ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠡᠳᠦᠷ 78 ᠨᠢᠭᠡᠳᠬᠡᠯ ᠠᠷᠮᠢ ᠳᠤ ᠠᠵᠢᠯ | ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ | ᠲᠤᠭᠤᠰᠢᠯᠠᠭᠤᠯᠵᠤ᠂ ᠨᠢᠭᠡᠳᠬᠡᠯ ᠠᠷᠮᠢ ᠶᠢᠨ ᠪᠠᠶᠢᠭᠤᠯᠤᠯᠲᠠ ᠬᠠᠮᠢᠶᠠᠷᠤᠯᠲᠠ ᠪᠣᠯᠣᠨ ᠪᠠᠶᠢᠯᠳᠤᠭᠠᠨ ᠬᠢᠬᠦ ᠬᠡᠷᠡᠭᠯᠡᠭᠡᠨ ᠤ | ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠴᠡᠷᠢᠭ ᠠᠩᠭᠢ ᠶᠢᠨ ᠲᠠᠶᠢᠨ ᠳᠤ ᠪᠡᠯᠡᠳᠬᠡᠬᠦ ᠲᠠᠶᠢᠨ ᠬᠢᠬᠦ | ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 9 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 78 ᠨᠢᠭᠡᠳᠬᠡᠯ | ᠠᠷᠮᠢ ᠳᠤ ᠠᠵᠢᠯ ᠪᠠᠶᠢᠴᠠᠭᠠᠪᠠ᠃ ᠵᠢᠷᠤᠭ ᠪᠣᠯ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ 78 ᠨᠢᠭᠡᠳᠬᠡᠯ ᠠᠷᠮᠢ ᠶᠢᠨ | ᠪᠠᠶᠢᠭᠤᠯᠭ᠎ᠠ ᠳᠤ ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠲᠤᠰ ᠨᠢᠭᠡᠳᠬᠡᠯ ᠠᠷᠮᠢ ᠶᠢᠨ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ ᠤᠯᠠᠨ ᠲᠠᠢ | ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢ ᠶᠢᠨ ᠫᠢᠩ ᠡᠩ ᠲᠡᠷᠢᠭᠦᠨ ᠳᠤ᠂ ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠮᠠᠨ ᠤ ᠤᠯᠤᠰ ᠤᠨ | ᠤᠮᠠᠷᠠᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠲᠤ ᠲᠤᠶᠢᠯ ᠤᠨ ᠶᠡᠭᠡ ᠪᠣᠷᠣᠭᠠᠨ ᠪᠠ ᠬᠦᠨᠳᠦ | ᠨᠣᠴᠢᠲᠠᠢ ᠦᠶᠡᠷ ᠤᠰᠤᠲᠤᠯ ᠤᠨ ᠭᠠᠮᠰᠢᠭ ᠭᠠᠷᠪᠠ᠃ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ | ᠦᠶᠡᠷ ᠢ ᠰᠡᠷᠭᠡᠶᠢᠯᠡᠨ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠳᠤ ᠦᠳᠲᠡᠷ ᠲᠦᠷᠭᠡᠨ | ᠣᠷᠣᠯᠴᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ | ᠪᠠᠲᠤᠯᠠᠵᠤ᠂ ᠭᠠᠪᠰᠢᠭᠠᠢ ᠠᠩᠭᠢ ᠶᠢᠨ ᠦᠢᠯᠡᠳᠦᠯ ᠢᠶᠠᠨ ᠮᠠᠰᠢ ᠰᠠᠶᠢᠨ ᠪᠠᠳᠠᠷᠠᠭᠤᠯᠵᠤ᠂ ᠠᠷᠠᠳ ᠤᠨ ᠬᠡᠦᠬᠡᠳ ᠳᠡᠭᠦᠦ | ᠨᠠᠷ ᠴᠡᠷᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ 78 ᠨᠢᠭᠡᠳᠬᠡᠯ ᠠᠷᠮᠢ ᠶᠢ ᠲᠣᠬᠢᠷᠠᠭᠤᠯᠤᠨ ᠪᠠᠶᠢᠭᠤᠯᠤᠭᠰᠠᠨ ᠠᠴᠠ ᠨᠠᠭᠠᠰᠢᠬᠢ ᠴᠡᠷᠢᠭ | ᠠᠩᠭᠢ ᠶᠢᠨ ᠪᠠᠶᠢᠭᠤᠯᠤᠯᠲᠠ ᠪᠣᠯᠣᠨ ᠡᠭᠦᠷᠭᠡ ᠪᠠᠨ ᠭᠦᠢᠴᠡᠳᠬᠡᠭᠰᠡᠨ ᠪᠠᠶᠢᠳᠠᠯ ᠢ ᠨᠤᠲᠠᠯᠠᠪᠠ᠃ ᠲᠡᠷᠡ᠂ ᠴᠡᠷᠢᠭ ᠤᠨ | ᠶᠠᠪᠤᠳᠠᠯ ᠤᠨ ᠲᠡᠮᠡᠴᠡᠯ ᠤᠨ ᠪᠡᠯᠡᠳᠬᠡᠯ ᠤᠨ ᠴᠢᠨᠠᠷ ᠴᠢᠨᠰᠠᠭ᠎ᠠ ᠪᠣᠯᠣᠨ ᠲᠦᠪᠰᠢᠨ ᠢ ᠳᠡᠭᠡᠭᠰᠢᠯᠡᠭᠦᠯᠵᠦ᠂ ᠬᠦᠨᠳᠦ | ᠪᠡᠷᠬᠡ ᠰᠡᠳᠦᠪ ᠢ ᠲᠤᠰᠬᠠᠶᠢᠯᠠᠨ ᠰᠤᠳᠤᠯᠵᠤ ᠨᠠᠷᠢᠯᠢᠭ ᠪᠣᠯᠪᠠᠰᠤᠷᠠᠬᠤ ᠶᠢ ᠴᠢᠩᠭᠠᠳᠬᠠᠵᠤ᠂ ᠰᠢᠨ᠎ᠡ ᠴᠢᠨᠠᠷ ᠤᠨ | ᠲᠠᠶᠢᠴᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠷᠢᠶᠠᠯᠠᠭᠳᠠᠬᠤ ᠪᠠᠶᠢᠯᠳᠤᠭᠠᠨ ᠤ ᠬᠦᠴᠦᠨ᠂ | ᠪᠠᠶᠢᠯᠳᠤᠭᠠᠨ ᠤ ᠨᠢᠭᠡᠴᠢ᠂ ᠪᠠᠶᠢᠯᠳᠤᠭᠠᠨ ᠤ ᠡᠯᠧᠮᠧᠨ᠋ᠲ ᠢ ᠠᠭᠤᠰᠤᠯᠴᠠᠭᠤᠯᠤᠨ ᠬᠤᠷᠠᠮᠳᠤᠭᠤᠯᠬᠤ ᠶᠢ ᠴᠢᠩᠭᠠᠳᠬᠠᠵᠤ᠂ | ᠬᠠᠮᠲᠤᠷᠠᠭᠰᠠᠨ ᠪᠠᠶᠢᠯᠳᠤᠭᠠᠨ ᠤ ᠰᠢᠰᠲ᠋ᠧᠮ ᠳᠤ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ | ᠪᠦᠭᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ | ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠴᠢᠩᠭ᠎ᠠ | ᠠᠳᠬᠤᠨ ᠰᠠᠭᠤᠷᠢ ᠲᠠᠯᠪᠢᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠴᠡᠷᠢᠭ ᠠᠩᠭᠢ ᠶᠢᠨ ᠬᠥᠮᠦᠵᠢᠯ | ᠬᠠᠮᠢᠶᠠᠷᠤᠯᠲᠠ ᠶᠢ ᠴᠢᠩᠳᠠᠯᠠᠵᠤ᠂ ᠴᠡᠷᠢᠭ ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠯ ᠨᠢᠭᠡᠳᠦᠯ ᠪᠠ ᠠᠮᠤᠷ | ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠠᠩᠭᠢ ᠶᠢᠨ ᠬᠥᠭᠵᠢᠯᠲᠡ ᠶᠢᠨ | ᠪᠣᠭᠤᠮᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠨᠢᠭᠡᠳᠬᠡᠯ ᠠᠷᠮᠢ ᠶᠢᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠳᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃ | ︵ ᠰᠢᠨᠬᠤᠸᠠ ᠬᠤᠷᠢᠶ᠎ᠠ ᠶᠢᠨ ᠬᠠᠷᠪᠢᠨ ᠤ 9 ᠰᠠᠷ᠎ᠠ ᠶᠢᠨ 10 ᠤ ᠴᠠᠭᠢᠯᠭᠠᠨ ᠮᠡᠳᠡᠭᠡ ︶ | |