ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ | ᠡᠳᠦᠷ ᠤᠨ ᠮᠡᠨᠳᠦᠴᠢᠯᠡᠯ ᠬᠢᠭᠡᠳ ᠴᠢᠩ ᠰᠡᠳᠬᠢᠯ ᠤᠨ ᠵᠥᠩᠨᠡᠯ ᠳᠡᠪᠰᠢᠭᠦᠯᠪᠡ | ᠯᠢ ᠴᠢᠶᠠᠩ ᠴᠣᠬᠤᠯᠠᠪᠤᠷᠢ ᠥᠭᠴᠦ ᠳ᠋ᠢᠩ ᠰᠢᠤᠸᠠᠢ ᠰᠢᠶᠠᠩ ᠪᠦᠭᠦ ᠤᠯᠤᠰ ᠤᠨ ᠰᠢᠯᠢᠳᠡᠭ ᠪᠠᠭᠰᠢ ᠨᠠᠷ ᠤᠨ | ᠲᠥᠯᠥᠭᠡᠯᠡᠭᠴᠢᠳ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ | ᠪᠦᠭᠦ ᠤᠯᠤᠰ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ 9 ᠰᠠᠷ᠎ᠠ ᠶᠢᠨ | 9 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠠᠭᠰᠢ ᠨᠠᠷ ᠤᠨ ᠲᠥᠯᠥᠭᠡᠯᠡᠭᠴᠢᠳ ᠲᠤ ᠵᠠᠬᠢᠳᠠᠯ ᠢᠯᠡᠭᠡᠵᠦ᠂ ᠭᠤᠴᠢ ᠶᠢᠰᠦᠳᠡᠬᠢ ᠪᠠᠭᠰᠢ ᠶᠢᠨ | ᠪᠠᠶᠠᠷ ᠬᠦᠷᠴᠦ ᠢᠷᠡᠬᠦ ᠲᠠᠰᠢᠷᠠᠮ ᠢᠶᠠᠷ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠲᠡᠳᠡ ᠨᠠᠷ ᠵᠢᠴᠢ ᠪᠦᠭᠦ | ᠤᠯᠤᠰ ᠤᠨ ᠥᠷᠭᠡᠨ ᠣᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ | ᠰᠢ ᠶᠢᠨ ᠫᠢᠩ ᠵᠠᠬᠢᠳᠠᠯ ᠳᠠᠭᠠᠨ᠂ ᠤᠷᠳᠤ ᠬᠤᠭᠤᠴᠠᠭᠠᠨ ᠤ ᠲᠤᠷᠰᠢ᠂ ᠲᠠ ᠨᠠᠷ ᠢᠶᠠᠷ ᠲᠥᠯᠥᠭᠡᠯᠡᠭᠦᠯᠦᠭᠰᠡᠨ | ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠵᠦ᠂ ᠦᠨᠳᠦᠰᠦ ᠰᠠᠭᠤᠷᠢ ᠶᠢ ᠪᠣᠶᠢᠵᠢᠭᠤᠯᠤᠨ ᠰᠦᠭ | ᠰᠦᠨᠡᠰᠦ ᠶᠢ ᠱᠤᠭᠤᠵᠤ᠂ ᠦᠶ᠎ᠡ ᠦᠶ᠎ᠡ ᠶᠢᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠥᠵᠢᠭᠦᠯᠵᠦ᠂ ᠶᠡᠭᠡ ᠬᠡᠷᠡᠭᠴᠡᠭᠡ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ | ᠲᠤᠯᠭᠠᠭᠤᠷᠢ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠦ᠂ ᠤᠯᠤᠰ ᠣᠷᠣᠨ ᠤ ᠬᠥᠭᠵᠢᠯᠲᠡ᠂ | ᠦᠨᠳᠦᠰᠦᠲᠡᠨ ᠤ ᠬᠥᠭᠵᠢᠯ ᠮᠠᠨᠳᠤᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠪᠠᠭᠰᠢ ᠨᠠᠷ ᠤᠨ | ᠳᠣᠲᠣᠷ᠎ᠠ ᠠᠴᠠ ᠨᠢᠭᠡ ᠪᠦᠯᠦᠭ ᠰᠤᠷᠭᠠᠨ ᠬᠥᠮᠥᠵᠢᠯᠲᠡᠨ ᠪᠠ ᠰᠢᠯᠢᠳᠡᠭ ᠪᠠᠭᠰᠢ ᠨᠠᠷ ᠴᠣᠯᠭᠤᠷᠠᠨ ᠭᠠᠷᠴᠤ᠂ ᠲᠡᠳᠡ | ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ | ᠪᠢᠰᠢᠷᠡᠯ ᠲᠠᠢ ᠪᠠᠶᠢᠵᠤ᠂ ᠦᠭᠡ ᠶᠠᠷᠢᠶ᠎ᠠ ᠨᠢ ᠡᠷᠳᠡᠮᠲᠡᠨ ᠤ ᠪᠠᠷᠢᠮᠵᠢᠶ᠎ᠠ᠂ ᠦᠢᠯᠡ ᠠᠵᠢᠯᠯᠠᠭ᠎ᠠ ᠨᠢ ᠶᠢᠷᠲᠢᠨᠴᠦ ᠶᠢᠨ | ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ᠂ ᠤᠶᠤᠨ ᠤᠬᠠᠭᠠᠨ ᠢ ᠰᠡᠬᠡᠭᠡᠷᠡᠭᠦᠯᠦᠨ | ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠬᠤ ᠬᠥᠮᠥᠨ ᠢ ᠬᠥᠮᠥᠵᠢᠭᠦᠯᠬᠦ ᠤᠶᠤᠨ | ᠤᠬᠠᠭᠠᠨ ᠲᠠᠢ᠂ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ | ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠲᠠᠢ᠂ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ | ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠥᠷᠥᠴᠡ ᠴᠡᠭᠡᠵᠢᠨ ᠳᠡᠭᠡᠨ ᠳᠡᠯᠡᠬᠡᠢ | ᠳ᠋ᠠᠬᠢᠨ ᠢ ᠪᠠᠭᠲᠠᠭᠠᠵᠤ᠂ ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠢᠶᠠᠨ ᠳᠤᠮᠳᠠᠳᠤ | ᠤᠯᠤᠰ ᠲᠤ ᠣᠨᠴᠠ ᠪᠠᠶᠢᠳᠠᠭ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠢᠯᠡᠷᠡᠭᠦᠯᠵᠡᠢ ᠭᠡᠵᠦ ᠬᠡᠯᠡᠪᠡ᠃ | ᠰᠢ ᠶᠢᠨ ᠫᠢᠩ᠂ ᠰᠢᠨ᠎ᠡ ᠠᠶᠠᠨ ᠳᠤ᠂ ᠲᠠ ᠨᠠᠷ ᠬᠢᠭᠡᠳ ᠪᠦᠭᠦ ᠤᠯᠤᠰ ᠤᠨ ᠥᠷᠭᠡᠨ ᠤᠯᠠᠨ ᠪᠠᠭᠰᠢ ᠨᠠᠷ | ᠰᠤᠷᠭᠠᠨ ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ | ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ ᠰᠤᠷᠭᠠᠨ ᠬᠥᠮᠦᠵᠢᠯ ᠤᠨ | ᠦᠢᠯᠡᠰ ᠲᠤ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ ︾ ᠭᠡᠬᠦ ᠬᠦᠰᠡᠯ ᠵᠣᠷᠢᠯᠲᠠ ᠶᠢ ᠪᠤᠢ | ᠪᠤᠯᠭᠠᠵᠤ᠂ ᠢᠲᠡᠭᠡᠯ ᠲᠠᠢ ᠪᠠᠷ ᠥᠪᠡᠷ ᠢ ᠪᠠᠨ ᠬᠦᠴᠦᠷᠬᠡᠭᠵᠢᠭᠦᠯᠵᠦ᠂ ᠡᠷᠡᠯᠬᠡᠭᠯᠡᠨ ᠲᠡᠮᠡᠴᠡᠵᠦ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ | ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | | | | | ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠪᠠᠭᠰᠢ ᠪᠣᠯ | ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠥᠨ᠂ | ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠶᠢᠨ ᠡᠩᠨᠡᠭᠡᠨ ᠤ ᠬᠡᠪ ᠴᠢᠨᠠᠷ | ᠳᠠᠰᠤᠷᠠᠯᠳᠠ ᠦᠭᠡᠢ ᠳᠡᠭᠡᠭᠰᠢᠯᠡᠵᠦ᠂ ᠪᠦᠲᠦᠴᠡ ᠳᠠᠰᠤᠷᠠᠯᠳᠠ ᠦᠭᠡᠢ ᠰᠢᠯᠢᠳᠡᠭᠵᠢᠵᠦ᠂ ᠬᠠᠷᠠᠭᠠᠯᠵᠠᠯ | ᠬᠦᠷᠲᠡᠭᠡᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠲᠡᠦᠬᠡᠲᠦ | ᠴᠢᠨᠠᠷᠲᠠᠢ ᠠᠮᠵᠢᠯᠲᠠ ᠣᠯᠵᠤ᠂ ᠨᠠᠮ ᠪᠣᠯᠣᠨ ᠤᠯᠤᠰ ᠲᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ | ᠬᠥᠮᠥᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ | ᠨᠡᠮᠡᠷᠢ ᠦᠵᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ | ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ | ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ | ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠬᠠᠷᠠᠭᠠᠯᠵᠠᠯ ᠬᠦᠷᠲᠡᠭᠡᠮᠵᠢ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠢᠷᠠᠭᠤ ᠠᠯᠳᠠᠷ ᠢ | ᠬᠥᠬᠢᠭᠦᠯᠦᠨ ᠰᠠᠶᠢᠰᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ ᠭᠦᠨᠳᠦᠳᠭᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ | ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ ᠬᠥᠮᠥᠰ ᠢ ᠪᠢᠰᠢᠷᠡᠭᠦᠯᠦᠮ᠎ᠡ ᠠᠵᠢᠯ ᠮᠡᠷᠭᠡᠵᠢᠯ ᠪᠤᠯᠭᠠᠵᠤ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ | ᠣᠷᠣᠯᠴᠠᠵᠤ᠂ ᠰᠢ ᠶᠢᠨ ᠫᠢᠩ ᠤᠨ ᠵᠠᠬᠢᠳᠠᠯ ᠪᠣᠯᠣᠨ ᠯᠢ ᠴᠢᠶᠠᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ | ᠶᠠᠷᠢᠶ᠎ᠠ ᠲᠠᠯᠪᠢᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ | ᠥᠭᠴᠦ᠂ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠭᠦᠭᠰᠡᠨ ᠨᠢ ᠨᠠᠮ ᠤᠨ ᠲᠥᠪ ᠬᠤᠷᠢᠶ᠎ᠠ ᠪᠣᠯᠣᠨ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠷᠭᠡᠨ ᠣᠯᠠᠨ ᠪᠠᠭᠰᠢ ᠨᠠᠷ ᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ | ᠭᠦᠢᠴᠡᠳ ᠬᠠᠷᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠷᠭᠡᠨ ᠤᠯᠠᠨ ᠪᠠᠭᠰᠢ | ᠨᠠᠷ ᠤᠨ ᠤᠯᠤᠰ ᠤᠨ ᠬᠥᠭᠵᠢᠯᠲᠡ᠂ ᠦᠨᠳᠦᠰᠦᠲᠡᠨ ᠤ ᠬᠥᠭᠵᠢᠯ ᠮᠠᠨᠳᠤᠯ ᠳᠤ ᠦᠵᠡᠭᠦᠯᠦᠭᠰᠡᠨ ᠴᠢᠬᠤᠯᠠ ᠬᠤᠪᠢ | ᠨᠡᠮᠡᠷᠢ ᠶᠢ ᠭᠦᠢᠴᠡᠳ ᠨᠤᠲᠠᠯᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ | ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ | ᠪᠠᠭᠰᠢ ᠳᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ ᠥᠷᠭᠡᠨ ᠤᠯᠠᠨ ᠪᠠᠭᠰᠢ ᠨᠠᠷ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠢ ᠬᠥᠮᠥᠵᠢᠭᠦᠯᠵᠦ᠂ ᠤᠭ | ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠵᠤ᠂ ᠤᠯᠤᠰ ᠲᠤ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠦᠷᠭᠦᠯᠵᠢᠯᠡᠨ ᠬᠥᠮᠥᠵᠢᠭᠦᠯᠵᠦ᠂ ᠨᠡᠩ ᠤᠯᠠᠨ ᠶᠡᠭᠡ ᠬᠡᠷᠡᠭᠴᠡᠭᠡ ᠲᠠᠢ᠂ | ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ ᠬᠥᠮᠥᠵᠢᠭᠦᠯᠬᠦ ᠶᠢ ᠬᠦᠰᠡᠵᠦ ᠪᠠᠶᠢᠨ᠎ᠠ᠃ | ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠦᠭᠡ ᠶᠠᠷᠢᠶ᠎ᠠ ᠨᠢ ᠡᠷᠳᠡᠮᠲᠡᠨ ᠤᠨ ᠪᠠᠷᠢᠮᠵᠢᠶ᠎ᠠ᠂ ᠦᠢᠯᠡ ᠠᠵᠢᠯᠯᠠᠭ᠎ᠠ | ᠨᠢ ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ ᠶᠢ ᠪᠤᠢ ᠪᠤᠯᠭᠠᠵᠤ᠂ ︽ | ᠨᠣᠮ ᠤᠨ ᠪᠠᠭᠰᠢ ︾ ᠪᠠ ︽ ᠬᠥᠮᠥᠨ ᠤ ᠪᠠᠭᠰᠢ ︾ ᠶᠢ ᠬᠠᠷᠢᠯᠴᠠᠨ ᠨᠢᠭᠡᠳᠬᠡᠭᠰᠡᠨ ︽ᠶᠡᠭᠡ ᠪᠠᠭᠰᠢᠲᠠᠨ ︾ | ᠪᠤᠯᠬᠤ ᠪᠠᠷ ᠴᠢᠷᠮᠠᠶᠢᠬᠤ ᠭᠡᠷᠡᠭᠲᠡᠢ︔ ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ | ᠲᠤᠨᠢ ᠲᠣᠬᠢᠷᠠᠭᠤᠯᠤᠨ ᠵᠢᠭᠠᠬᠤ ᠬᠥᠮᠥᠨ ᠢ ᠬᠥᠮᠥᠵᠢᠭᠦᠯᠬᠦ ᠤᠶᠤᠨ ᠤᠬᠠᠭᠠᠨ ᠲᠠᠢ ᠪᠠᠶᠢᠵᠤ᠂ ᠰᠤᠷᠤᠬᠴᠢ ᠨᠢᠭᠡ | ᠪᠦᠷᠢ ᠳᠤ ᠴᠥᠮ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠣᠭᠢᠶᠠᠯ ᠣᠯᠭᠤᠬᠤ | ᠭᠡᠷᠡᠭᠲᠡᠢ︔ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ | ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠢ ᠪᠠᠷᠢᠮᠲᠠᠯᠠᠵᠤ᠂ ᠨᠠᠰᠤᠨ ᠲᠤᠷᠰᠢᠲᠠ ᠰᠤᠷᠤᠯᠴᠠᠬᠤ ᠶᠢᠨ | ᠦᠢᠯᠡᠳᠦᠯᠭᠡᠵᠢᠭᠦᠯᠦᠭᠴᠢ ᠪᠤᠯᠬᠤ ᠭᠡᠷᠡᠭᠲᠡᠢ︔ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ | ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠶᠡᠭᠡ ᠬᠠᠶᠢᠷ᠎ᠠ ᠪᠠᠷ ᠬᠥᠮᠥᠨ ᠬᠥᠮᠥᠵᠢᠭᠦᠯᠬᠦ ᠠᠮᠢᠳᠤᠷᠠᠯ ᠢ | ᠪᠢᠴᠢᠭᠯᠡᠬᠦ ᠭᠡᠷᠡᠭᠲᠡᠢ︔ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠢᠶᠠᠷ ᠬᠥᠮᠥᠨ ᠢ | ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠰᠠᠭᠤᠷᠢ ᠠᠵᠢᠯ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ | ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ᠂ ᠨᠢᠭᠡ ᠪᠦᠯᠦᠭ ᠥᠨᠳᠥᠷ ᠬᠡᠪ ᠴᠢᠨᠠᠷ ᠲᠠᠢ ᠪᠠᠭᠰᠢ ᠶᠢ | ᠬᠥᠮᠥᠵᠢᠭᠦᠯᠦᠨ ᠪᠣᠶᠢᠵᠢᠭᠤᠯᠬᠤ ᠭᠡᠷᠡᠭᠲᠡᠶ︔ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠬᠠᠤᠯᠢ ᠶᠣᠰᠣᠭᠠᠷ | ᠪᠠᠲᠤᠯᠠᠵᠤ᠂ ᠰᠢᠯᠢᠳᠡᠭ ᠴᠢᠳᠠᠪᠤᠷᠢᠲᠠᠨ ᠢ ᠪᠠᠭᠰᠢᠯᠠᠭᠤᠯᠬᠤ ᠪᠠᠷ ᠲᠠᠳᠠᠨ ᠠᠪᠴᠢᠷᠠᠬᠤ ᠪᠠ ᠲᠣᠭᠲᠠᠭᠤᠨ ᠪᠠᠶᠢᠯᠭᠠᠬᠤ | ᠭᠡᠷᠡᠭᠲᠡᠢ︔ ᠪᠠᠭᠰᠢ ᠶᠢᠨ ᠬᠠᠮᠢᠶᠠᠷᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ | ᠨᠢᠭᠡ ᠪᠦᠷᠢ ᠳᠤ ᠴᠥᠮ ᠲᠥᠪ ᠭᠤᠤᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠭᠡᠷᠡᠭᠲᠡᠢ︔ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ | ᠭᠡᠷᠡᠭᠲᠡᠢ︔ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠤᠢ | ᠪᠤᠯᠭᠠᠵᠤ᠂ ︽ ᠠᠷᠠᠳ ᠤᠨ ᠪᠠᠭᠰᠢ ᠬᠢᠵᠠᠭᠠᠯᠠᠰᠢ ᠦᠭᠡᠢ ᠢᠷᠠᠭᠤ ᠠᠯᠳᠠᠷ ᠲᠠᠢ︾ ᠭᠡᠬᠦ ᠣᠶᠢᠯᠠᠭᠠᠭᠳᠠᠬᠤᠨ ᠢ | ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠨᠢᠭᠡᠳᠦᠭᠡᠷ ᠳᠡᠰ ᠤᠨ | ᠫᠷᠦ᠋ᠹᠧᠰᠰᠤᠷ ᠭᠤᠤ ᠮᠢᠩ ᠰᠢᠤᠸᠠᠨ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ | ᠫᠷᠦ᠋ᠹᠧᠰᠰᠤᠷ ᠭᠦ᠋ ᠮᠢᠩ ᠶᠤᠸᠠᠨ᠂ ᠵᠧᠵᠢᠶᠠᠩ ᠮᠤᠵᠢ ᠶᠢᠨ ᠬᠠᠩᠵᠧᠦ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠠᠬᠢᠷᠤᠯ ᠼᠠᠢ ᠰᠢᠶᠣᠣ ᠰᠢᠶᠦ᠋ᠩ᠂ ᠴᠢᠩᠬᠤᠸᠠ ᠶᠡᠭᠡ ᠰᠤᠷᠭᠠᠭᠤᠯᠢ ᠶᠢᠨ ᠫᠷᠦ᠋ᠹᠧᠰᠰᠤᠷ ᠾᠧ ᠺᠧ | ᠪᠢᠨ᠂ ᠱᠧᠨᠵᠧᠨ ᠤ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠰᠢᠦᠢ | ᡁᠢ ᠯᠢᠶᠠᠩ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠺᠠᠱᠭᠠᠷ ᠣᠷᠣᠨ ᠤ ᠪᠠ ᠴᠦ᠋ | ᠰᠢᠶᠠᠨ ᠤ ᠲᠦᠩ ᠮᠧᠩ ᠬᠡᠦᠬᠡᠳ ᠤᠨ ᠴᠡᠴᠡᠷᠯᠢᠭ ᠤᠨ ᠵᠠᠬᠢᠷᠤᠯ ᠠᠮᠢᠯᠠᠭᠦᠯᠢ · ᠠᠪᠦ᠋ᠳᠦ᠋᠂ ᠵᠢᠶᠠᠩᠰᠢ ᠮᠤᠵᠢ ᠶᠢᠨ | ᠨᠠᠨᠴᠠᠩ ᠬᠤᠳᠠ ᠶᠢᠨ ᠴᠢ ᠶᠢᠨ ᠰᠤᠷᠭᠠᠭᠤᠯᠢ ᠶᠢᠨ ᠵᠠᠬᠢᠷᠤᠯ ᠵᠠᠩ ᠯᠢ᠂ ᠰᠢ ᠠᠨ ᠤ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠨ ᠯᠢᠶᠠᠨ ᠹᠦ᠋ ᠤᠷᠢᠳ ᠬᠤᠵᠢᠳ | ᠦᠭᠡ ᠬᠡᠯᠡᠵᠡᠢ᠃ | ︽ ᠠᠷᠠᠳ ᠤᠨ ᠰᠤᠷᠭᠠᠨ ᠬᠥᠮᠥᠵᠢᠯᠲᠡᠨ ︾ ᠤ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ᠂ ︽ | ᠴᠠᠭ ᠦᠶ᠎ᠡ ᠶᠢᠨ ᠵᠢᠱᠢᠶᠡᠴᠢ ︾ ᠶᠢᠨ ᠳᠣᠲᠣᠷᠠᠬᠢ ᠪᠠᠭᠰᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠢᠴᠢᠭ | ᠵᠢᠭᠠᠵᠤ ᠬᠥᠮᠥᠨ ᠬᠥᠮᠥᠵᠢᠭᠦᠯᠦᠭᠰᠡᠨ ᠵᠢᠱᠢᠶᠡᠴᠢ᠂ ᠪᠦᠭᠦ ᠤᠯᠤᠰ ᠤᠨ ᠬᠠᠮᠤᠭ ᠤᠨ ᠭᠤᠶᠤ ᠪᠠᠭᠰᠢ ᠵᠡᠷᠭᠡ ᠪᠦᠭᠦ | ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠭᠢᠯᠭᠠᠨ ᠮᠡᠳᠡᠭᠡ︶ | |