︽ᠵᠠᠭᠤᠨ ᠰᠢᠶᠠᠨ ᠤ ᠵᠠᠭᠤᠨ ᠵᠦᠢᠯ ᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ᠶᠢᠨ ᠥᠪᠥᠷ ᠮᠣᠩᠭᠤᠯ ᠤᠨ ᠲᠤᠰᠬᠠᠶ ᠲᠠᠯᠠᠪᠠᠶ︾ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/9/11
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠴᠦᠨ ᠨᠡᠮᠡᠷᠢᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤᠮᠳᠠᠬᠢ ᠨᠡᠶᠢᠭᠡᠮ ᠤᠨ ᠬᠦᠴᠦᠨ ᠤ ᠦᠢᠯᠡᠳᠦᠯ ᠢ ᠨᠠᠩ ᠰᠠᠶᠢᠲᠤᠷ ᠬᠥᠲᠥᠯᠥᠨ ᠵᠢᠯᠣᠭᠤᠳᠬᠤ ᠪᠠ ᠪᠠᠳᠠᠷᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠮᠠ ᠢ ᠪᠦᠯᠦᠭᠯᠡᠯ ᠲᠠᠢ ᠬᠤᠯᠪᠣᠭᠠᠯᠠᠨ ᠲᠠᠪᠴᠠᠩ ᠤᠨ ᠳᠠᠪᠠᠭᠤᠯᠢᠭ ᠪᠠ ᠮᠡᠷᠭᠡᠵᠢᠯ ᠤᠨ ᠴᠢᠳᠠᠪᠤᠷᠢ ᠪᠠᠨ ᠪᠠᠳᠠᠷᠠᠭᠤᠯᠵᠤ᠂ 9 ᠳ᠋ᠦ᠋ᠭᠡᠷ ᠰᠠᠷ᠎ᠠ ᠶᠢᠨ 2 ᠤᠨ ᠡᠳᠦᠷ ᠠᠴᠠ 8 ᠤ ᠡᠳᠦᠷ ᠪᠣᠯᠲᠠᠯ᠎ᠠ ︽ᠮᠠ ᠢ ᠪᠦᠯᠦᠭᠯᠡᠯ ᠤᠨ ᠵᠠᠭᠤᠨ ᠰᠢᠶᠠᠨ ᠤ ᠵᠠᠭᠤᠨ ᠵᠦᠢᠯ ᠤᠨ ᠪᠦᠭᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ᠶᠢᠨ ᠥᠪᠥᠷ ᠮᠣᠩᠭᠤᠯ ᠤᠨ ᠲᠤᠰᠬᠠᠶ ᠲᠠᠯᠠᠪᠠᠢ︾ ᠶᠢᠨ ᠠᠵᠢᠯᠯᠠᠭ᠎ᠠ ᠶᠢ ᠥᠷᠨᠢᠭᠦᠯᠪᠡ ︵ᠳᠣᠷᠣᠭᠰᠢ ︽ᠥᠪᠥᠷ ᠮᠣᠩᠭᠤᠯ ᠤᠨ ᠲᠤᠰᠬᠠᠢ ᠲᠠᠯᠠᠪᠠᠢ︾ ᠭᠡᠵᠦ ᠲᠣᠪᠴᠢᠯᠠᠨ᠎ᠠ︶ ᠃ ᠠᠵᠢᠯᠯᠠᠭ᠎ᠠ ᠳᠤ ︽ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠰᠠᠶᠢᠨ ᠪᠠᠷᠠᠭ᠎ᠠ᠂ ᠲᠠᠪᠴᠠᠩ ᠳᠤ ᠨᠢᠭᠡ ᠬᠤᠪᠢ ᠵᠣᠭᠤᠰ ᠬᠤᠷᠢᠶᠠᠬᠤ ᠥᠬᠡᠶ᠂ ᠬᠥᠳᠡᠭᠡ ᠲᠣᠰᠬᠤᠨ ᠤ ᠰᠠᠶᠢᠨ ᠨᠠᠷᠠᠲᠤ ᠲᠡᠮᠳᠡᠭ ᠲᠤ ᠬᠦᠴᠦᠨ ᠨᠡᠮᠡᠷᠢᠯᠡᠬᠦ︾ ᠵᠣᠷᠢᠯᠲᠠ ᠶᠢ ᠪᠠᠷᠢᠮᠲᠠᠯᠠᠵᠤ᠂ ᡁᠢ ᠹᠦ᠋ ᠪᠤᠤ ᠳᠤ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠠᠵᠢᠯᠯᠠᠭ᠎ᠠ ᠶᠢᠨ ᠲᠤᠰᠬᠠᠶ ᠪᠣᠯᠤᠩ ᠢ ᠪᠠᠶᠢᠭᠤᠯᠬᠤ ᠪᠠᠷ ᠳᠠᠮᠵᠢᠭᠤᠯᠤᠨ᠂ ᡁᠢ ᠹᠦ᠋ ᠪᠤᠤ ᠶᠢᠨ ᠠᠯᠪᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠤᠨ ᠲᠤᠰᠬᠠᠶ ᠲᠠᠯᠠᠪᠠᠶ ᠳᠤ ᠥᠪᠥᠷ ᠮᠣᠩᠭᠤᠯ ᠤᠨ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠰᠣᠶᠣᠯ ᠵᠢᠭᠤᠯᠴᠢᠯᠠᠯ ᠤᠨ ᠱᠤᠭᠤᠮ ᠢ ᠲᠠᠨᠢᠯᠴᠠᠭᠤᠯᠵᠤ᠂ ᠲᠤᠰᠬᠠᠶ ᠰᠡᠳᠦᠪᠲᠦ ᠤᠬᠠᠭᠤᠯᠭ᠎ᠠ ︽︿ᠰᠢᠶᠠᠨ﹀ ᠤ ᠰᠠᠶᠢᠨ ᠪᠦᠲᠦᠭᠡᠭᠳᠡᠬᠦᠨ ᠢᠶᠠᠨ ᠰᠠᠯᠬᠢᠨ ᠤ ᠠᠶ᠎ᠠ ᠪᠠᠷ ᠳᠠᠮᠵᠢᠭᠤᠯᠤᠶ᠎ᠠ︾ ᠭᠡᠬᠦ ᠹᠢᠯᠢᠮ ᠢ ᠰᠡᠭᠦᠳᠡᠷᠯᠡᠨ ᠦᠢᠯᠡᠳᠴᠦ ᠪᠥᠬᠦ ᠰᠦᠯᠵᠢᠶ᠎ᠡ ᠪᠠᠷ ᠤᠯᠠᠮᠵᠢᠯᠠᠵᠤ᠂ ᠨᠡᠶᠢᠲᠡ ᠶᠢᠨ ᠠᠰᠠᠷᠠᠮᠵᠢ ᠠᠴᠠ ᠳᠥᠷᠪᠡᠳ ᠬᠤᠰᠢᠭᠤᠨ ᠤ ᠪᠸᠢ ᠪᠸᠢ ᠯᠠᠩᠭᠤᠸᠠ ᠶᠢ ᠬᠤᠳᠠᠯᠳᠤᠨ ᠠᠪᠴᠤ᠂ ᠷᠠᠰᠢᠶᠠᠨ ᠬᠤᠲᠠ ᠶᠢᠨ ᠰᠢᠺᠸᠤ ᠲᠣᠰᠬᠤᠨ ᠳᠤ ᠬᠠᠶᠢᠷ᠎ᠠ ᠬᠠᠯᠠᠮᠵᠢ ᠶᠢᠨ ᠲᠠᠰᠤᠭ ᠬᠠᠨᠳᠢᠪᠯᠠᠬᠤ ᠵᠡᠷᠭᠡ ᠠᠷᠭ᠎ᠠ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ ᠪᠠ ᠬᠤᠳᠠᠯᠳᠤᠭ᠎ᠠ ᠵᠢᠭᠤᠯᠴᠢᠯᠠᠯ ᠰᠣᠶᠣᠯ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠪᠡ᠃ 7 ᠡᠳᠦᠷ ᠤᠨ ᠬᠤᠭᠤᠴᠠᠭ᠎ᠠ ᠲᠠᠢ ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 31 ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ 110 ᠭᠠᠷᠤᠶ ᠵᠦᠢᠯ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ᠂ ᠵᠠᠭᠤ ᠰᠢᠬᠠᠮ ᠰᠣᠶᠣᠯ ᠵᠢᠭᠤᠯᠴᠢᠯᠠᠯ ᠤᠨ ᠤᠨᠴᠠᠯᠢᠬᠳᠤ ᠪᠦᠲᠦᠭᠡᠭᠳᠡᠬᠦᠨ ᠲᠥᠪᠯᠡᠷᠡᠨ ᠢᠯᠡᠷᠡᠵᠦ᠂ ᠨᠠᠷᠠᠲᠤ ᠲᠡᠮᠳᠡᠭᠲᠦ ᠶᠢᠨ ᠲᠠᠷᠬᠠᠭᠠᠯᠲᠠ ᠶᠢᠨ ᠬᠡᠮᠵᠢᠶ᠎ᠡ ᠨᠡᠶᠢᠲᠡ 3.15 ᠳ᠋ᠦᠩᠰᠢᠭᠤᠷ ᠲᠥᠭᠦᠷᠢᠭ ᠲᠤ ᠬᠦᠷᠴᠦ᠂ ᠬᠠᠶᠢᠷ᠎ᠠ ᠬᠠᠯᠠᠮᠵᠢ ᠶᠢᠨ ᠰᠦᠯᠵᠢᠶᠡᠨ ᠠᠨᠳᠠ ᠪᠣᠯᠤᠨ ᠮᠠ ᠢ ᠪᠦᠯᠦᠭᠯᠡᠯ ᠨᠡᠶᠢᠲᠡ 912.9 ᠲᠦᠮᠡᠨ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠲᠠᠷᠢᠶᠠᠴᠢᠨ ᠡᠷᠦᠬᠡ ᠶᠢᠨ ᠬᠥᠭᠵᠢᠯᠲᠡ ᠶᠢᠨ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃  ᠡᠨᠡ ᠤᠳᠠᠭ᠎ᠠ ᠥᠪᠥᠷ ᠮᠣᠩᠭᠤᠯ ᠳᠤ ᠲᠤᠰᠬᠠᠢ ᠲᠠᠯᠠᠪᠠᠢ ᠨᠢ ᠣᠯᠠᠨ ︽ᠨᠢᠭᠡᠳᠦᠭᠡᠷ ᠪᠠᠶᠢᠷᠢ︾ ᠢ ᠡᠭᠦᠳᠴᠡᠢ᠃ ᠮᠠ ᠢ ᠪᠥᠯᠥᠭᠯᠡᠯ ᠤᠨ ᠵᠠᠭᠤᠨ ᠰᠢᠶᠠᠨ ᠤ ᠵᠠᠭᠤᠨ ᠵᠦᠢᠯ ᠤᠨ ᠪᠥᠲᠦᠭᠡᠭᠳᠡᠭᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ᠨᠢ ᠠᠩᠬ᠎ᠠ ᠤᠳᠠᠭ᠎ᠠ ᠥᠪᠥᠷ ᠮᠣᠩᠭᠤᠯ ᠤᠨ ᠲᠤᠰᠬᠠᠶ ᠲᠠᠯᠠᠪᠠᠢ ᠶᠢ ᠪᠠᠶᠢᠭᠤᠯᠵᠤ᠂ ᠠᠩᠬ᠎ᠠ ᠤᠳᠠᠭ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠣᠨᠴᠠᠯᠢᠭᠲᠤ ᠰᠣᠶᠣᠯ ᠵᠢᠭᠤᠯᠴᠢᠯᠠᠯ ᠤᠨ ᠬᠤᠤᠰ ᠬᠤᠷᠠᠯ ᠤᠨ ᠲᠠᠯᠠᠪᠠᠢ ᠶᠢ ᠪᠠᠶᠢᠭᠤᠯᠪᠠ︔ ᡁᠢ ᠹᠦ᠋ ᠪᠤᠤ ᠰᠦᠯᠵᠢᠶᠡᠨ ᠤ ᠠᠨᠳᠠ ᠶᠢᠨ ᠬᠠᠨᠳᠢᠪᠯᠠᠭᠰᠠᠨ ᠠᠩᠬᠠᠳᠠᠭᠴᠢ ᠬᠠᠶᠢᠷ᠎ᠠ ᠬᠠᠯᠠᠮᠵᠢ ᠶᠢᠨ ᠲᠠᠰᠤᠭ ᠷᠠᠰᠢᠶᠠᠨ ᠬᠤᠲᠠ ᠶᠢᠨ ᠰᠢᠺᠸᠤ ᠲᠣᠰᠬᠤᠨ ᠳᠤ ᠵᠢᠩᠬᠢᠨᠢ ᠪᠠᠷ ᠫᠠᠶᠢᠰᠠ ᠰᠡᠬᠦᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 14 ᠣᠨᠴᠠ ᠭᠠᠷᠤᠯᠲᠠ᠂ ᠵᠢᠱᠢᠶᠡᠯᠡᠪᠡᠯ᠂ ᠳᠥᠷᠪᠡᠳ ᠬᠤᠰᠢᠭᠤᠨ ᠤ ᠪᠸᠢ ᠪᠸᠢ ᠯᠠᠩᠭᠤᠸᠠ᠂ ᠭᠤᠸᠠ ᠶᠢᠨ ᠦᠷ᠎ᠡ᠂ ᠨᠢᠩᠴᠧᠩ ᠰᠢᠶᠠᠨ ᠤ ᠰᠢᠷ᠎ᠠ ᠨᠠᠷᠢᠮᠤ᠂ ᠯᠢᠨᠰᠢ ᠰᠢᠶᠠᠨ ᠤ ᠦᠬᠡᠷ ᠤᠨ ᠲᠤᠭᠤᠷᠠᠢ ᠶᠢᠨ ᠰᠢᠷᠪᠦᠰᠦ ᠵᠡᠷᠭᠡ ᠶᠢ ᠲᠤᠤ ᠪᠦᠦ ᠲᠢᠶᠠᠨ ᠮᠤᠤᠷ ᠤᠨ ᠪᠥᠬᠦ ᠤᠯᠤᠰ ᠤᠨ ᠲᠥᠷᠥᠯ ᠤᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠵᠤ᠂ ᠡᠭᠦᠨ ᠠᠴᠠ ᠭᠠᠳᠠᠨ᠎ᠠ 15 ᠭᠤᠷᠪᠠᠨ ᠲᠡᠷᠢᠭᠦᠨ᠂ 50 ᠵᠠᠭᠤᠨ ᠬᠦᠴᠦᠷᠬᠡᠭ ᠢ ᠡᠵᠡᠯᠡᠪᠡ᠃  ᠨᠢᠭᠡ᠂ ᠰᠦᠯᠵᠢᠶ᠎ᠡ ᠶᠢ ᠰᠠᠶᠢᠲᠤᠷ ᠠᠰᠢᠭᠯᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠬᠦᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠪᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠡᠷᠮᠢᠴᠡ ᠠᠮᠢ ᠠᠬᠤᠶ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠬᠥᠳᠡᠯᠭᠡᠭᠡᠨ ᠳᠤ ᠲᠤᠰᠬᠠᠶ ᠣᠷᠣᠨ ᠤ ᠣᠷᠣᠭᠤᠯᠤᠯᠲᠠ ᠶᠢᠨ ᠤᠷᠤᠰᠬᠠᠯ ᠤᠨ ᠡᠬᠢ ᠪᠠᠶᠠᠯᠢᠭ ᠢ ᠳᠣᠭᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠳᠤ ᠵᠣᠴᠢᠳ ᠤᠨ ᠢᠷᠡᠯᠲᠡ ᠶᠢ ᠲᠥᠪᠯᠡᠷᠡᠭᠦᠯᠦᠨ ᠣᠷᠣᠭᠤᠯᠤᠨ ᠠᠪᠴᠢᠷᠠᠬᠤ ᠶᠢᠨ ᠬᠠᠮᠲᠤ ᠬᠠᠷᠢᠯᠴᠠᠨ ᠦᠢᠯᠡᠳᠦᠯᠴᠡᠬᠦ ᠲᠣᠭᠯᠠᠭᠠᠮ ᠤᠨ ︽ᠪᠣᠷᠲᠣᠭᠤᠷ︾ ᠢ ᠱᠠᠩᠨᠠᠨ ᠬᠥᠬᠢᠭᠦᠯᠵᠦ᠂ ᠰᠦᠯᠵᠢᠶᠡᠨ ᠠᠨᠳᠠ ᠨᠠᠷ ᠤᠨ ᠲᠠᠷᠢᠶᠠᠯᠠᠩ ᠢ ᠳᠡᠮᠵᠢᠬᠦ ᠬᠡᠷᠡᠭᠯᠡᠭᠡ ᠶᠢ ᠵᠣᠷᠢᠭᠵᠢᠭᠤᠯᠤᠨ ᠠᠬᠢᠭᠤᠯᠪᠠ᠃ ᠲᠤᠰ ᠬᠥᠳᠡᠯᠭᠡᠭᠡᠨ ᠤ ᠬᠤᠭᠤᠴᠠᠭᠠᠨ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠲᠠᠷᠬᠠᠭᠠᠯᠲᠠ ᠶᠢᠨ ᠬᠡᠮᠵᠢᠶ᠎ᠡ ᠨᠢ 3.15 ᠳ᠋ᠦᠩᠰᠢᠭᠤᠷ ᠲᠥᠭᠦᠷᠢᠭ ᠢ ᠳᠠᠪᠠᠵᠤ᠂ ᠬᠡᠷᠡᠭᠯᠡᠭᠡ ᠪᠠᠷ ᠬᠠᠪᠰᠤᠷᠤᠨ ᠲᠡᠳᠬᠦᠭᠰᠡᠨ ᠬᠡᠮᠵᠢᠶ᠎ᠡ ᠨᠢ 912.9 ᠲᠦᠮᠡᠨ ᠲᠥᠭᠦᠷᠢᠭ ︵ᠡᠭᠦᠨ ᠳᠤ ᠮᠠ ᠢ ᠪᠦᠯᠦᠭᠯᠡᠯ ᠪᠡᠯᠡ ᠮᠥᠩᠭᠦ ᠭᠠᠷᠭᠠᠨ ᠳᠥᠷᠪᠡᠳ ᠬᠤᠰᠢᠭᠤᠨ ᠤ 88.5 ᠲᠦᠮᠡᠨ ᠲᠥᠭᠦᠷᠢᠭ ᠤᠨ ᠪᠸᠢ ᠪᠸᠢ ᠯᠠᠩᠭᠤᠸᠠ ᠶᠢ ᠬᠤᠳᠠᠯᠳᠤᠨ ᠠᠪᠴᠤ᠂ ᠰᠦᠯᠵᠢᠶᠡᠨ ᠠᠨᠳᠠ ᠨᠠᠷ ᠤᠨ ᠬᠡᠷᠡᠭᠯᠡᠭᠡ ᠶᠢ ᠳᠠᠶᠢᠴᠢᠯᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 625.8 ᠲᠦᠮᠡᠨ ᠲᠥᠭᠦᠷᠢᠭ᠂ ᠵᠢᠭᠤᠯᠴᠢᠯᠠᠯ ᠤᠨ ᠪᠦᠲᠦᠭᠡᠭᠳᠡᠬᠦᠨ 198.6 ᠲᠦᠮᠡᠨ ᠲᠥᠭᠦᠷᠢᠭ︶ ᠪᠠᠶᠢᠵᠤ᠂ ᠶᠠᠳᠠᠭᠤ ᠠᠴᠠ ᠠᠩᠭᠢᠵᠢᠷᠠᠭᠰᠠᠨ 31 ᠬᠤᠰᠢᠭᠤ ᠰᠢᠶᠠᠨ ᠤ 110 ᠲᠦᠮᠡᠨ ᠵᠢᠩ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠤᠲᠤᠭ ᠪᠡᠯᠴᠢᠭᠡᠷ᠂ ᠣᠢ ᠰᠢᠭᠤᠢ ᠪᠠ ᠡᠯᠡᠰᠦᠨ ᠴᠥᠯ ᠠᠴᠠ ᠭᠠᠷᠭᠠᠵᠤ᠂ ᠪᠥᠬᠦ ᠤᠯᠤᠰ ᠲᠤ ᠬᠦᠷᠭᠡᠵᠡᠢ᠃  ᠮᠠ ᠢ ᠪᠦᠯᠦᠭᠯᠡᠯ ᠳᠥᠷᠪᠡᠳ ᠬᠤᠰᠢᠭᠤᠨ ᠠᠴᠠ ᠪᠡᠯᠡ ᠣᠷᠣᠭᠤᠯᠣᠨ ᠬᠤᠳᠠᠯᠳᠤᠨ ᠠᠪᠤᠭᠰᠠᠨ 10 ᠲᠦᠮᠡᠨ ᠬᠠᠢᠷᠴᠠᠭ ᠪᠧᠢ ᠪᠧᠢ ᠯᠠᠩᠭᠤᠸᠠ ᠨᠢ ᠬᠤᠳᠠᠯᠳᠤᠵᠤ ᠬᠤᠭᠤᠰᠤᠷᠠᠪᠠ᠂ ᠥᠪᠥᠷ ᠮᠣᠩᠭᠤᠯ ᠤᠨ ᠲᠤᠰᠬᠠᠢ ᠲᠠᠯᠠᠪᠠᠢ ᠨᠢ ᠪᠠᠰᠠ ᠳᠤᠮᠳᠠ ᠵᠢᠵᠢᠭ ᠬᠤᠳᠠᠯᠳᠤᠭᠠᠴᠢᠨ ᠤ ︽ᠲᠠᠷᠢᠶᠠᠯᠠᠩ ᠢ ᠲᠤᠰᠠᠯᠠᠬᠤ ᠬᠤᠣᠰ ᠠᠷᠪᠠᠨ ᠨᠢᠭᠡᠨ︾ ᠪᠣᠯᠵᠠᠢ᠃ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠤᠨ ᠡᠳᠦᠷ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠬᠡ ᠭᠦᠵᠡᠯᠵᠡᠭᠡᠨ᠎ᠡ ᠶᠢᠨ ᠬᠠᠲᠠᠭᠠᠮᠠᠯ᠂ ᠮᠥᠬᠦᠴᠢ ᠵᠢᠮᠢᠰ ᠤᠨ ᠬᠠᠲᠠᠭᠠᠮᠠᠯ ᠤᠨ ᠬᠥᠮᠥᠷᠭᠡ ᠳᠤ ᠬᠤᠭᠤᠰᠤᠷᠠᠭᠰᠠᠨ ᠢ ᠮᠡᠳᠡᠭᠳᠡᠵᠦ᠂ ᠬᠤᠳᠠᠯᠳᠤᠭᠠᠴᠢᠨ ᠰᠥᠨᠢ ᠪᠠᠷ ᠪᠠᠷᠠᠭ᠎ᠠ ᠨᠥᠬᠦᠪᠥᠷᠢᠯᠡᠬᠦ ᠶᠢᠨ ᠬᠠᠮᠲᠤ ᠨᠤᠲᠤᠭ ᠤᠨ 30 ᠠᠷᠠᠳ ᠢ ᠤᠷᠢᠵᠤ ᠪᠠᠷᠠᠭ᠎ᠠ ᠶᠢ ᠪᠤᠭᠤᠳᠠᠯᠯᠠᠭᠤᠯᠵᠤ ᠶᠠᠪᠤᠭᠤᠯᠤᠨ᠂ ᠭᠤᠪᠢᠭᠤᠯᠭ᠎ᠠ ᠶᠢᠨ ᠬᠠᠶᠢᠷᠴᠠᠭ ᠨᠢ ᠣᠪᠤᠭᠠᠷᠠᠭᠠᠳ ᠬᠥᠮᠥᠷᠭᠡ ᠶᠢᠨ ᠬᠤᠩᠭᠢᠯ ᠳᠤ ᠬᠦᠷᠦᠭᠰᠡᠨ ᠪᠠᠶᠢᠨ᠎ᠠ᠃ ᠬᠤᠳᠠᠯᠳᠤᠭᠠᠴᠢᠳ ᠦᠷ ᠤᠨ 1 ᠴᠠᠭ ᠲᠤ ᠪᠠᠰᠠ ︽1 ᠮᠢᠨᠦ᠋ᠲ ᠲᠤ 1 ᠪᠠᠷᠠᠭ᠎ᠠ ᠶᠢᠨ ᠲᠥᠷᠥᠭᠳᠡᠯ︾ ᠢ ᠪᠡᠶᠡᠴᠢᠯᠡᠨ ᠣᠶᠢᠯᠠᠭᠠᠵᠤ᠂ ᠲᠤᠬᠠᠶ ᠶᠢᠨ ᠭᠠᠵᠠᠷ ᠤᠨ 67 ᠲᠠᠷᠢᠶᠠᠴᠢᠨ ᠡᠷᠦᠬᠡ ᠶᠢᠨ ᠬᠥᠮᠦᠨ ᠳᠤᠮᠳᠠᠴᠢ ᠶᠢᠨ 700 ᠲᠥᠭᠦᠷᠢᠭ ᠤᠨ ᠣᠷᠣᠯᠭ᠎ᠠ ᠶᠢ ᠰᠢᠭᠤᠳ ᠳᠠᠶᠢᠴᠢᠯᠠᠪᠠ᠃
9.11-1.png
  ᠵᠡᠭᠦᠨ ᠲᠠᠯ᠎ᠠ ᠶᠢᠨ ᠵᠢᠷᠤᠭ ᠪᠣᠯ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠬᠡ ᠬᠦᠵᠡᠯᠵᠡᠭᠡᠨ᠎ᠡ ᠶᠢᠨ ᠬᠠᠲᠠᠭᠠᠮᠠᠯ᠂ ᠮᠦᠭᠦᠴᠢ ᠵᠢᠮᠢᠰ ᠤᠨ ᠬᠠᠲᠠᠭᠠᠮᠠᠯ ᠤᠨ ᠬᠤᠳᠠᠯᠳᠤᠭᠠᠴᠢᠨ ᠦᠷ ᠢᠶᠠᠷ ᠶᠡᠭᠡ ᠬᠡᠪᠴᠢᠶᠡᠨ ᠤ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠤᠪᠠ᠃ ᠪᠠᠷᠠᠭᠤᠨ ᠲᠠᠯ᠎ᠠ ᠶᠢᠨ ᠵᠢᠷᠤᠭ ᠪᠣᠯ ᠬᠤᠳᠠᠯᠳᠤᠭᠠᠴᠢᠨ ᠰᠥᠨᠢᠵᠢᠨ ᠭᠤᠳᠤᠮᠵᠢᠨ ᠳᠤ ᠪᠣᠭᠤᠳᠠᠯᠯᠠᠵᠤ ᠪᠠᠷᠠᠭ᠎ᠠ ᠪᠠᠨ ᠶᠠᠪᠤᠭᠤᠯᠤᠨ᠎ᠠ᠃  ᠳᠥᠷᠪᠡᠳ ᠬᠤᠰᠢᠭᠤᠨ ᠤ ᠭᠤᠸᠠ ᠶᠢᠨ ᠦᠷ᠎ᠡ ᠶᠢ ᠣᠬᠤᠷᠬᠠᠨ 7 ᠡᠳᠦᠷ ᠲᠤ 40000 ᠭᠠᠷᠤᠢ ᠪᠣᠭᠤᠳᠠᠯ ᠬᠤᠳᠠᠯᠳᠤᠨ ᠭᠠᠷᠭᠠᠵᠤ᠂ ᠭᠤᠪᠢᠭᠤᠯᠭ᠎ᠠ ᠶᠢ ᠬᠥᠮᠥᠷᠭᠡ ᠳᠤ ᠠᠭᠤᠯᠠ ᠮᠡᠲᠦ ᠣᠪᠣᠭᠠᠯᠠᠵᠤ᠂ ᠪᠠᠷᠠᠭ᠎ᠠ ᠶᠠᠪᠤᠭᠤᠯᠬᠤ ᠬᠤᠷᠳᠤᠴᠠ ᠨᠢ ᠰᠦᠯᠵᠢᠶᠡᠨ ᠤ ᠨᠠᠶᠢᠵᠠ ᠨᠠᠷ ᠤᠨ ᠵᠠᠬᠢᠶᠠᠯᠠᠭ᠎ᠠ ᠶᠢᠨ ᠬᠤᠷᠳᠤᠴᠠ ᠳᠤ ᠬᠦᠷᠬᠦ ᠦᠭᠡᠢ ᠪᠣᠯᠵᠤ᠂ ᠡᠩ ᠤᠨ ᠡᠳᠦᠷ ᠤᠨ ᠪᠣᠷᠤᠯᠠᠭᠤᠯᠭ᠎ᠠ ᠶᠢᠨ ᠬᠡᠮᠵᠢᠶ᠎ᠡ ᠠᠴᠠ 100 ᠳᠠᠬᠢᠨ ᠳᠠᠪᠠᠭᠰᠠᠨ ᠪᠠᠶᠢᠨ᠎ᠠ᠃ ᠪᠠᠷᠠᠭ᠎ᠠ ᠶᠠᠪᠤᠭᠤᠯᠬᠤ ᠶᠢ ᠪᠠᠲᠤᠯᠠᠬᠤ ᠶᠢᠨ ᠲᠥᠯᠥᠭᠡ᠂ ᠬᠤᠳᠠᠯᠳᠤᠭᠠᠴᠢᠨ ᠠᠴᠠ ᠲᠤᠬᠠᠢ ᠶᠢᠨ ᠭᠠᠵᠠᠷ ᠤᠨ 20 ᠭᠠᠷᠤᠢ ᠲᠠᠷᠢᠶᠠᠴᠢᠨ ᠡᠷᠦᠬᠡ ᠶᠢ ᠵᠠᠯᠠᠵᠤ ᠠᠪᠴᠢᠷᠠᠭᠠᠳ ᠡᠳᠦᠷ ᠪᠦᠷᠢ 23 ᠴᠠᠭ ᠪᠣᠯᠲᠠᠯ᠎ᠠ ᠪᠣᠭᠤᠳᠠᠯᠯᠠᠭᠤᠯᠪᠠ᠃ ᠳᠥᠷᠪᠡᠳ ᠬᠤᠰᠢᠭᠤᠨ ᠤ ᠭᠤᠸᠠ ᠶᠢᠨ ᠦᠷ᠎ᠡ ᠨᠢ ᠴᠦ ᠴᠢᠶᠠ ᠴᠢᠶᠠ᠂ ᠭᠤᠷᠪᠠᠨ ᠬᠡᠷᠡᠮᠦ᠂ ᠯᠢᠶᠠᠩ ᠫᠢᠨ ᠫᠦᠰᠡ ᠵᠡᠷᠭᠡ ᠨᠠᠷᠠᠲᠠᠢ ᠰᠤᠯᠠ ᠢᠳᠡᠭᠡᠨ ᠤ ᠲᠡᠮᠲᠡᠭᠲᠦ ᠠᠴᠠ ᠳᠠᠪᠠᠵᠤ᠂ ᠲᠤᠸ ᠪᠦᠦ ᠲᠢᠶᠠᠨ ᠮᠣᠣ ᠶᠢᠨ ᠪᠥᠬᠦ ᠤᠯᠤᠰ ᠤᠨ ᠭᠤᠸᠠ ᠶᠢᠨ ᠦᠷ᠎ᠡ ᠶᠢᠨ ᠲᠥᠷᠥᠯ ᠤᠨ ᠨᠡᠷᠡᠰ ᠤᠨ ᠵᠢᠭᠰᠠᠭᠠᠯᠲᠠ ᠶᠢᠨ ᠨᠢᠭᠡᠳᠦᠭᠡᠷ ᠪᠠᠶᠢᠷᠢᠨ ᠳᠤ ᠵᠢᠭᠰᠠᠭᠠᠭᠳᠠᠵᠠᠢ᠃
9.11-2.png
  ︵ᠳᠥᠷᠪᠡᠳ ᠬᠤᠰᠢᠭᠤᠨ ᠤ ︽ᠶᠢᠩ ᠡᠦ ᠱᠢ ᠵᠢᠶᠠ︾ ᠭᠤᠸᠠ ᠶᠢᠨ ᠦᠷ᠎ᠡ ᠶᠢᠨ ᠦᠢᠯᠡᠳᠪᠦᠷᠢ ᠶᠢᠨ ᠲᠠᠰᠤᠭ ᠲᠤ ᠬᠦᠮᠦᠰ ᠴᠠᠭ ᠢ ᠠᠮᠵᠢᠨ ᠪᠣᠭᠤᠳᠠᠯᠯᠠᠵᠤ ᠪᠠᠷᠠᠭ᠎ᠠ ᠶᠠᠪᠤᠭᠤᠯᠵᠤ ᠪᠠᠶᠢᠬᠤ ᠲᠤᠬᠠᠢ ᠶᠢᠨ ᠲᠠᠯᠠᠪᠠᠶ ᠳᠤ︶  ᠬᠤᠶᠠᠷ᠂ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠢ ᠰᠠᠶᠢᠲᠤᠷ ᠶᠠᠷᠢᠵᠤ᠂ ᠨᠡᠷᠡᠰ ᠤᠨ ᠵᠢᠭᠰᠠᠭᠠᠯᠲᠠ ᠳᠤ ᠰᠢᠶᠠᠨ ᠤ ᠬᠡᠪᠴᠢᠶᠡᠨ ᠤ ᠲᠥᠷᠥᠯ ᠲᠡᠮᠳᠡᠭᠲᠦ ᠶᠢ ᠨᠡᠷ᠎ᠡ ᠠᠯᠳᠠᠷᠰᠢᠭᠤᠯᠤᠨ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠰᠠᠨ 31 ᠬᠤᠰᠢᠭᠤ ᠰᠢᠶᠠᠨ ᠳᠤ ᠬᠦᠴᠦᠨ ᠨᠡᠮᠡᠷᠢᠯᠡᠵᠦ ᠰᠢᠶᠠᠨ ᠤ ᠬᠡᠪᠴᠢᠶᠡᠨ ᠤ ᠨᠡᠷᠡᠲᠦ ᠲᠡᠮᠳᠡᠭ ᠢ ᠡᠭᠦᠳᠬᠦ ᠶᠢᠨ ᠲᠥᠯᠥᠭᠡ᠂ ᠲᠤᠰ ᠬᠥᠳᠡᠯᠭᠡᠭᠡᠨ ᠳᠤ ᠲᠤᠰᠬᠠᠢ ᠪᠦᠯᠬᠦᠮ ᠢ ᠣᠯᠠᠨ ᠤᠳᠠᠭ᠎ᠠ ᠲᠠᠷᠢᠶᠠᠨ ᠭᠠᠵᠠᠷ ᠲᠤ ᠭᠦᠨᠵᠡᠭᠡᠶᠢᠷᠡᠭᠦᠯᠬᠦ ᠪᠠᠷ ᠲᠣᠬᠢᠷᠠᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠰᠢᠯᠢᠳᠡᠭ ᠪᠠᠷᠠᠭ᠎ᠠ᠂ ᠰᠠᠶᠢᠬᠠᠨ ᠦᠵᠡᠮᠵᠢ ᠳᠤ ᠲᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ ᠪᠠ ᠵᠢᠷᠤᠭᠲᠤ ᠥᠯᠢᠭᠡᠷ ᠰᠡᠭᠦᠳᠡᠷᠯᠡᠬᠦ ᠶᠢᠨ ᠬᠠᠮᠲᠤ ᡁᠢ ᠹᠦ᠋ ᠪᠣᠣ ᠶᠢᠨ ᠲᠠᠷᠢᠶᠠᠯᠠᠩ ᠤᠨ ᠲᠠᠯᠠᠪᠠᠶ ᠵᠡᠷᠭᠡ ᠠᠷᠭ᠎ᠠ ᠵᠠᠮ ᠢᠶᠠᠷ ᠤᠬᠠᠭᠤᠯᠤᠨ ᠳᠡᠯᠭᠡᠷᠡᠭᠦᠯᠵᠦ᠂ ︽ᠲᠠᠯ᠎ᠠ ᠨᠤᠲᠤᠭ ᠤᠨ ︿ᠰᠢᠶᠠᠨ﹀ ᠤ ᠰᠢᠯᠢᠳᠡᠭ ᠪᠦᠲᠦᠭᠡᠭᠳᠡᠬᠦᠨ︾ ᠤ ᠤᠬᠠᠭᠤᠯᠭ᠎ᠠ ᠶᠢᠨ ᠹᠢᠯᠢᠮ ᠢ ᠵᠥᠪᠬᠡᠨ ᡁᠢ ᠹᠦ᠋ ᠪᠦᠦ ᠪᠠᠷ 6000 ᠲᠦᠮᠡ ᠭᠠᠷᠤᠢ ᠤᠳᠠᠭ᠎ᠠ ᠦᠵᠡᠵᠦ᠂ 52 ᠲᠦᠮᠡ ᠭᠠᠷᠤᠢ ᠮᠠᠭᠲᠠᠭᠠᠯ᠂ 5 ᠲᠦᠮᠡ ᠭᠠᠷᠤᠢ ᠵᠤᠷᠪᠤᠰ ᠰᠠᠶᠢᠨ ᠦᠨᠡᠯᠡᠯᠲᠡ ᠶᠢ ᠣᠯᠵᠤ᠂ ︽ᠪᠠ ᠪᠠ ᠲᠠᠷᠢᠶᠠᠯᠠᠩ ᠤᠨ ᠲᠠᠯᠠᠪᠠᠶ︾ ᠶᠢᠨ ᠠᠮᠢᠳᠤᠷᠠᠯ ᠤᠨ ᠳᠦᠷᠰᠦ ᠰᠢᠩᠭᠡᠭᠡᠯᠲᠡ ᠶᠢᠨ ᠲᠡᠦᠬᠡᠨ ᠳᠡᠭᠡᠷᠡᠬᠢ ᠬᠠᠮᠤᠭ ᠤᠨ ᠥᠨᠳᠥᠷ ︽ᠮᠠᠭᠲᠠᠭᠠᠯ︾ ᠢ ᠡᠭᠦᠳᠦᠭᠰᠡᠨ ᠪᠠᠶᠢᠨ᠎ᠠ᠃ 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᡁᠢ ᠹᠦ᠋ ᠪᠦᠦ ᠶᠢᠨ ᠠᠯᠪᠠᠨ ᠲᠠᠯ᠎ᠠ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠥᠪᠥᠷ ᠮᠣᠩᠭᠤᠯ ᠤᠨ ᠲᠠᠷᠢᠶᠠᠯᠠᠩ ᠢ ᠲᠤᠰᠠᠯᠠᠬᠤ ᠨᠡᠷᠡᠲᠦ ᠭᠤᠣᠯ ᠨᠡᠪᠲᠡᠷᠡᠭᠦᠯᠦᠭᠴᠢ ᠳ᠋ᠦᠸᠧ ᠳ᠋ᠦᠸᠧ ᠴᠢᠮᠡᠭ ᠢ ᠷᠠᠰᠢᠶᠠᠨ ᠤ ᠤᠯᠤᠰ ᠤᠨ ᠣᠶ ᠰᠢᠭᠤᠢ ᠶᠢᠨ ᠴᠡᠴᠡᠷᠯᠢᠭ ᠲᠤ ᠨᠡᠪᠲᠡᠷᠡᠭᠦᠯᠬᠦ ᠪᠠᠷ ᠤᠷᠢᠪᠠ᠃ ᠥᠪᠥᠷ ᠮᠣᠩᠭᠤᠯ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠵᠢᠭᠤᠯᠴᠢᠯᠠᠯ ᠤᠨ ᠵᠠᠮ ᠱᠤᠭᠤᠮ ᠳᠤ ᠲᠤᠰᠬᠠᠢ ᠲᠠᠯᠠᠪᠤᠷ ᠲᠠᠨᠢᠯᠴᠠᠭᠤᠯᠭ᠎ᠠ ᠬᠢᠵᠦ᠂ ᠷᠠᠰᠢᠶᠠᠨ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠭᠦᠸᠧ ᠵᠢᠶᠦ᠋ᠨ ᠴᠦ ᠰᠢᠭᠤᠳ ᠨᠡᠪᠲᠡᠷᠡᠭᠦᠯᠭᠡ ᠶᠢᠨ ᠳᠤᠮᠳᠠ ᠭᠤᠣᠯ ᠨᠡᠪᠲᠡᠷᠡᠭᠦᠯᠦᠭᠴᠢ ᠲᠠᠢ ᠬᠤᠷᠰᠢᠯᠴᠠᠵᠤ᠂ ᠷᠠᠰᠢᠶᠠᠨ ᠤ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠪᠣᠯᠣᠨ ᠭᠤᠶᠤ ᠦᠵᠡᠮᠵᠢ ᠶᠢ ᠲᠠᠨᠢᠯᠴᠠᠭᠤᠯᠬᠤ ᠪᠠᠷ ᠬᠢᠭᠰᠡᠨ 4 ᠴᠠᠭ ᠤᠨ ᠰᠢᠭᠤᠳ ᠨᠡᠪᠲᠡᠷᠡᠭᠦᠯᠭᠡ ᠨᠢ 249 ᠲᠦᠮᠡ ᠭᠠᠷᠤᠢ ᠬᠥᠮᠥᠰ ᠤᠨ ᠠᠩᠬᠠᠷᠤᠯ ᠢ ᠲᠠᠲᠠᠵᠤ᠂ ︽ᠥᠪᠥᠷ ᠮᠣᠩᠭᠤᠯ ᠤᠨ ᠪᠤᠷᠴᠠ‌‍ᠶᠢ ᠢᠳᠡᠬᠦ ᠳᠤᠷᠠᠲᠠᠢ︾᠂ ︽ᠦᠵᠡᠮᠡᠭᠴᠡ ᠲᠡᠨᠳᠡᠬᠢ ᠠᠮᠲᠠᠲᠤ ᠢᠳᠡᠭᠡᠨ ᠢ ᠠᠮᠲᠠᠯᠠᠵᠤ ᠦᠵᠡᠶ᠎ᠡ ᠭᠡᠵᠦ ᠰᠠᠨᠠᠨ᠎ᠠ᠂ ᠲᠡᠨᠳᠡᠬᠢ ᠭᠤᠶᠤ ᠦᠵᠡᠮᠵᠢ ᠶᠢ ᠦᠵᠡᠶ᠎ᠡ ᠭᠡᠵᠦ ᠰᠠᠨᠠᠨ᠎ᠠ︾᠂ ︽ᠦᠵᠡᠰᠬᠦᠯᠡᠩᠲᠦ ᠰᠠᠶᠢᠬᠠᠨ ᠦᠵᠡᠮᠵᠢ ᠲᠠᠢ ᠦᠬᠡᠷ ᠬᠤᠨᠢ ᠢᠳᠡᠷᠡᠭᠦᠨ᠂ ᠤᠷᠭᠤᠮᠠᠯ ᠤᠨ ᠤᠷᠭᠤᠯᠲᠠ ᠬᠡᠴᠢᠨᠡᠨ ᠰᠠᠶᠢᠨ ᠪᠤᠢ︾᠂ ︽ᠬᠥᠬᠡᠮᠳᠦᠭ ᠣᠭᠲᠠᠷᠭᠤᠢ ᠳᠤ ᠦᠬᠡᠷ ᠬᠤᠨᠢ ᠬᠠᠷᠠᠭᠳᠠᠨ᠎ᠠ᠂ ᠭᠤᠸᠠ ᠶᠢᠨ ᠲᠠᠷᠢᠶᠠᠨ ᠳᠠᠬᠢ ᠭᠤᠯᠢᠷ ᠪᠣᠯ ᠰᠠᠶᠢᠨ ᠪᠡᠯᠡᠭ ᠮᠥᠨ︾ ᠭᠡᠬᠦ ᠵᠡᠷᠭᠡ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃  ᠲᠤᠰ ᠤᠳᠠᠭᠠᠨ ᠤ ᠬᠥᠳᠡᠯᠭᠡᠭᠡᠨ ᠤ ᠬᠡᠳᠦ ᠶᠡᠭᠡ ᠤᠷᠤᠰᠬᠠᠯ ᠤᠨ ᠬᠡᠮᠵᠢᠶ᠎ᠡ ᠪᠠᠷ ᠳᠡᠮᠵᠢᠵᠦ᠂ ᠳᠥᠷᠪᠡᠳ ᠬᠤᠰᠢᠭᠤᠨ ᠤ ᠪᠸᠢ ᠪᠸᠢ ᠯᠠᠩᠭᠤᠸᠠ᠂ ᠳᠥᠷᠪᠡᠳ ᠬᠤᠰᠢᠭᠤᠨ ᠤ ᠭᠤᠸᠠ ᠶᠢᠨ ᠦᠷ᠎ᠡ᠂ ᠨᠢᠩᠴᠧᠩ ᠰᠢᠶᠠᠨ ᠤ ᠰᠢᠷ᠎ᠠ ᠨᠠᠷᠢᠮᠦ᠂ ᠯᠢᠨᠰᠢ ᠰᠢᠶᠠᠨ ᠤ ᠦᠬᠡᠷ ᠤᠨ ᠰᠢᠭᠢᠷ᠎ᠡ ᠶᠢᠨ ᠰᠢᠷᠪᠦᠰᠦ᠂ ᠱᠠᠩᠳᠤ ᠰᠢᠶᠠᠨ ᠤ ᠴᠠᠭᠠᠨ ᠢᠳᠡᠭᠡᠨ ᠤ ᠬᠠᠮᠲᠤᠷᠠᠯ᠂ ᠨᠠᠢᠮᠠᠨ ᠬᠤᠰᠢᠭᠤᠨ ᠤ ᠬᠤᠷᠤᠳ ᠤᠨ ᠵᠣᠷᠪᠤᠰᠣᠮᠠᠯ᠂ ᠨᠠᠢᠮᠠᠨ ᠬᠤᠰᠢᠭᠤᠨ ᠤ ᠦᠨᠢᠶᠡᠨ ᠰᠦ ᠶᠢᠨ ᠬᠠᠪᠲᠠᠭᠠᠢ᠂ ᠨᠢᠩᠴᠧᠩ ᠰᠢᠶᠠᠨ ᠤ ᠨᠣᠭᠤᠭᠠᠨ ᠪᠤᠷᠴᠠᠭ᠂ ᠱᠠᠩᠳᠤ ᠰᠢᠶᠠᠨ ᠤ ᠲᠥᠮᠥᠰᠥ᠂ ᠣᠷᠴᠣᠨ ᠤ ᠣᠷᠭᠠᠨᠢᠭ ᠰᠢᠷ᠎ᠠ ᠪᠤᠷᠴᠠᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠭᠠᠯᠢᠭ ᠵᠢᠮᠢᠰ ᠤᠨ ᠬᠠᠲᠠᠭᠠᠮᠠᠯ᠂ ᠪᠠᠭᠠᠷᠢᠨ ᠵᠡᠭᠦᠨ ᠬᠤᠰᠢᠭᠤᠨ ᠤ ᠪᠤᠷᠴᠠ᠂ ᠲᠠᠶᠢᠫᠤᠰᠧ ᠬᠤᠰᠢᠭᠤᠨ ᠤ ᠭᠤᠷᠪᠠᠨ ᠥᠩᠭᠡ ᠶᠢᠨ ᠨᠣᠶᠢᠯ ᠪᠤᠭᠤᠳᠠᠢ ᠵᠡᠷᠭᠡ 14 ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠲᠤᠸ ᠪᠦᠦ ᠲᠢᠶᠠᠨ ᠮᠣᠣ ᠵᠡᠷᠭᠡ ᠪᠥᠬᠦ ᠤᠯᠤᠰ ᠤᠨ ᠲᠥᠷᠥᠯ ᠤᠨ ᠨᠡᠷᠡᠰ ᠤᠨ ᠵᠢᠭᠰᠠᠭᠠᠯᠲᠠ ᠶᠢᠨ ᠨᠢᠭᠡᠳᠦᠭᠡᠷ ᠪᠠᠶᠢᠷᠢᠨ ᠳᠤ ᠵᠢᠭᠰᠠᠭᠠᠭᠳᠠᠵᠠᠢ᠃ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠬᠡ ᠬᠦᠵᠡᠯᠵᠡᠭᠡᠨ᠎ᠡ᠂ ᠪᠠᠭᠠᠷᠢᠨ ᠵᠡᠭᠦᠨ ᠬᠤᠰᠢᠭᠤᠨ ᠤ ᠰᠢᠷ᠎ᠠ ᠨᠠᠷᠢᠮᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠭᠠᠨᠢᠭ ᠴᠡᠪᠡᠷ ᠪᠤᠭᠤᠳᠠᠢ ᠶᠢᠨ ᠬᠡᠰᠡᠭᠯᠡᠯ᠂ ᠱᠠᠩᠳᠤ ᠰᠢᠶᠠᠨ ᠤ ᠲᠠᠤᠯᠠᠢ ᠶᠢᠨ ᠪᠥᠭᠡᠷ᠎ᠡ ᠯᠠᠩᠭᠤᠸᠠ‌ᠵᠡᠷᠭᠡ 15 ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠᠳᠤᠭᠠᠷ ᠪᠠᠶᠢᠷᠢᠨ ᠳᠤ ᠵᠢᠭᠰᠠᠭᠠᠭᠳᠠᠵᠤ᠂ ᠡᠭᠦᠨ ᠠᠴᠠ ᠭᠠᠳᠠᠨ᠎ᠠ 50 ᠪᠦᠲᠦᠭᠡᠭᠳᠡᠬᠦᠨ ᠵᠠᠭᠤᠨ ᠬᠦᠴᠦᠷᠬᠡᠭ ᠲᠤ ᠵᠢᠭᠰᠠᠭᠠᠭᠳᠠᠵᠠᠢ᠃
9.11-3.png
  ︵ᠥᠪᠥᠷ ᠮᠣᠩᠭᠤᠯ ᠤᠨ ᠣᠯᠠᠨ ᠵᠦᠢᠯ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠣᠷᠣᠪᠠ︶  ᠭᠤᠷᠪᠠ᠂ ᠪᠣᠳᠠᠲᠤ ᠳᠠᠶᠢᠨ ᠤ ᠪᠣᠳᠠᠲᠤ ᠪᠣᠯᠪᠠᠰᠤᠷᠠᠯ ᠢ ᠰᠠᠶᠢᠲᠤᠷ ᠬᠢᠵᠦ᠂ ᠳᠠᠯᠳᠠ ᠬᠦᠴᠦᠨ ᠢᠶᠠᠷ ᠴᠢᠳᠠᠪᠤᠷᠢᠲᠠᠨ ᠤ ᠡᠩᠨᠡᠭᠡ ᠶᠢ ᠬᠥᠭᠵᠢᠭᠡᠨ ᠪᠠᠳᠠᠷᠠᠭᠤᠯᠤᠨ᠎ᠠ  ᠡᠯᠧᠺᠲᠷᠣᠨ ᠬᠤᠳᠠᠯᠳᠤᠭᠠᠨ ᠤ ︽ᠲᠤᠷᠰᠢᠯᠭ᠎ᠠ ᠦᠭᠡᠢ︾ ᠤᠯᠠᠮᠵᠢᠯᠠᠯᠲᠤ ᠲᠠᠷᠢᠶᠠᠴᠢᠳ ᠲᠤ ᠴᠢᠭᠯᠡᠭᠦᠯᠦᠨ᠂ ᠬᠥᠳᠡᠯᠭᠡᠭᠡᠨ ᠳᠤ ᠡᠯᠧᠺᠲᠷᠣᠨ ᠬᠤᠳᠠᠯᠳᠤᠭᠠᠨ ᠤ ᠡᠭᠦᠯᠡᠨ ᠬᠢᠴᠢᠶᠡᠯ ᠤᠨ ᠲᠠᠩᠬᠢᠮ᠂ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠳᠭᠢᠮᠵᠢ᠂ ᠠᠷᠭ᠎ᠠ ᠪᠠᠷᠢᠯ᠂ ᠪᠠᠭᠠᠵᠢ ᠬᠡᠷᠡᠭᠰᠡᠯ ᠢᠶᠠᠨ ᠨᠤᠲᠤᠭ ᠤᠨ ᠬᠥᠮᠥᠰ ᠲᠤ ᠠᠪᠴᠢᠷᠠᠬᠤ ᠶᠢᠨ ᠬᠠᠮᠲᠤ ᠵᠠᠭᠤᠨ ᠰᠢᠶᠠᠨ ᠤ ᠵᠠᠭᠤᠨ ᠵᠦᠢᠯ ᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠬᠥᠳᠡᠯᠭᠡᠭᠡᠨ ᠢᠶᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠵᠢᠵᠢᠭ ᠪᠢᠴᠢᠯ ᠬᠡᠯᠪᠡᠷᠢ ᠶᠢᠨ ᠲᠠᠷᠢᠶᠠᠯᠠᠩ ᠤᠨ ᠰᠢᠨ᠎ᠡ ᠶᠢ ᠡᠭᠦᠳᠦᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠪᠣᠳᠠᠲᠠᠢ ᠪᠣᠯᠪᠠᠰᠤᠷᠠᠯ ᠤᠨ ᠵᠢᠭᠰᠠᠭᠠᠯ ᠤᠨ ᠭᠠᠵᠠᠷ ᠢ ᠬᠠᠩᠭᠠᠵᠤ᠂ ᠲᠡᠳᠡᠨ ᠤ ᠡᠵᠡᠩᠨᠡᠯᠲᠡ ᠶᠢᠨ ᠤᠷ᠎ᠠ ᠴᠢᠳᠠᠪᠤᠷᠢ ᠶᠢ ᠣᠯᠠᠨ ᠲᠠᠯ᠎ᠠ ᠪᠠᠷ ᠳᠡᠭᠡᠭᠰᠢᠯᠡᠭᠦᠯᠪᠡ᠃  ᠷᠠᠰᠢᠶᠠᠨ ᠬᠤᠲᠠ ᠶᠢᠨ ᠰᠢ ᠺᠸᠦ ᠲᠣᠰᠬᠤᠨ ᠤ ᠹᠦ᠋ ᠴᠧᠩ ᠼᠠᠢ ᠪᠠᠷ ᠵᠢᠱᠢᠶᠡᠯᠡᠪᠡᠯ᠂ ︽ᠲᠣᠰᠬᠤᠨ ᠪᠣᠯᠭᠠᠨ ᠳᠤ ᠨᠡᠪᠲᠡᠷᠡᠬᠦ ᠴᠠᠭ ᠦᠶ᠎ᠡ︾ ᠳᠤ ᠲᠣᠰᠬᠤᠨ ᠤ ᠠᠩᠬᠠᠳᠠᠭᠴᠢ ᠡᠯᠧᠺᠲᠷᠦᠨ ᠬᠤᠳᠠᠯᠳᠤᠭ᠎ᠠ ᠶᠢᠨ ᠡᠵᠡᠨ ᠪᠣᠯᠤᠭᠰᠠᠨ ᠤ ᠬᠤᠪᠢ ᠳᠤ᠂ ᠹᠦ᠋ ᠴᠧᠩ ᠼᠠᠢ ᠲᠣᠰᠬᠤᠨ ᠤ ᠪᠠᠨ ᠥᠪᠡᠷ ᠢᠶᠠᠨ ᠦᠢᠯᠡᠳᠦᠭᠰᠡᠨ ᠬᠥᠬᠡ ᠬᠦᠵᠡᠯᠵᠡᠭᠡᠨ᠎ᠡ  ᠶᠢᠨ ᠬᠠᠲᠠᠭᠠᠮᠠᠯ᠂ ᠪᠣᠷᠴᠠ᠂ ᠰᠦᠨ ᠲᠠᠯᠬ᠎ᠠ ᠶᠢ ᠰᠦᠯᠵᠢᠶᠡᠨ ᠳᠡᠭᠡᠷ᠎ᠡ ᠪᠣᠷᠣᠯᠠᠭᠤᠯᠵᠤ ᠪᠠᠶᠢᠨ᠎ᠠ᠃ ᠥᠩᠭᠡᠷᠡᠭᠰᠡᠨ ᠳᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠲᠤᠷᠰᠢᠯᠭ᠎ᠠ ᠦᠭᠡᠢ ᠪᠣᠯᠬᠤᠷ᠂ ᠲᠠᠸᠠᠷ ᠤᠨ ᠨᠠᠷᠢᠨ ᠪᠠᠶᠢᠳᠠᠯ ᠤᠨ ᠬᠠᠭᠤᠳᠠᠰᠤᠨ ᠳᠡᠭᠡᠷ᠎ᠡ ᠵᠥᠪᠬᠡᠨ ᠨᠢᠭᠡ ᠯᠡ ᠦᠭᠡ ᠪᠠᠶᠢᠳᠠᠭ᠂ ᠪᠣᠷᠤᠯᠠᠭᠤᠯᠭ᠎ᠠ ᠶᠢᠨ ᠬᠡᠮᠵᠢᠶ᠎ᠡ ᠴᠥᠭᠡᠨ᠂ ᠵᠥᠪᠬᠡᠨ ᠲᠣᠰᠬᠤᠨ ᠳᠤ ᠰᠠᠭᠤᠭ᠎ᠠ ᠱᠦᠵᠢ ᠪᠠᠷ ᠳᠠᠮᠵᠢᠭᠤᠯᠤᠨ ᠲᠡᠭᠦᠨ ᠤ ᠪᠡᠭᠡᠵᠢᠩ᠂ ᠱᠠᠩᠬᠠᠢ ᠵᠡᠷᠭᠡ ᠭᠠᠵᠠᠷ ᠤᠨ ᠬᠠᠮᠲᠤ ᠠᠵᠢᠯᠯᠠᠭᠴᠢ ᠳᠤ ᠪᠠᠨ ᠬᠤᠳᠠᠯᠳᠤᠨ ᠥᠭᠴᠦ ᠪᠣᠯᠣᠨ᠎ᠠ᠃ ᠥᠪᠥᠷ ᠮᠣᠩᠭᠤᠯ ᠤᠨ ᠲᠤᠰᠬᠠᠢ ᠬᠥᠳᠡᠯᠭᠡᠭᠡᠨ ᠢᠶᠠᠷ ᠳᠠᠮᠵᠢᠭᠤᠯᠤᠨ᠂ ᠹᠦ᠋ ᠴᠧᠩ ᠼᠠᠢ ᠠᠩᠬ᠎ᠠ ᠤᠳᠠᠭ᠎ᠠ ︽ᠲᠠᠷᠢᠶᠠᠯᠠᠩ ᠢ ᠲᠤᠰᠠᠯᠠᠬᠤ ᠰᠥᠨᠢ ᠶᠢᠨ ᠰᠤᠷᠭᠠᠭᠤᠯᠢ︾ ᠶᠢᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠳᠤ ᠣᠷᠣᠯᠴᠠᠵᠤ᠂ ᠲᠠᠷᠢᠶᠠᠯᠠᠩ ᠢ ᠲᠤᠰᠠᠯᠠᠬᠤ ᠬᠢᠴᠢᠶᠡᠯ ᠤᠨ ᠲᠥᠯᠥᠭᠡᠯᠡᠭᠴᠢ ᠠᠴᠠ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠷᠡᠭᠯᠡᠭᠡᠨ ᠤ ᠠᠷᠭ᠎ᠠ ᠶᠢ ᠰᠣᠷᠣᠭᠰᠠᠨ ᠪᠠᠶᠢᠨ᠎ᠠ᠂ ᠡᠨᠡ ᠪᠣᠯ ᠲᠡᠭᠦᠨ ᠤ ᠠᠩᠬ᠎ᠠ ᠤᠳᠠᠭ᠎ᠠ ᠲᠣᠭᠠᠴᠠᠯᠠᠭᠰᠠᠨ ᠡᠵᠡᠩᠨᠡᠯᠲᠡ ᠶᠢ ᠰᠢᠰᠲ᠋ᠧᠮ ᠲᠠᠢ ᠰᠤᠷᠤᠯᠴᠠᠵᠤ ᠪᠠᠶᠢᠭ᠎ᠠ ᠶᠠᠪᠤᠳᠠᠯ ᠪᠣᠯᠣᠨ᠎ᠠ᠃ ᠬᠥᠳᠡᠯᠭᠡᠭᠡᠨ ᠢᠶᠠᠷ ᠳᠠᠮᠵᠢᠭᠤᠯᠤᠨ᠂ ᠹᠦ᠋ ᠴᠧᠩ ᠼᠠᠢ ᠨᠤᠲᠤᠭ ᠤᠨ ᠣᠨᠴᠠ ᠭᠠᠷᠤᠯᠲᠠ ᠳᠤ ᠪᠠᠨ ᠪᠣᠷᠤᠯᠠᠭᠤᠯᠭ᠎ᠠ ᠶᠢᠨ ᠵᠢᠷᠤᠮᠵᠢᠯ ᠳᠤ ᠨᠡᠶᠢᠴᠡᠭᠰᠡᠨ ᠪᠣᠭᠤᠳᠠᠯ ᠤᠨ ᠱᠣᠰᠢᠭ᠎ᠠ ᠨᠠᠭᠠᠵᠤ᠂ ᠲᠠᠸᠠᠷ ᠤᠨ ᠨᠠᠷᠢᠯᠢᠭ ᠬᠠᠭᠤᠳᠠᠰᠤ ᠶᠢ ᠰᠢᠨ᠎ᠡ ᠪᠠᠷ ᠵᠠᠰᠠᠵᠤ ᠴᠢᠮᠡᠵᠡᠢ᠂ ᠲᠡᠭᠦᠨ ᠤ ᠡᠬᠡᠨᠡᠷ ᠨᠢ ᠪᠠᠰᠠ ︽ᡁᠢ ᠹᠦ᠋     ᠪᠦᠦ︾ ᠶᠢᠨ ᠠᠯᠪᠠᠨ ᠲᠠᠯ᠎ᠠ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠠᠩᠬ᠎ᠠ ᠤᠳᠠᠭ᠎ᠠ ᠢᠯᠡᠷᠡᠪᠡ᠃ ᠬᠥᠳᠡᠯᠭᠡᠭᠡᠨ ᠤ ᠶᠡᠭᠡ ᠤᠷᠤᠰᠬᠠᠯ ᠤᠨ ᠬᠦᠴᠦᠨ ᠢᠶᠠᠷ ᠹᠦ᠋ ᠴᠧᠩ ᠼᠠᠢ ᠶᠢᠨ ᠬᠢᠨ ᠤ ᠬᠥᠬᠡ ᠬᠦᠵᠡᠯᠵᠡᠭᠡᠨ᠎ᠡ ᠶᠢᠨ ᠬᠠᠲᠠᠭᠠᠮᠠᠯ 22000 ᠭᠠᠷᠤᠢ ᠬᠥᠮᠥᠨ ᠠᠴᠠ ᠲᠤᠸ ᠪᠦᠦ ᠲᠢᠶᠠᠨ ᠮᠣᠣ ᠪᠥᠬᠦ ᠤᠯᠤᠰ ᠤᠨ ᠬᠥᠬᠡ ᠬᠦᠵᠡᠯᠵᠡᠭᠡᠨ᠎ᠡ  ᠶᠢᠨ ᠬᠠᠲᠠᠭᠠᠮᠠᠯ ᠤᠨ ᠨᠡᠷᠡᠰ ᠤᠨ ᠵᠢᠭᠰᠠᠭᠠᠯᠲᠠ ᠶᠢᠨ ᠭᠤᠷᠪᠠᠳᠤᠭᠠᠷ ᠪᠠᠶᠢᠷᠢᠨ ᠳᠤ ᠵᠢᠭᠰᠠᠭᠠᠭᠳᠠᠵᠠᠢ᠃  ᠳᠥᠷᠪᠡ᠂ ᠬᠠᠶᠢᠷ᠎ᠠ ᠬᠠᠯᠠᠮᠵᠢ ᠪᠠᠨ‌ᠬᠠᠨᠳᠢᠪᠯᠠᠵᠤ᠂ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠠᠰᠢᠭ ᠣᠯᠬᠤ ᠰᠠᠭᠤᠷᠢ ᠲᠥᠬᠦᠭᠡᠷᠦᠮᠵᠢ ᠶᠢ ᠦᠯᠡᠳᠡᠭᠡᠬᠦ ᠬᠡᠷᠡᠭᠲᠡᠢ  ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠷᠠᠰᠢᠶᠠᠨ ᠬᠤᠲᠠ ᠶᠢᠨ ᠬᠡᠰᠡᠭ ᠭᠠᠵᠠᠷ ᠣᠷᠣᠨ ᠢ ᠬᠠᠪᠰᠤᠷᠤᠨ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠴᠢᠳᠠᠪᠤᠷᠢ ᠪᠠ ᠭᠠᠷ ᠤᠷᠠᠯᠠᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠮᠠ ᠢ ᠪᠦᠯᠦᠭᠯᠡᠯ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠪᠡᠯᠡ ᠮᠦᠩᠬᠦ ᠶᠢᠨ ᠨᠡᠶᠢᠭᠡᠮᠯᠢᠭ ᠤᠨ ᠨᠠᠶᠢᠵᠠ ᠨᠠᠷ ᠢ ᠲᠠᠶᠢᠴᠢᠯᠠᠨ ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠤ ᠶᠢᠨ ᠰᠢ ᠺᠧᠦ ᠲᠣᠰᠬᠤᠨ ᠳᠤ ᠨᠢᠭᠡ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠪᠠ ᠪᠣᠭᠤᠳᠠᠯᠯᠠᠬᠤ ᠲᠥᠬᠦᠭᠡᠷᠦᠮᠵᠢ ᠬᠠᠨᠳᠢᠪᠯᠡᠵᠤ᠂ ᠡᠯᠧᠺᠲᠷᠣᠨ ᠬᠤᠳᠠᠯᠳᠤᠭᠠᠨ ᠤ ᠬᠠᠶᠢᠷ᠎ᠠ ᠬᠠᠯᠠᠮᠵᠢ ᠶᠢᠨ ᠦᠢᠯᠡᠳᠪᠦᠷᠢ ᠶᠢᠨ ᠲᠠᠰᠤᠭ ᠭᠠᠷᠭᠠᠵᠤ᠂ ᠡᠭᠦᠨ ᠢᠶᠠᠷ ᠢᠶᠠᠨ ᠲᠤᠰ ᠲᠣᠰᠬᠤᠨ ᠤ ᠲᠠᠷᠢᠶᠠᠯᠠᠩ ᠢ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠵᠢᠴᠢ ᠣᠨᠴᠠᠯᠢᠭᠲᠤ ᠤᠢ ᠶᠢᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠵᠢᠱᠢᠯᠲᠡ ᠪᠠᠷ ᠨᠢᠭᠡ ᠵᠢᠯ ᠳᠤ 20 ᠲᠣᠨ ᠨᠤᠲᠤᠭ ᠤᠨ ᠭᠠᠷᠤᠯᠲᠠ ᠲᠠᠷᠢᠶᠠᠯᠠᠩ ᠤᠨ ᠭᠠᠷᠤᠯᠲᠠ ᠶᠢ ᠭᠦᠨᠵᠡᠭᠡᠢ ᠡᠳ᠋ᠰᠢᠭᠦᠯᠵᠦ᠂ ᠲᠤᠬᠠᠢ ᠶᠢᠨ ᠭᠠᠵᠠᠷ ᠤᠨ ᠰᠢᠯᠢᠳᠡᠭ ᠪᠠᠷᠠᠭ᠎ᠠ ᠶᠢ ᠠᠭᠤᠯᠠᠨ ᠠᠴᠠ ᠭᠠᠷᠭᠠᠬᠤ ᠳᠤ ᠬᠦᠴᠦ ᠨᠡᠮᠡᠷᠢᠯᠡᠨ᠎ᠡ᠃ ᠡᠭᠦᠨ ᠠᠴᠠ ᠭᠠᠳᠠᠨ᠎ᠠ᠂ ᠷᠠᠰᠢᠶᠠᠨ ᠬᠤᠲᠠ ᠶᠢᠨ ᠷᠠᠰᠢᠶᠠᠨ ᠲᠣᠰᠬᠤᠨ᠂ ᠢᠷᠱᠢ ᠲᠣᠰᠬᠤᠨ ᠤ ᠲᠠᠷᠢᠶᠠᠯᠠᠩ ᠤᠨ ᠮᠠᠰᠢᠨ ᠤ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠪᠠᠶᠢᠴᠠᠭᠠᠨ ᠰᠤᠳᠤᠯᠤᠯᠲᠠ ᠶᠠᠭ ᠶᠠᠪᠤᠭᠳᠠᠵᠤ ᠪᠠᠶᠢᠨ᠎ᠠ᠂ ᠵᠠᠯᠭᠠᠭᠠᠳ ᠪᠠᠰᠠ ᠲᠤᠬᠠᠢ ᠶᠢᠨ ᠭᠠᠵᠠᠷ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠨᠢᠭᠡ ᠪᠦᠯᠦᠭ ᠬᠡᠷᠡᠭᠯᠡᠭᠡᠨ ᠤ ᠲᠠᠷᠢᠶᠠᠯᠠᠩ ᠤᠨ ᠮᠠᠰᠢᠨ ᠪᠠᠭᠠᠵᠢ ᠬᠠᠨᠳᠢᠪᠯᠡᠬᠤ ᠪᠣᠯᠣᠨ᠎ᠠ᠃  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠪᠠᠰᠠ ᠮᠠ ᠢ ᠪᠦᠯᠦᠭᠯᠡᠯ ᠲᠠᠢ ᠬᠤᠯᠪᠤᠭᠠᠯᠠᠨ ᠦᠷᠭᠦᠯᠵᠢᠯᠡᠨ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠣᠨᠴᠠᠯᠢᠭᠲᠤ ᠰᠢᠯᠢᠳᠡᠭ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠭᠤᠨ ᠰᠢᠶᠠᠨ ᠵᠠᠭᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ᠵᠡᠷᠭᠡ ᠪᠠᠷ ᠳᠠᠮᠵᠢᠭᠤᠯᠤᠨ 365 ᠡᠳᠦᠷ ᠤᠨ ᠡᠭᠦᠳᠡ ᠪᠠᠨ ᠬᠠᠭᠠᠬᠤ ᠦᠭᠡᠢ ᠣᠷᠳᠣ ᠬᠤᠭᠤᠴᠠᠭᠠᠨ ᠤ ᠨᠠᠷᠠᠲᠤ ᠲᠡᠮᠳᠡᠭᠲᠦ ᠶᠢᠨ ᠳᠡᠯᠭᠡᠷᠡᠭᠦᠯᠦᠯᠲᠡ ᠶᠢᠨ ᠳᠡᠮᠵᠢᠯᠭᠡ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠳᠤ ᠨᠠᠩ ᠣᠯᠠᠨ ᠵᠢᠵᠢᠭ ᠮᠥᠷᠲᠡᠭᠡᠨ ᠰᠠᠶᠢᠨ ᠰᠠᠶᠢᠬᠠᠨ ᠬᠤᠪᠢᠷᠠᠯᠲᠠ ᠶᠢ ᠠᠪᠴᠢᠷᠠᠬᠤ ᠪᠣᠯᠣᠨ᠎ᠠ᠃ 
 
ᠢᠷᠡᠯᠲᠡ᠄ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号