ᠰᠢᠨᠬᠤᠸᠠ ᠬᠤᠷᠢᠶ᠎ᠠ ᠶᠢᠨ ᠬᠠᠷᠪᠢᠨ ᠤ 9 ᠰᠠᠷ᠎ᠠ ᠶᠢᠨ 9 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ | ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ | ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠵᠡᠭᠦᠨ ᠬᠤᠶᠢᠲᠤ ᠣᠷᠣᠨ ᠤ ᠤᠯᠤᠰ ᠤᠨ ︽ᠲᠠᠪᠤᠨ ᠶᠡᠭᠡ | ᠠᠮᠤᠷ ᠲᠦᠪᠰᠢᠨ ︾ ᠢ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ ᠶᠢ ᠪᠠᠲᠤ ᠡᠵᠡᠮᠳᠡᠵᠦ ᠂ ᠴᠢᠨᠠᠷ ᠰᠠᠶᠢᠲᠠᠢ | ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠭᠡᠬᠦ | ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠦᠨ ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠳᠠᠪᠠᠭᠤᠯᠢᠭ ᠢᠶᠠᠨ ᠪᠠᠬᠢᠵᠢᠭᠦᠯᠬᠦ ᠂ ᠳᠤᠲᠠᠭᠤᠳᠠᠯ ᠢᠶᠠᠨ | ᠨᠥᠬᠦᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠬᠠᠷᠠᠯᠲᠠ ᠪᠠᠨ | ᠰᠤᠯᠠᠷᠠᠭᠤᠯᠤᠯ ᠦᠭᠡᠢ ᠪᠠᠷᠢᠮᠲᠠᠯᠠᠵᠤ ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ ᠪᠣᠳᠠᠲᠠᠢ ᠠᠵᠢᠯᠯᠠᠵᠤ ᠂ ᠴᠢᠨᠠᠷ | ᠰᠠᠶᠢᠲᠠᠢ ᠬᠥᠭᠵᠢᠭᠰᠡᠨ ᠂ ᠦᠷᠭᠦᠯᠵᠢᠯᠡᠨ ᠬᠥᠭᠵᠢᠨ ᠮᠠᠨᠳᠤᠬᠤ ᠰᠢᠨ᠎ᠡ ᠵᠠᠮ ᠢᠶᠠᠷ ᠴᠢᠷᠮᠠᠶᠢᠨ ᠵᠠᠮᠨᠠᠵᠤ ᠂ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠪᠠ ᠃ | | | | | | 9 ᠰᠠᠷ᠎ᠠ ᠶᠢᠨ 7 ᠤ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ | ᠬᠠᠮᠲᠤ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ ᠃ | ᠶᠠᠷᠢᠯᠴᠠᠬᠤ ᠬᠤᠷᠠᠯ ᠳᠡᠭᠡᠷ᠎ᠡ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠭᠢᠯᠡᠭᠴᠢ ᠵᠧᠩ ᠱᠠᠨ ᠵᠢᠶᠧ ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠂ ᠭᠢᠷᠢᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠩ ᠵᠢᠶᠦ᠋ᠨ ᠬᠠᠢ ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠰᠢᠦᠢ ᠴᠢᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠧᠩ ᠤᠷᠢᠳ ᠬᠤᠵᠢᠳ ᠦᠭᠡ ᠬᠡᠯᠡᠵᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃ | ᠤᠯᠠᠨ ᠤ ᠶᠠᠷᠢᠬᠤ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ | 2018 ᠣᠨ ᠤ 9 ᠰᠠᠷ᠎ᠠ ᠳᠤ ᠮᠦᠭᠳᠡᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠰᠠᠨ ᠠᠴᠠ ᠨᠠᠭᠠᠰᠢ ᠂ ᠵᠡᠭᠦᠨ ᠬᠤᠶᠢᠲᠤ ᠶᠢᠨ ᠭᠤᠷᠪᠠᠨ | ᠮᠤᠵᠢ ᠵᠢᠴᠢ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠭᠠᠷᠭᠠᠵᠤ ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ︽ᠲᠣᠭᠲᠠᠪᠤᠷᠢᠵᠢᠭᠤᠯᠤᠭᠴᠢ ︾ ᠶᠢᠨ ᠦᠢᠯᠡᠳᠦᠯ ᠴᠢᠨᠠᠭᠰᠢᠳᠠ ᠪᠠᠬᠢᠵᠢᠵᠦ ᠂ ᠠᠵᠤ ᠦᠢᠯᠡᠰ ᠤᠨ | ᠠᠮᠤᠷ ᠲᠦᠪᠰᠢᠨ ᠤ ᠰᠠᠭᠤᠷᠢ ᠲᠠᠰᠤᠷᠠᠯᠳᠡ ᠦᠭᠡᠢ ᠪᠠᠬᠢᠵᠢᠵᠦ ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ | ᠦᠢᠯᠡᠳᠦᠯ ᠲᠠᠰᠤᠷᠠᠯᠳᠡ ᠦᠭᠡᠢ ᠴᠢᠩᠭᠠᠷᠠᠵᠤ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ | ᠦᠭᠡᠢ ᠪᠠᠬᠢᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ | ᠲᠣᠭᠲᠠᠭᠤᠨ ᠢᠶᠠᠷ ᠳᠡᠭᠡᠭᠰᠢᠯᠡᠵᠦ ᠂ ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠳᠦᠷᠰᠦ ᠪᠠᠶᠢᠳᠠᠯ ᠢᠯᠡᠷᠡᠵᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ ᠂ ᠠᠵᠤ | ᠦᠢᠯᠡᠰ ᠤᠨ ᠰᠠᠭᠤᠷᠢ ᠨᠡᠯᠢᠶᠡᠳ ᠵᠤᠵᠠᠭᠠᠨ ᠂ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ ᠂ ᠬᠥᠭᠵᠢᠯᠲᠡ ᠶᠢᠨ | ᠳᠠᠯᠳᠠ ᠬᠦᠴᠦᠨ ᠯᠤᠲᠤ ᠶᠡᠭᠡ ᠪᠠᠶᠢᠳᠠᠭ ᠃ ᠣᠳᠣᠬᠠᠨ ᠳᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠄ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ ᠨᠢ ᠵᠡᠭᠦᠨ ᠬᠤᠶᠢᠲᠤ ᠣᠷᠣᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠣᠯᠣᠨ ᠠᠵᠤ ᠦᠢᠯᠡᠰ ᠤᠨ | ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠠᠰᠢᠬᠲᠠᠢ ︔ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠵᠡᠭᠦᠨ ᠬᠤᠶᠢᠲᠤ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ | ᠪᠠᠶᠢᠷᠢ ᠰᠠᠭᠤᠷᠢ ᠶᠢ ᠤᠯᠠᠮ ᠴᠢᠨᠠᠭᠰᠢᠳᠠ ᠲᠤᠪᠤᠶᠢᠯᠭᠠᠪᠠ ︔ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠵᠡᠭᠦᠨ ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ | ᠦᠢᠯᠡᠳᠦᠯ ᠢ ᠴᠢᠩᠭᠠᠳᠬᠠᠬᠤ ᠴᠢᠬᠤᠯᠠᠲᠠᠢ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠂ ᠵᠡᠭᠦᠨ ᠬᠤᠶᠢᠲᠤ ᠣᠷᠣᠨ ᠤ ᠬᠢᠨ ᠯᠠᠪᠲᠠᠢ ᠰᠦᠷ | ᠵᠢᠪᠬᠤᠭ᠎ᠠ ᠪᠠᠨ ᠳᠠᠬᠢᠨᠲᠠ ᠪᠠᠳᠠᠷᠠᠭᠤᠯᠵᠤ ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠢᠲᠡᠭᠡᠵᠦ ᠪᠠᠶᠢᠨ᠎ᠠ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠠᠬᠢᠭᠤᠯᠵᠤ ᠂ ᠵᠡᠭᠦᠨ ᠬᠤᠶᠢᠲᠤ ᠶᠢᠨ ᠣᠨᠴᠠᠯᠢᠭ ᠲᠠᠢ ᠳᠠᠪᠠᠭᠤᠯᠢᠭ ᠪᠦᠬᠦᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ ᠃ ᠵᠡᠭᠦᠨ ᠬᠤᠶᠢᠲᠤ | ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠰᠠᠭᠤᠷᠢ ᠨᠢ ᠪᠣᠳᠠᠲᠤ | ᠴᠣᠭᠴᠠ ᠶᠢᠨ ᠠᠵᠤ ᠠᠬᠤᠢ ᠳᠤ ᠪᠤᠢ ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠪᠤᠢ ᠂ ᠴᠢᠭᠯᠡᠯ ᠨᠢ ᠠᠵᠤ ᠦᠢᠯᠡᠰ ᠤᠨ ᠳᠡᠰ ᠳᠡᠪᠰᠢᠬᠦ ᠳᠤ ᠪᠤᠢ ᠃ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠬᠢᠵᠢᠭᠦᠯᠬᠦ ᠂ | ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠨᠡᠮᠡᠯᠲᠡ ᠦᠷᠳᠡᠭ ᠢ | ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠤᠯᠠᠮᠵᠢᠯᠠᠯᠲᠤ ᠦᠢᠯᠡᠳᠬᠦ ᠦᠢᠯᠡᠰ ᠤᠨ ᠲᠣᠭᠠᠴᠢᠯᠠᠭᠰᠠᠨ ᠂ | ᠰᠦᠯᠵᠢᠶᠡᠵᠢᠭᠰᠡᠨ ᠂ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ ᠂ ᠠᠵᠤ ᠦᠢᠯᠡᠰ ᠤᠨ ᠬᠡᠯᠬᠢᠶ᠎ᠡ ᠶᠢ | ᠳᠡᠭᠡᠳᠦ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ ᠶᠢ ᠠᠬᠢᠭᠤᠯᠵᠤ ᠂ ᠨᠡᠯᠢᠶᠡᠳ ᠲᠡᠭᠦᠯᠳᠡᠷᠵᠢᠭᠰᠡᠨ ᠠᠵᠤ | ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠃ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠬᠡᠵᠦ ᠰᠢᠯᠢᠳᠡᠭᠵᠢᠭᠦᠯᠦᠨ ᠂ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠵᠦ ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠬᠦ ᠬᠡᠷᠡᠭᠲᠡᠢ ᠃ | ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠣᠶᠢᠵᠢᠭᠤᠯᠵᠤ ᠂ ᠠᠵᠢᠯ ᠲᠥᠷᠥᠯ ᠢᠶᠠᠷ | ᠬᠠᠮᠲᠤᠷᠠᠯᠴᠠᠬᠤ ᠶᠢ ᠴᠢᠩᠭᠠᠳᠬᠠᠨ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ ᠃ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ | ᠲᠡᠷᠢᠭᠦᠨ ᠤ ᠦᠢᠯᠡᠳᠬᠦ ᠦᠢᠯᠡᠰ ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ ᠂ ᠢᠷᠡᠭᠡᠳᠦᠢ ᠶᠢᠨ ᠠᠵᠤ ᠦᠢᠯᠡᠰ ᠢ | ᠢᠳᠡᠪᠬᠢᠲᠡᠢ ᠬᠥᠭᠵᠢᠭᠦᠯᠦᠨ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠢ ᠪᠤᠯᠭᠠᠵᠤ ᠂ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠴᠢᠩᠭᠠᠷᠠᠭᠤᠯᠬᠤ ᠬᠡᠷᠡᠭᠲᠡᠢ ᠃ ᠰᠠᠯᠬᠢᠨ ᠬᠦᠴᠦᠨ ᠤ ᠴᠠᠭᠢᠯᠭᠠᠨ ᠂ | ᠭᠡᠷᠡᠯ ᠴᠠᠭᠢᠯᠭᠠᠨ ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠪᠴᠢᠯᠡᠨ ᠬᠥᠭᠵᠢᠭᠦᠯᠵᠦ ᠂ ᠰᠠᠯᠬᠢᠨ | ᠭᠡᠷᠡᠯ ᠢᠯᠴᠢ ᠴᠥᠮ᠎ᠡ ᠶᠢᠨ ᠨᠥᠭᠡᠴᠡᠯᠡᠯᠲᠡ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ | ᠪᠠᠶᠢᠭᠤᠯᠬᠤ ᠬᠡᠷᠡᠭᠲᠡᠢ ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠂ ᠵᠡᠭᠦᠨ | ᠬᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠮᠢᠳᠤ ᠪᠣᠳᠠᠰ ᠤᠨ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ ᠂ ᠤᠳᠤ ᠦᠶ᠎ᠡ ᠶᠢᠨ ᠠᠮᠢᠳᠤ ᠪᠣᠳᠠᠰ ᠂ ᠲᠣᠮᠣ ᠳ᠋ᠠᠶᠢᠲ᠋ᠠ ᠵᠡᠷᠭᠡ ᠰᠢᠨ᠎ᠡ ᠪᠠᠷ | ᠬᠥᠭᠵᠢᠭᠰᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠂ ᠮᠥᠰᠥ ᠴᠠᠰᠤᠨ ᠤ ᠠᠵᠤ ᠠᠬᠤᠢ ᠪᠠ ᠲᠠᠯᠠᠢ | ᠲᠠᠩᠭᠢᠰ ᠤᠨ ᠠᠵᠤ ᠠᠬᠤᠢ ᠶᠢ ᠬᠥᠭᠵᠢᠭᠦᠯᠬᠦ ᠬᠡᠷᠡᠭᠲᠡᠢ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠬᠥᠭᠵᠢᠭᠦᠯᠦᠨ ᠮᠠᠨᠳᠤᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠲᠡᠶᠢᠰᠢ ᠲᠥᠪᠯᠡᠷᠡᠬᠦ ᠶᠢ ᠠᠬᠢᠭᠤᠯᠵᠤ ᠂ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ ᠃ ᠲᠥᠪ ᠤᠨ ᠪᠠ ᠣᠷᠣᠨ | ᠨᠤᠲᠤᠭ ᠤᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ ᠂ ᠲᠥᠪ ᠪᠠ ᠣᠷᠣᠨ ᠨᠤᠲᠤᠭ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠨᠡᠩ | ᠰᠠᠶᠢᠲᠤᠷ ᠳᠠᠶᠢᠴᠢᠯᠠᠬᠤ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠲᠡᠮᠵᠢᠨ ᠵᠣᠷᠢᠭᠵᠢᠭᠤᠯᠵᠤ ᠂ ᠬᠥᠲᠥᠯᠥᠨ ᠵᠢᠯᠤᠭᠤᠳᠴᠤ ᠂ ᠳᠤᠮᠳᠠ ᠪᠠᠭ᠎ᠠ ᠠᠵᠤ ᠠᠬᠤᠶᠢᠯᠠᠯ ᠳᠤ ᠬᠠᠨᠳᠤᠭᠤᠯᠤᠭᠰᠠᠨ | ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠤᠯᠠᠨ | ᠲᠦᠷᠦᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ | ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ | ᠪᠤᠯᠭᠠᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ | ᠬᠡᠷᠡᠭᠲᠡᠢ ᠃ ᠤᠯᠤᠰ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ︽ | ᠲᠣᠭᠲᠠᠪᠤᠷᠢᠵᠢᠭᠤᠯᠤᠭᠴᠢ ︾ ᠪᠤᠯᠬᠤ ᠪᠣᠯ ᠵᠡᠭᠦᠨ ᠬᠤᠶᠢᠲᠤ ᠣᠷᠣᠨ ᠤ ᠲᠡᠷᠢᠭᠦᠨ ᠴᠢᠬᠤᠯᠠ ᠬᠠᠷᠢᠭᠤᠴᠠᠯᠭ᠎ᠠ | ᠡᠭᠦᠷᠭᠡᠯᠡᠯ ᠪᠣᠯᠣᠨ᠎ᠠ ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ | ᠪᠡᠶᠡᠯᠡᠭᠦᠯᠵᠦ ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠂ | ᠡᠩ ᠤᠨ ᠦᠶ᠎ᠡ ᠳᠤ ᠤᠨᠠᠯᠲᠠ ᠲᠠᠢ ᠂ ᠬᠠᠩᠭᠠᠯᠭ᠎ᠠ ᠭᠦᠢᠴᠡᠳ ᠂ ᠬᠡᠲᠦᠷᠡᠮᠡᠬᠡᠢ ᠪᠠᠶᠢᠳᠠᠯ ᠳᠣᠣᠷ᠎ᠠ ᠳᠠᠭᠠᠭᠠᠵᠤ | ᠳᠡᠶᠢᠯᠭᠦ ᠂ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠣᠷᠣᠭᠤᠯᠤᠯᠲᠠ ᠪᠠᠨ ᠨᠡᠮᠡᠭᠳᠡᠭᠦᠯᠦᠨ ᠂ ᠦᠨᠳᠦᠰᠦᠨ | ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ | ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠬᠡᠷᠡᠭᠵᠢᠭᠦᠯᠬᠦ ᠬᠡᠪᠴᠢᠶ᠎ᠡ ᠶᠢ ᠵᠡᠷᠭᠡ ᠳᠤᠨᠢ ᠥᠷᠭᠡᠳᠬᠡᠨ ᠂ | ᠭᠤᠣᠯ ᠨᠠᠭᠤᠷ ᠢ ᠬᠤᠯᠪᠣᠨ ᠨᠡᠪᠲᠡᠷᠡᠭᠦᠯᠬᠦ ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ | ᠪᠠᠶᠢᠭᠤᠯᠵᠤ ᠥᠭᠡᠷᠡᠴᠢᠯᠡᠬᠦ ᠢᠨᠵᠧᠨᠧᠷᠢᠩ ᠢ ᠢᠵᠢ ᠪᠦᠷᠢᠳᠦᠭᠦᠯᠦᠨ ᠬᠡᠷᠡᠭᠵᠢᠭᠦᠯᠵᠦ ᠂ ᠦᠷ᠎ᠡ ᠶᠢᠨ ᠦᠢᠯᠡᠰ ᠢ | ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ ᠂ ᠲᠠᠷᠢᠶᠠᠯᠠᠬᠤ ᠳᠤ ᠲᠣᠬᠢᠷᠠᠬᠤ ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠢ ᠃ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ ᠂ | ᠵᠡᠭᠦᠨ ᠬᠤᠶᠢᠲᠤ ᠶᠢᠨ ᠡᠯ᠎ᠡ ᠲᠥᠷᠥᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ ᠂ ᠣᠳᠣ | ᠦᠶ᠎ᠡ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ ᠂ ᠠᠮᠤ ᠪᠤᠳᠠᠭ᠎ᠠ | ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠂ ᠲᠠᠷᠢᠶᠠᠯᠠᠩ ᠣᠶ ᠰᠢᠭᠤᠢ ᠮᠠᠯ | ᠠᠵᠤ ᠠᠬᠤᠢ ᠵᠢᠭᠠᠰᠤᠨ ᠤ ᠠᠵᠤ ᠠᠬᠤᠢ ᠶᠢ ᠵᠡᠷᠭᠡ ᠳᠤᠨᠢ ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ ᠪᠤᠶ | ᠪᠤᠯᠭᠠᠵᠤ ᠂ ᠲᠠᠷᠢᠶᠠᠯᠠᠩ ᠢ ᠲᠣᠮᠣ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ ᠃ ᠲᠠᠷᠢᠶᠠᠯᠠᠩ ᠤᠨ | ᠪᠦᠲᠦᠭᠡᠭᠳᠡᠬᠦᠨ ᠢ ᠠᠩᠬ᠎ᠠ ᠪᠤᠯᠪᠠᠰᠤᠷᠠᠭᠤᠯᠬᠤ ᠪᠠ ᠨᠠᠷᠢᠯᠢᠭ ᠪᠤᠯᠪᠠᠰᠤᠷᠠᠭᠤᠯᠬᠤ ᠶᠢ ᠬᠠᠮᠵᠢᠯᠴᠠᠨ ᠠᠬᠢᠭᠤᠯᠵᠤ ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ ᠲᠠᠷᠢᠶᠠᠯᠠᠩ ᠤᠨ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠤ ᠂ | ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠵᠡᠭᠦᠨ | ᠬᠤᠶᠢᠲᠤ ᠣᠷᠣᠨ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠭᠦᠳᠡ ᠡᠷᠦᠭᠡ ᠮᠥᠨ ᠂ ᠮᠠᠨ ᠤ | ᠤᠯᠤᠰ ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠᠬᠢ ᠪᠠᠶᠢᠯᠳᠤᠬᠤ ᠪᠣᠳᠣᠯᠭ᠎ᠠ ᠶᠢᠨ | ᠪᠠᠶᠢᠷᠢ ᠰᠠᠭᠤᠷᠢ ᠪᠠ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ ᠃ ᠬᠤᠰᠢᠭᠤᠷᠠᠯ ᠤᠨ ᠤᠬᠠᠮᠰᠠᠷ ᠂ | ᠨᠡᠭᠡᠭᠡᠯᠲᠡ ᠶᠢᠨ ᠤᠬᠠᠮᠰᠠᠷ ᠢᠶᠠᠨ ᠴᠢᠩᠭᠠᠳᠬᠠᠵᠤ ᠂ ᠵᠡᠭᠦᠨ ᠬᠡᠰᠡᠭ ᠤᠨ ᠲᠠᠯᠠᠢ ᠳᠠᠭᠠᠤ ᠣᠷᠣᠨ ᠪᠣᠯᠣᠨ ᠪᠡᠭᠡᠵᠢᠩ | ᠲᠢᠶᠠᠨᠵᠢᠨ ᠾᠧᠪᠧᠢ ᠯᠦᠭᠡ ᠶᠢᠨ ᠬᠠᠷᠢᠯᠴᠠᠭ᠎ᠠ ᠶᠢ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠰᠢᠯᠤᠭᠤᠳᠬᠠᠬᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ | ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠃ ᠵᠡᠭᠦᠨ ᠬᠤᠶᠢᠲᠤ ᠣᠷᠣᠨ ᠤ ᠤᠳᠤ ᠦᠶ᠎ᠡ ᠶᠢᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠰᠢᠰᠲ᠋ᠧᠮ ᠲᠠᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ ᠂ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠂ ᠲᠦᠷᠭᠡᠨ ᠤ ᠲᠡᠮᠦᠷ ᠵᠠᠮ ᠤᠨ ᠲᠣᠣᠷ ᠪᠣᠯᠣᠨ ᠲᠡᠮᠦᠷ ᠵᠠᠮ ᠤᠨ | ᠲᠣᠣᠷ ᠂ ᠰᠢᠨ᠎ᠡ ᠭᠡᠯᠪᠡᠷᠢ ᠶᠢᠨ ᠴᠠᠭᠢᠯᠭᠠᠨ ᠲᠣᠣᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠂ | ᠰᠢᠨ᠎ᠡ ᠨᠢᠭᠡ ᠦᠶ᠎ᠡ ᠶᠢᠨ ᠰᠢᠯᠵᠢᠭᠡ ᠴᠢᠮᠡᠭᠡ ᠬᠤᠯᠪᠤᠭ᠎ᠠ ᠪᠣᠯᠣᠨ ᠳ᠋ᠠᠶᠢᠲ᠋ᠠ ᠶᠢᠨ ᠲᠣᠣᠷ ᠢ ᠲᠦᠷᠭᠡᠨ ᠨᠤᠲᠠᠯᠠᠬᠤ ᠪᠠ | ᠪᠦᠲᠦᠭᠡᠨ ᠪᠠᠶᠢᠭᠤᠯᠵᠤ ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠂ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ | ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠵᠡᠭᠦᠨ ᠬᠤᠶᠢᠲᠤ ᠣᠷᠣᠨ ᠤ ᠪᠦᠭᠦ ᠤᠯᠤᠰ ᠤᠨ ᠨᠢᠭᠡᠳᠦᠯᠲᠡᠢ ᠶᠡᠭᠡ | ᠵᠠᠬ᠎ᠠ ᠳᠡᠯᠭᠡᠭᠦᠷ ᠲᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠃ ᠳᠦᠷᠢᠮ ᠂ ᠲᠣᠭᠲᠠᠭᠠᠯ ᠂ | ᠬᠠᠮᠢᠶᠠᠷᠤᠯᠲᠠ ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ | ᠬᠡᠷᠡᠭᠲᠡᠢ ᠃ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠂ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ | ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ ᠂ ᠭᠡᠷ ᠪᠦᠯᠢ ᠶᠢᠨ ᠦᠷᠡᠵᠢᠯ ᠠᠰᠠᠷᠠᠬᠤ ᠰᠤᠷᠭᠠᠨ ᠬᠥᠮᠦᠵᠢᠯ ᠤᠨ | ᠳᠠᠷᠤᠭᠠᠰᠤ ᠶᠢ ᠬᠥᠩᠭᠡᠷᠡᠭᠦᠯᠵᠦ ᠂ ᠵᠣᠬᠢᠬᠤ ᠦᠷᠡᠵᠢᠯ ᠤᠨ ᠨᠣᠷᠮ᠎ᠠ ᠪᠠ ᠬᠥᠮᠥᠨ ᠠᠮᠠ ᠶᠢᠨ ᠬᠡᠪᠴᠢᠶ᠎ᠡ ᠶᠢ ᠪᠠᠲᠤᠯᠠᠬᠤ | ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ ᠂ ᠵᠡᠭᠦᠨ ᠬᠤᠶᠢᠲᠤ ᠶᠢᠨ ᠳᠡᠭᠡᠳᠦ | ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠂ ᠪᠦᠭᠦ ᠠᠷᠠᠳ ᠢᠯᠠᠩᠭᠤᠶ᠎ᠠ | ᠵᠠᠯᠠᠭᠤᠴᠤᠳ ᠤᠨ ᠰᠤᠷᠭᠠᠨ ᠬᠥᠮᠦᠵᠢᠯ ᠭᠦᠷᠲᠡᠭᠦ ᠲᠦᠪᠰᠢᠨ ᠢ ᠳᠡᠭᠡᠭᠰᠢᠯᠡᠭᠦᠯᠵᠦ ᠂ ᠬᠥᠮᠥᠨ ᠠᠮᠠ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠶᠢ ᠡᠭᠦᠳᠬᠦ ᠠᠵᠤ ᠦᠢᠯᠡᠰ ᠤᠨ ᠣᠷᠴᠢᠨ ᠨᠥᠬᠦᠴᠡᠯ ᠢ | ᠰᠢᠯᠢᠳᠡᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ ᠂ | ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ ᠂ ᠨᠡᠩ ᠤᠯᠠᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ ᠂ ᠵᠡᠭᠦᠨ | ᠬᠤᠶᠢᠲᠤ ᠣᠷᠣᠨ ᠤ ᠴᠢᠳᠠᠪᠤᠷᠢᠲᠠᠨ ᠢ ᠦᠯᠡᠳᠡᠭᠡᠬᠦ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ | ᠬᠡᠷᠡᠭᠲᠡᠢ ᠃ ᠬᠢᠯᠢ ᠳᠠᠭᠠᠤ ᠣᠷᠣᠨ ᠤ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠂ ᠡᠨᠧᠷᠭᠢ ᠂ ᠤᠰᠤᠨ ᠠᠰᠢᠭᠯᠠᠯᠲᠠ | ᠵᠡᠷᠭᠡ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ ᠂ ᠬᠢᠯᠢ ᠳᠠᠭᠠᠤ ᠠᠶᠢᠯ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ ᠂ ᠣᠲᠣ ᠶᠢᠨ ᠪᠠᠶᠢᠭ᠎ᠠ ᠬᠥᠮᠥᠨ ᠠᠮᠠ ᠶᠢ ᠴᠢᠷᠮᠠᠶᠢᠨ ᠦᠯᠡᠳᠡᠭᠡᠬᠦ ᠶᠢᠨ ᠬᠠᠮᠲᠤ ᠬᠢᠯᠢ | ᠳᠠᠭᠠᠤ ᠶᠢᠨ ᠠᠷᠠᠯᠵᠢᠶ᠎ᠠ ᠂ ᠬᠢᠯᠢ ᠳᠠᠭᠠᠤ ᠶᠢᠨ ᠵᠢᠭᠤᠯᠴᠢᠯᠠᠯ ᠪᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ ᠂ ᠬᠢᠯᠢ ᠳᠠᠭᠠᠤ | ᠬᠤᠲᠠ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠬᠤ ᠶᠢ ᠳᠡᠮᠵᠢᠵᠦ ᠂ ᠰᠢᠶᠠᠨ ᠤ | ᠬᠤᠲᠠ ᠪᠣᠯᠣᠨ ᠵᠢᠵᠢᠭ ᠬᠤᠲᠠ ᠪᠠᠯᠭᠠᠰᠤ ᠶᠢ ᠬᠠᠪᠰᠤᠷᠤᠨ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠪᠣᠯᠣᠨ | ᠬᠥᠮᠥᠨ ᠠᠮᠠ ᠶᠢ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠬᠢᠯᠢ ᠬᠢᠵᠠᠭᠠᠷ ᠣᠷᠣᠨ ᠢ | ᠬᠠᠮᠠᠭᠠᠯᠠᠬᠤ ᠨᠠᠩ ᠬᠦᠴᠦᠲᠡᠢ ᠨᠥᠬᠦᠪᠦᠷᠢ ᠥᠭᠬᠦ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ ᠂ ᠬᠤᠳᠠᠯᠳᠤᠭ᠎ᠠ | ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠃ ᠵᠡᠭᠦᠨ ᠬᠤᠶᠢᠲᠤ ᠶᠢᠨ ᠶᠠᠫᠤᠨ ᠢ | ᠡᠰᠡᠷᠭᠦᠴᠡᠬᠦ ᠬᠤᠯᠪᠣᠭᠠᠲᠤ ᠴᠡᠷᠢᠭ ᠤᠨ ᠵᠣᠷᠢᠭ ᠰᠠᠨᠠᠭ᠎ᠠ ᠂ ᠳ᠋ᠠᠴᠢᠩ ᠤᠨ ᠵᠣᠷᠢᠭ ᠰᠠᠨᠠᠭ᠎ᠠ ︵ᠲᠡᠮᠦᠷ ᠬᠥᠮᠥᠨ ᠤ | ᠵᠣᠷᠢᠭ ᠰᠠᠨᠠᠭ᠎ᠠ ︶᠂ ᠤᠮᠠᠷᠠᠲᠤ ᠶᠢᠨ ᠶᠡᠭᠡ ᠠᠲᠠᠷ ᠬᠠᠭᠠᠯᠪᠤᠷᠢᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ | ᠨᠠᠮ ᠤᠨ ᠭᠡᠰᠢᠭᠦᠨ ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ | ᠦᠵᠡᠯᠲᠡ ᠶᠢ ᠪᠤᠢ ᠪᠤᠯᠭᠠᠵᠤ ᠂ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠬᠦ | ᠬᠡᠷᠡᠭᠲᠡᠢ ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ ᠂ ᠢᠯᠵᠠᠷᠠᠬᠤ ᠠᠴᠠ | ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠨᠠᠮ ᠤᠨ | ᠭᠡᠰᠢᠭᠦᠨ ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠥᠪᠡᠷ ᠢ ᠪᠠᠨ | ᠱᠠᠭᠠᠷᠳᠠᠬᠤ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠂ ᠠᠷᠢᠭᠤᠨ ᠴᠢᠬᠡᠴᠢ ᠪᠠᠷ ᠠᠵᠢᠯ ᠬᠢᠬᠦ ᠶᠢ ᠱᠠᠯᠠᠪᠳᠠᠭᠤᠯᠬᠤ | ᠬᠡᠷᠡᠭᠲᠡᠢ ᠃ ᠦᠵᠡᠯ ᠰᠠᠨᠠᠭ᠎ᠠ ᠪᠠᠨ ᠴᠢᠯᠦᠭᠡᠯᠡᠨ ᠂ ᠦᠵᠡᠯᠲᠡ ᠪᠠᠨ ᠬᠤᠪᠢᠷᠠᠭᠤᠯᠵᠤ ᠂ ᠵᠠᠬ᠎ᠠ ᠳᠡᠯᠭᠡᠭᠦᠷ ᠤᠨ ᠤᠬᠠᠮᠰᠠᠷ ᠂ | ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠲᠡᠪᠴᠢᠬᠦ | ᠬᠡᠷᠡᠭᠲᠡᠢ ᠃ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ ᠰᠢᠨ᠎ᠡ | ᠭᠡᠯᠪᠡᠷᠢ ᠶᠢᠨ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠂ ᠬᠦᠴᠢᠷ ᠵᠣᠪᠠᠯᠠᠩ ᠢ ᠨᠢ | ᠰᠠᠨᠠᠭᠠᠴᠢᠯᠠᠭ᠎ᠠ ᠠᠴᠠ ᠪᠠᠨ ᠠᠷᠢᠯᠭᠠᠬᠤ ᠮᠥᠷᠲᠡᠭᠡᠨ ᠪᠠᠰᠠ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ | ᠰᠢᠢᠳᠪᠦᠷᠢᠯᠡᠬᠦ ᠂ ᠵᠥᠷᠢᠴᠡᠯ ᠢ ᠰᠢᠢᠳᠪᠦᠷᠢᠯᠡᠬᠦ ᠂ ᠬᠠᠷᠢᠴᠠᠭ᠎ᠠ ᠶᠢ ᠵᠣᠬᠢᠴᠠᠭᠤᠯᠬᠤ ᠳᠠᠭᠠᠨ ᠴᠢᠳᠠᠮᠠᠭᠠᠢ ᠪᠠᠶᠢᠵᠤ ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠮᠡᠳᠡᠯᠭᠡ ᠶᠢᠨ ᠥᠮᠴᠢᠯᠡᠯ ᠤᠨ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ | ᠥᠷᠨᠢᠭᠦᠯᠵᠦ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠲᠣᠭᠲᠠᠭᠤᠨ ᠂ ᠢᠯᠡ ᠲᠣᠳᠣ ᠂ | ᠵᠢᠷᠤᠮᠵᠢᠯ ᠲᠠᠢ ᠂ ᠵᠢᠱᠢᠵᠦ ᠪᠣᠯᠬᠤᠶᠢᠴᠠ ᠬᠠᠤᠯᠢᠵᠢᠯ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠃ | ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠨᠠᠮᠳᠠᠭᠠᠵᠤ ᠂ ᠳᠤᠮᠳᠠ ᠪᠠᠭ᠎ᠠ | ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠦᠷᠭᠡᠨ ᠰᠢᠢᠳᠪᠦᠷᠢᠯᠡᠵᠦ ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ ᠂ ᠡᠷᠡᠭᠦᠯ ᠡᠩᠬᠡ ᠮᠥᠩᠭᠦᠨ | ᠭᠦᠢᠯᠭᠡᠭᠡᠨ ᠤ ᠣᠷᠴᠢᠨ ᠨᠥᠬᠦᠴᠡᠯ ᠢ ᠳᠠᠭᠢᠨ ᠴᠣᠭᠴᠠᠯᠠᠬᠤ ᠬᠡᠷᠡᠭᠲᠡᠢ ᠃ ᠵᠡᠭᠦᠨ ᠬᠤᠶᠢᠲᠤ ᠣᠷᠣᠨ ᠪᠣᠯᠣᠨ | ᠲᠥᠪ ᠤᠨ ᠪᠠ ᠲᠦᠷᠦ ᠶᠢᠨ ᠪᠠᠶᠢᠭᠤᠯᠭ᠎ᠠ ᠂ ᠵᠡᠭᠦᠨ ᠡᠮᠦᠨᠡᠲᠦ ᠲᠠᠯᠠᠢ ᠳᠠᠭᠠᠤ ᠣᠷᠣᠨ ᠤ ᠺᠠᠳ᠋ᠷ ᠲᠠᠢ ᠲᠤᠰᠢᠶᠠᠯ | ᠡᠭᠦᠷᠭᠡᠯᠡᠬᠦ ᠲᠦᠷ ᠴᠠᠭ ᠲᠤᠰᠢᠶᠠᠯ ᠡᠭᠦᠷᠭᠡᠯᠡᠬᠦ ᠪᠠ ᠬᠤᠣᠰ ᠴᠢᠭᠯᠡᠯ ᠢᠶᠠᠷ ᠰᠣᠯᠢᠯᠴᠠᠬᠤ ᠶᠢ ᠴᠢᠩᠭᠠᠳᠬᠠᠵᠤ ᠂ | ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ ᠂ ᠲᠤᠰᠬᠠᠶᠢᠵᠢᠭᠰᠠᠨ ᠬᠡᠪ ᠴᠢᠨᠠᠷ ᠢ ᠳᠡᠭᠡᠭᠰᠢᠯᠡᠭᠦᠯᠭᠦ | ᠬᠡᠷᠡᠭᠲᠡᠢ ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ︽ | ᠭᠤᠷᠪᠠ ᠶᠢ ᠢᠯᠭᠠᠬᠤ ︾ ᠶᠢ ᠨᠠᠶᠢᠳᠠᠪᠤᠷᠢᠵᠢᠭᠤᠯᠵᠤ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠴᠢᠳᠠᠪᠤᠷᠢ ᠲᠠᠢ ᠶᠢ ᠨᠢ | ᠳᠡᠪᠰᠢᠭᠦᠯᠬᠦ ᠂ ᠰᠢᠯᠢᠳᠡᠭ ᠢ ᠨᠢ ᠱᠠᠩᠨᠠᠬᠤ ᠂ ᠶᠡᠷᠦᠮᠳᠡᠭ ᠢ ᠨᠢ ᠪᠠᠭᠤᠯᠭᠠᠬᠤ ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ | ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠦᠨᠳᠦᠰᠦᠨ ᠪᠠᠲᠤᠯᠠᠭ᠎ᠠ ᠮᠥᠨ ᠃ | ᠨᠢᠭᠡᠳᠦᠭᠡᠷ ᠪᠦᠯᠦᠭ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠯᠭᠠᠭᠤᠯᠵᠤ | ᠬᠤᠯᠪᠣᠯᠳᠤᠭᠤᠯᠬᠤ ᠶᠢ ᠴᠢᠬᠤᠯᠠᠴᠢᠯᠠᠨ ᠰᠠᠶᠢᠲᠤᠷ ᠠᠳᠬᠤᠵᠤ ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ | ᠬᠠᠷᠠᠯᠲᠠ ᠱᠠᠭᠠᠷᠳᠠᠯᠭ᠎ᠠ ᠪᠣᠯᠣᠨ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ ᠃ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ | ᠰᠦᠭ ᠰᠦᠨᠡᠰᠦ ᠪᠠᠨ ᠱᠤᠭᠤᠵᠤ ᠂ ᠨᠠᠮ ᠤᠨ ᠭᠡᠰᠢᠭᠦᠨ ᠂ ᠺᠠᠳ᠋ᠷ ᠤᠨ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ | ᠢᠲᠡᠭᠡᠯ ᠵᠣᠷᠢᠭ ᠢᠶᠠᠨ ᠨᠡᠮᠡᠭᠳᠡᠭᠦᠯᠵᠦ ᠂ ᠵᠣᠷᠢᠭ ᠰᠠᠨᠠᠭ᠎ᠠ ᠪᠠᠨ ᠬᠥᠪᠴᠢᠯᠡᠬᠦ ᠬᠡᠷᠡᠭᠲᠡᠢ ᠃ ᠪᠠᠶᠢᠴᠠᠭᠠᠨ | ᠰᠤᠳᠤᠯᠤᠯᠲᠠ ᠶᠢ ᠶᠡᠭᠡ ᠪᠠᠷ ᠥᠷᠨᠢᠭᠦᠯᠵᠦ ᠂ ᠨᠠᠮ ᠤᠨ ᠭᠡᠰᠢᠭᠦᠨ ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ | ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ ᠂ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ | ᠪᠠᠶᠢᠭᠠᠳ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ | ᠲᠤᠭᠤᠰᠢᠯᠠᠭᠤᠯᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠵᠤ ᠂ ᠰᠢᠨᠵᠢᠯᠡᠬᠦ ᠤᠬᠠᠭᠠᠨᠴᠢ ᠣᠪᠣᠷ ᠪᠣᠯᠣᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ ᠪᠠᠷ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ | ᠴᠢᠩᠭᠠᠳᠬᠠᠵᠤ ᠂ ᠨᠠᠮ ᠤᠨ ᠭᠡᠰᠢᠭᠦᠨ ᠂ ᠺᠠᠳ᠋ᠷ ᠢ ᠱᠠᠯᠠᠪᠳᠠᠭᠤᠯᠤᠨ ᠨᠠᠮᠴᠢ ᠴᠢᠨᠠᠷ ᠨᠠᠮ ᠤᠨ ᠰᠤᠷᠲᠠᠯ ᠨᠠᠮ ᠤᠨ | ᠰᠠᠬᠢᠯᠭ᠎ᠠ ᠪᠠᠲᠤ ᠶᠢᠨ ᠲᠠᠯ᠎ᠠ ᠪᠠᠷ ᠬᠢ ᠠᠰᠠᠭᠤᠳᠠᠯ ᠳᠤ ᠵᠥᠪ ᠢᠶᠠᠷ ᠬᠠᠨᠳᠤᠬᠤ ᠪᠠ ᠰᠢᠢᠳᠪᠦᠷᠢᠯᠡᠵᠦ ᠂ ᠰᠢᠨ᠎ᠡ | ᠰᠤᠷᠲᠠᠯ ᠲᠥᠪ ᠰᠤᠷᠲᠠᠯ ᠢᠶᠠᠷ ᠠᠷᠠᠳ ᠤᠯᠠᠨ ᠤ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ ᠂ | ᠵᠡᠭᠦᠨ ᠬᠤᠶᠢᠲᠤ ᠶᠢᠨ ᠵᠠᠷᠢᠮ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠤᠴᠠᠷᠠᠪᠠ ᠃ | ᠨᠠᠮ ᠤᠨ ᠲᠥᠪ ᠬᠤᠷᠢᠶ᠎ᠠ ᠠᠴᠠ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ | ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠃ ᠵᠡᠭᠦᠨ | ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠡᠯ᠎ᠡ ᠵᠦᠢᠯ ᠤᠨ | ᠠᠵᠢᠯ ᠢ ᠦᠨᠡᠨ ᠬᠦ ᠰᠠᠶᠢᠲᠤᠷ ᠠᠳᠬᠤᠵᠤ ᠂ ᠭᠠᠮᠰᠢᠭᠳᠠᠭᠰᠠᠨ ᠤᠯᠠᠨ ᠲᠦᠮᠡᠨ ᠤ ᠳᠤᠯᠠᠭᠠᠨ ᠪᠦᠯᠢᠶᠡᠨ | ᠡᠪᠦᠯᠵᠢᠬᠦ ᠶᠢ ᠦᠨᠡᠨ ᠬᠦ ᠪᠠᠲᠤᠯᠠᠵᠤ ᠂ ᠭᠠᠮᠰᠢᠭᠳᠠᠭᠰᠠᠨ ᠣᠷᠣᠨ ᠤ ᠰᠤᠷᠤᠬᠴᠢᠳ ᠢ ᠰᠤᠷᠭᠠᠭᠤᠯᠢ ᠳᠤ | ᠰᠠᠭᠤᠯᠭᠠᠬᠤ ᠶᠢ ᠦᠨᠡᠨ ᠬᠦ ᠪᠠᠲᠤᠯᠠᠵᠤ ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ ᠃ ᠨᠠᠮᠤᠷ ᠤᠨ ᠦᠶᠡᠷ ᠢ ᠳᠡᠭᠡᠳᠦ ᠬᠡᠮᠵᠢᠶ᠎ᠡ ᠪᠠᠷ | ᠰᠡᠷᠡᠮᠵᠢᠯᠡᠵᠦ ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ ᠂ ᠪᠡᠯᠡᠳᠬᠡᠯ ᠲᠠᠢ | ᠪᠣᠯ ᠪᠠᠯᠠᠳᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠪᠠᠲᠤ ᠡᠵᠡᠮᠳᠡᠵᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠰᠢᠪᠲᠤᠯᠤᠯᠲᠠ ᠲᠠᠢ ᠪᠤᠯᠬᠤ ᠶᠢ ᠠᠬᠢᠭᠤᠯᠵᠤ ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ | ᠦᠢᠯᠡᠴᠢᠯᠡᠬᠦ ᠬᠡᠷᠡᠭᠲᠡᠢ ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ | ᠪᠠᠶᠢᠭᠤᠯᠵᠤ ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠬᠤ ᠶᠢ | ᠠᠬᠢᠭᠤᠯᠵᠤ ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ | ᠥᠷᠭᠡᠳᠬᠡᠵᠦ ᠂ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠨᠢᠭᠡ ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ ᠃ | ᠯᠢ ᠭᠠᠨ ᠵᠢᠶᠧ ᠂ ᠾᠧ ᠯᠢ ᠹᠧᠩ ᠂ ᠮᠦ ᠬᠤᠩ ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ | ᠣᠷᠣᠨ ᠨᠤᠲᠤᠭ ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠪᠠ ᠃ | |