ᠎ᠡ ᠱᠠᠲᠤᠨ ᠤ ᠬᠠᠷᠢᠶᠠᠲᠤ ᠨᠠᠷ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ | ᠨᠠᠷ ᠤᠨ ᠠᠵᠢᠯ ᠪᠣᠯᠣᠨ ᠣᠯᠠᠨ ᠲᠦᠮᠡᠨ ᠤ ᠪᠦᠯᠭᠦᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠶᠢᠨ ᠲᠣᠭᠤᠷᠢᠨ ᠳᠤ ᠂ ᠶᠡᠭᠡ ᠲᠠᠯ᠎ᠠ ᠳᠤ | ᠦᠢᠯᠡᠴᠢᠯᠡᠬᠦ ᠂ ᠬᠠᠷᠢᠶᠠᠲᠤ ᠠᠬ᠎ᠠ ᠳᠡᠭᠦᠦ ᠨᠠᠷ ᠲᠤ ᠦᠢᠯᠡᠴᠢᠯᠡᠬᠦ ᠶᠢ ᠪᠠᠷᠢᠮᠲᠠᠯᠠᠵᠤ ᠂ ᠡᠭᠦᠷᠭᠡ ᠴᠢᠳᠠᠪᠬᠢ ᠪᠠᠨ ᠪᠦᠭᠦ | ᠲᠠᠯ᠎ᠠ ᠪᠠᠷ ᠭᠦᠢᠴᠡᠳᠬᠡᠵᠦ ᠂ ᠬᠠᠷᠢᠶᠠᠲᠤ ᠨᠠᠷ ᠤᠨ ᠬᠤᠯᠪᠤᠭ᠎ᠠ ᠶᠢᠨ ᠤᠯᠤᠰ ᠲᠥᠷᠥ ᠶᠢᠨ ᠴᠢᠨᠠᠷ ᠂ ᠲᠡᠷᠢᠭᠦᠨ ᠤ ᠴᠢᠨᠠᠷ ᠂ | ᠣᠯᠠᠨ ᠲᠦᠮᠡᠨᠴᠢ ᠴᠢᠨᠠᠷ ᠲᠠᠰᠤᠷᠠᠯᠲᠠ ᠦᠭᠡᠢ ᠴᠢᠩᠭᠠᠷᠠᠵᠤ ᠂ ᠵᠣᠬᠢᠶᠠᠨ ᠪᠠᠶᠢᠭᠤᠯᠬᠤ ᠬᠦᠴᠦᠨ ᠂ ᠨᠥᠯᠥᠭᠡᠯᠡᠬᠦ | ᠬᠦᠴᠦᠨ ᠲᠠᠰᠤᠷᠠᠯᠲᠠ ᠦᠭᠡᠢ ᠳᠡᠭᠡᠭᠰᠢᠯᠡᠪᠡ ᠃ ᠥᠷᠭᠡᠨ ᠣᠯᠠᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ | ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ | ᠢᠮᠠᠭᠲᠠ ᠡᠬᠡ ᠤᠯᠤᠰ ᠲᠠᠢ ᠪᠠᠨ ᠬᠠᠮᠲᠤ ᠪᠠᠷ ᠡᠷᠡᠮᠡᠬᠡᠶᠢᠯᠡᠨ ᠲᠡᠮᠡᠴᠡᠵᠦ ᠂ ᠠᠷᠠᠳ ᠲᠦᠮᠡᠨ ᠲᠠᠢ ᠬᠠᠮᠲᠤ ᠪᠠᠷ | ᠲᠡᠮᠡᠴᠡᠵᠦ ᠂ ᠠᠵᠤ ᠠᠬᠤᠢ ᠶᠢᠨ ᠬᠥᠭᠵᠢᠯᠲᠡ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠂ | ᠬᠢᠵᠢᠭ ᠲᠠᠢ ᠲᠡᠮᠡᠴᠡᠬᠦ ᠂ ᠭᠠᠳᠠᠭᠠᠳᠤ ᠨᠡᠭᠡᠭᠡᠯᠲᠡ ᠂ ᠰᠢᠶᠠᠩᠭᠠᠩ ᠣᠣᠮᠧᠨ ᠤ ᠣᠷᠳᠣ ᠬᠤᠭᠤᠴᠠᠭᠠᠨ ᠤ ᠴᠡᠴᠡᠭᠯᠡᠯ | ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠬᠤ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ ᠵᠡᠷᠭᠡ ᠲᠠᠯ᠎ᠠ ᠪᠠᠷ | ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ ᠂ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ ᠃ | ᠯᠢ ᠰᠢ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠪᠣᠯ ᠨᠠᠮ ᠤᠨ ᠭᠤᠣᠯ ᠡᠭᠦᠷᠭᠡ ᠮᠥᠨ ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠨ᠎ᠠ ᠃ ᠥᠷᠭᠡᠨ ᠤᠯᠠᠨ | ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠣᠯᠣᠨ ᠬᠠᠷᠢᠶᠠᠲᠤ ᠶᠢᠨ ᠭᠡᠷ ᠪᠦᠯᠢ ᠶᠢᠨ ᠬᠢᠨ ᠨᠠᠮ | ᠪᠣᠯᠣᠨ ᠠᠷᠠᠳ ᠲᠦᠮᠡᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠨᠠᠩ | ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤᠮᠳᠠ ᠨᠠᠩ ᠶᠡᠭᠡ ᠦᠢᠯᠡᠳᠦᠯ ᠪᠠᠳᠠᠷᠠᠭᠤᠯᠵᠤ ᠂ ᠡᠬᠡ | ᠤᠯᠤᠰ ︵ ᠤᠭ ᠨᠤᠲᠤᠭ ︶ ᠪᠠ ᠣᠷᠣᠰᠢᠨ ᠰᠠᠭᠤᠭ᠎ᠠ ᠤᠯᠤᠰ ᠤᠨ ᠬᠥᠭᠵᠢᠯᠲᠡ ᠶᠢ ᠠᠬᠢᠭᠤᠯᠬᠤ ᠳᠤᠮᠳᠠ ᠲᠣᠰ | ᠪᠡᠶ᠎ᠡ ᠶᠢᠨ ᠨᠠᠩ ᠶᠡᠭᠡ ᠬᠥᠭᠵᠢᠯᠲᠡ ᠪᠠᠨ ᠪᠡᠶᠡᠯᠡᠭᠦᠯᠵᠦ ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ ᠨᠢᠭᠲᠠᠷᠠᠭᠤᠯᠵᠤ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠳᠤᠮᠳᠠ ᠨᠠᠩ ᠶᠡᠭᠡ ᠰᠢᠨ᠎ᠡ ᠠᠮᠵᠢᠯᠲᠠ | ᠪᠦᠲᠦᠮᠵᠢ ᠶᠢ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ | ᠱᠦᠵᠢ ᠠ ᠳ᠋ᠦᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠂ ᠳᠤᠮᠳᠠᠳᠤ ᠤᠯᠤᠰ ᠤᠨ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠳᠤᠮᠳᠠᠳᠤ ᠶᠢᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠂ ᠳᠤᠮᠳᠠᠳᠤ | ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠨᠡᠶᠢᠭᠡᠮᠯᠢᠭ ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ ᠬᠤᠯᠪᠤᠭ᠎ᠠ ᠂ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ ᠃ | ᠪᠠᠶᠠᠷ ᠤᠨ ᠦᠭᠡ ᠳᠤ ᠂ ᠡᠯ᠎ᠡ ᠣᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ ᠶᠢᠨ ᠬᠢᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠠᠷᠢᠯᠴᠠᠨ ᠰᠤᠷᠤᠯᠴᠠᠵᠤ ᠂ ᠨᠢᠭᠲᠠ ᠬᠠᠮᠲᠤᠷᠠᠯᠴᠠᠵᠤ ᠂ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ ᠂ ᠰᠢᠨ᠎ᠡ ᠴᠠᠭ | ᠦᠶ᠎ᠡ ᠰᠢᠨ᠎ᠡ ᠠᠶᠠᠨ ᠳᠠᠬᠢ ᠨᠠᠮ ᠤᠨ ᠣᠯᠠᠨ ᠲᠦᠮᠡᠨ ᠤ ᠪᠦᠯᠭᠦᠮ ᠤᠨ ᠠᠵᠢᠯ ᠤᠨ ᠰᠢᠨ᠎ᠡ ᠪᠠᠶᠢᠳᠠᠯ ᠢ ᠬᠠᠮᠲᠤ ᠪᠠᠷ | ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠳᠡᠭᠡᠷ᠎ᠡ ︽ᠳᠤᠮᠳᠠᠳᠤ ᠤᠯᠤᠰ ᠤᠨ ᠬᠠᠷᠢᠶᠠᠲᠤ ᠨᠠᠷ ᠤᠨ ᠡᠲᠡᠭᠡᠳ ᠤᠨ ᠭᠠᠷᠮᠠᠭᠠᠢ ᠬᠥᠮᠥᠰ ᠪᠠ ᠪᠦᠭᠦ | ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ | ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠬᠠᠷᠢᠶᠠᠲᠤ ᠨᠠᠷ ᠤᠨ | ᠬᠤᠯᠪᠤᠭ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ | ᠲᠣᠭᠲᠠᠭᠠᠯ ︾᠂ ︽ᠪᠦᠭᠦ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ | ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ | ᠲᠣᠭᠲᠠᠭᠠᠯ ︾᠂ ︽ᠪᠦᠭᠦ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠰᠢᠰᠲ᠋ᠧᠮ ᠤᠨ ᠲᠡᠷᠢᠭᠦᠨ ᠤ ᠵᠣᠬᠢᠶᠠᠨ | ᠪᠠᠶᠢᠭᠤᠯᠤᠯᠲᠠ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ ᠤᠯᠤᠰ ᠤᠨ | ᠬᠠᠷᠢᠶᠠᠲᠤ ᠨᠠᠷ ᠤᠨ ᠬᠤᠯᠪᠤᠭ᠎ᠠ ᠶᠢᠨ ᠲᠣᠭᠲᠠᠭᠠᠯ ︾ ᠢ ᠤᠩᠰᠢᠨ ᠨᠡᠶᠢᠲᠡᠯᠡᠭᠰᠡᠨ ᠪᠥᠭᠡᠳ ᠱᠠᠩᠨᠠᠯ ᠣᠯᠣᠭᠰᠠᠨ | ᠨᠢᠭᠡᠴᠢ ᠪᠠ ᠬᠤᠪᠢ ᠬᠥᠮᠥᠨ ᠳᠤ ᠱᠠᠩᠨᠠᠯ ᠭᠠᠷᠳᠠᠭᠤᠯᠪᠠ ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠨ ᠯᠢ ᠵᠢᠶᠦ᠋ᠨ | ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠡᠮᠦᠨ᠎ᠡ ᠠᠴᠠ ᠶᠡᠭᠡ ᠬᠤᠷᠠᠯ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠥᠷᠭᠡᠨ ᠤᠯᠠᠨ | ᠤᠯᠤᠰ ᠲᠠᠭᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠪᠠ ᠬᠠᠷᠢᠶᠠᠲᠤ ᠶᠢᠨ ᠭᠡᠷ ᠪᠦᠯᠢ ᠶᠢᠨ ᠬᠢᠨ ᠢ | ᠪᠦᠯᠬᠦᠮᠳᠡᠭᠦᠯᠦᠨ ᠨᠢᠭᠲᠠᠷᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠥᠯᠥᠭᠡ ᠲᠡᠮᠡᠴᠡᠵᠡᠭᠡᠶ᠎ᠡ ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ ᠃ | ᠸᠠᠩ ᠢ ᠂ ᠱᠢ ᠲᠠᠢ ᠹᠧᠩ ᠂ ᠯᠢ ᠭᠠᠨ ᠵᠢᠶᠧ ᠂ ᠯᠢ ᠱᠣ᠋ ᠯᠧᠢ ᠂ ᠴᠧᠨ ᠸᠧᠨ ᠴᠢᠩ ᠂ ᠸᠠᠩ ᠰᠢᠶᠣᠣ ᠬᠤᠩ ᠂ | ᠯᠣᠪᠰᠠᠩᠵᠠᠯᠰᠠᠨ ᠂ ᠰᠢᠶᠠᠨ ᠬᠤᠢ ᠬᠤᠷᠠᠯ ᠳᠤ ᠣᠷᠣᠯᠴᠠᠵᠠᠢ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠠᠷᠠᠳ ᠤᠨ | ᠪᠦᠯᠭᠦᠮ ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ | ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠵᠢᠴᠢ ᠨᠡᠶᠢᠰᠯᠡᠯ ᠤᠨ ᠬᠠᠷᠢᠶᠠᠲᠤ ᠨᠠᠷ ᠤᠨ ᠤᠯᠠᠨ ᠲᠦᠮᠡᠨ ᠤ | ᠲᠥᠯᠥᠭᠡᠯᠡᠭᠴᠢᠳ ᠡᠭᠢᠯᠡᠯᠲᠡ ᠶᠢᠨ ᠬᠤᠷᠠᠯ ᠳᠤ ᠣᠷᠣᠯᠴᠠᠵᠠᠢ ᠃ | |