ᠬᠥᠬᠡᠬᠤᠲᠠ ︽ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ 2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠶᠢ ᠲᠡᠳᠬᠦᠬᠦ ᠲᠤᠬᠠᠢ ᠮᠡᠳᠡᠭᠳᠡᠯ︾ ᠪᠠᠭᠤᠯᠭᠠᠪᠠ
ᠨᠡᠶᠢᠲᠡᠯᠡᠭᠰᠡᠨ ᠴᠠᠭ᠄
2023/9/12
      2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ ᠣᠶᠢᠷ᠎ᠠ ᠳᠤ᠂ ᠬᠥᠬᠡᠬᠤᠲᠠ ︽ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ 2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠶᠢ ᠲᠡᠳᠬᠦᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠪᠠᠭᠤᠯᠭᠠᠪᠠ᠃ ᠣᠶᠢᠯᠠᠭᠠᠭᠰᠠᠨ ᠢᠶᠠᠷ᠂ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠠᠭᠠᠳᠬᠠᠯ ᠳᠤ ᠣᠷᠣᠯᠴᠠᠬᠤ ᠶᠢ ᠲᠡᠳᠬᠦᠬᠦ ᠬᠡᠪᠴᠢᠶᠡᠨ ᠳᠤ ᠣᠨᠴᠠ ᠬᠦᠴᠢᠷᠳᠡᠯᠲᠡᠢ ᠠᠰᠠᠷᠠᠭᠳᠠᠭᠴᠢ ︵ᠥᠨᠥᠴᠢᠨ ᠵᠡᠮᠳᠡᠭ ᠬᠡᠦᠬᠡᠳ ᠢ ᠪᠠᠭᠲᠠᠭᠠᠨ᠎ᠠ ︶᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠬᠢᠨᠠᠯᠲᠠ ᠳᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠥᠮᠥᠰ ᠪᠠ ᠭᠡᠨᠡᠳᠲᠡ ᠶᠢᠨ ᠬᠦᠨᠳᠦ ᠬᠦᠴᠢᠷᠳᠡᠯ ᠳᠤ ᠲᠤᠯᠭᠠᠷᠠᠭᠰᠠᠨ ᠬᠥᠮᠥᠰ ᠢ ᠪᠠᠭᠲᠠᠭᠠᠨ᠎ᠠ ᠃      ︽ᠮᠡᠳᠡᠭᠳᠡᠯ︾ ᠳᠤ ᠢᠯᠡᠷᠡᠭᠦᠯᠦᠭᠰᠡᠨ ᠢᠶᠠᠷ᠂ ᠣᠨᠴᠠ ᠬᠦᠴᠢᠷᠳᠡᠯᠲᠡᠢ ᠠᠰᠠᠷᠠᠭᠳᠠᠭᠴᠢ ︵ᠥᠨᠥᠴᠢᠨ ᠵᠡᠮᠳᠡᠭ ᠬᠡᠦᠬᠡᠳ ᠢ ᠪᠠᠭᠲᠠᠭᠠᠨ᠎ᠠ ︶ ᠶᠢ 200 ᠲᠥᠭᠦᠷᠢᠭ \ ᠬᠥᠮᠥᠨ ᠢᠶᠠᠷ ᠪᠥᠬᠦ ᠲᠤᠭ᠎ᠠ ᠪᠠᠷ ᠲᠡᠳᠬᠦᠵᠦ ᠂ ᠬᠤᠪᠢ ᠬᠥᠮᠥᠨ 10 ᠲᠥᠭᠦᠷᠢᠭ \ ᠬᠥᠮᠥᠨ ᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠬᠡᠷᠡᠭᠲᠡᠢ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠬᠢᠨᠠᠯᠲᠠ ᠶᠢᠨ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠥᠮᠥᠰ ᠪᠠ ᠭᠡᠨᠡᠳᠲᠡ ᠶᠢᠨ ᠬᠦᠨᠳᠦ ᠬᠦᠴᠢᠷᠳᠡᠯ ᠳᠤ ᠲᠤᠯᠭᠠᠷᠠᠭᠰᠠᠨ ᠬᠥᠮᠥᠰ ᠢ 126 ᠲᠥᠭᠦᠷᠢᠭ \ ᠬᠥᠮᠥᠨ ᠢᠶᠠᠷ ᠲᠣᠭᠲᠠᠭᠰᠠᠨ ᠲᠤᠭ᠎ᠠ ᠪᠠᠷ ᠲᠡᠳᠬᠦᠵᠦ ᠂ ᠬᠤᠪᠢ ᠬᠥᠮᠥᠨ 84 ᠲᠥᠭᠦᠷᠢᠭ \ ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠢ ᠪᠠᠭᠲᠠᠭᠠᠨ᠎ᠠ ︶ ᠲᠤᠰᠢᠶᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠠᠳ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠰᠡᠳ ︵ᠰᠢᠯᠵᠢᠯᠲᠡ ᠶᠢᠨ ᠬᠤᠭᠤᠴᠠᠭᠠᠨ ᠳᠤ ᠪᠠᠨ︶ ᠲᠤ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠢᠨᠠᠯᠲᠠ ᠳᠤ ᠪᠠᠶᠢᠭ᠎ᠠ ᠬᠥᠮᠥᠨ ᠠᠮᠠ ᠶᠢ ᠲᠡᠳᠬᠦᠬᠦ ᠪᠠᠷᠢᠮᠵᠢᠶ᠎ᠠ ᠪᠠᠷ ᠯᠠᠪᠯᠠᠨ ᠬᠡᠷᠡᠭᠵᠢᠭᠦᠯᠵᠦ᠂ ᠲᠡᠳᠬᠦᠬᠦ ᠪᠡᠯᠡ ᠮᠥᠩᠭᠦ ᠶᠢ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ ᠭᠠᠷᠭᠠᠵᠤ᠂ ᠲᠡᠳᠬᠦᠭᠰᠡᠨ ᠤ ᠳᠠᠷᠠᠭ᠎ᠠ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠢᠨᠠᠯᠲᠠ ᠳᠤ ᠪᠠᠶᠢᠭ᠎ᠠ ᠬᠥᠮᠥᠨ ᠠᠮᠠ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠳᠣᠣᠷᠠᠳᠠᠭᠤᠯᠵᠤ ᠪᠣᠯᠬᠤ ᠦᠭᠡᠢ᠃      ︽ᠮᠡᠳᠡᠭᠳᠡᠯ︾ ᠳᠤ ᠱᠠᠭᠠᠷᠳᠠᠭᠰᠠᠨ ᠨᠢ᠂ ᠪᠥᠬᠦ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠰᠡᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠠᠭᠠᠳᠬᠠᠯ ᠳᠤ ᠣᠷᠣᠯᠴᠠᠬᠤ ᠶᠢ ᠲᠡᠳᠬᠦᠬᠦ ᠨᠥᠬᠦᠴᠡᠯ ᠳᠤ ᠨᠡᠶᠢᠴᠡᠭᠰᠡᠳ ᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠳᠠᠭᠠᠳᠬᠠᠯ ᠳᠤ ᠣᠷᠣᠯᠴᠠᠭᠤᠯᠵᠤ ᠳᠠᠩᠰᠠᠯᠠᠨ᠎ᠠ ᠃ ᠲᠡᠳᠬᠦᠭᠰᠡᠨ ᠳᠠᠭᠠᠳᠬᠠᠯ ᠳᠤ ᠣᠷᠣᠯᠴᠠᠭᠰᠠᠳ ᠤᠨ ᠳᠣᠲᠣᠷᠠᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠶᠢᠨ ᠬᠠᠷᠢᠶᠠᠲᠤ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠲᠡᠵᠢᠭᠡᠭᠳᠡᠭᠰᠡᠳ ᠢ ︽ᠬᠥᠬᠡᠬᠤᠲᠠ ᠶᠢᠨ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠯᠡᠭᠡ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ ᠬᠠᠷᠢᠶᠠᠲᠤ ᠠᠰᠠᠷᠠᠮᠵᠢ ᠶᠢᠨ ᠪᠠᠶᠢᠭᠤᠯᠤᠮᠵᠢ ᠨᠢ ᠬᠠᠷᠢᠶ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠳᠠᠭᠠᠳᠬᠠᠯ ᠳᠤ ᠣᠷᠣᠯᠴᠠᠭᠤᠯᠵᠤ ᠳᠠᠩᠰᠠᠯᠠᠭᠤᠯᠬᠤ ᠶᠢ ᠬᠠᠷᠢᠭᠤᠴᠠᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠦᠢᠯᠡᠰ ᠢ ᠬᠠᠮᠲᠤ ᠪᠠᠷ ᠭᠦᠢᠴᠡᠳᠬᠡᠵᠦ᠂ ᠳᠠᠭᠠᠳᠬᠠᠯ ᠳᠤ ᠣᠷᠣᠯᠴᠠᠬᠤ ᠳᠤ ᠬᠡᠷᠡᠭᠰᠡᠬᠦ 210 ᠲᠥᠭᠦᠷᠢᠭ / ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠢ ᠪᠠᠭᠲᠠᠭᠠᠨ᠎ᠠ ︶ ᠢ ᠠᠰᠠᠷᠠᠮᠵᠢ ᠶᠢᠨ ᠪᠠᠶᠢᠭᠤᠯᠤᠮᠵᠢ ᠠᠴᠠ ᠡᠭᠦᠷᠭᠡᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠭᠤᠯᠭᠠᠭᠰᠠᠨ 2023 ᠣᠨ ᠤ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠲᠡᠳᠬᠦᠭᠰᠡᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡᠯᠡᠯ ᠢᠶᠠᠷ ᠪᠠᠷᠢᠮᠵᠢᠶᠠᠯᠠᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ  ᠯᠦᠭᠡ ᠲᠡᠳᠬᠦᠭᠰᠡᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡᠯᠡᠯ ᠢ ᠰᠠᠶᠢᠲᠤᠷ ᠬᠠᠷᠭᠤᠭᠤᠯᠵᠤ ᠂ ᠳᠠᠭᠠᠳᠬᠠᠯ ᠳᠤ ᠣᠷᠣᠯᠴᠠᠭᠰᠠᠳ ᠤᠨ ᠮᠡᠳᠡᠭᠡᠯᠡᠯ ᠨᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠨ᠎ᠠ ᠃ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠲᠡᠳᠬᠦᠬᠦ ᠨᠥᠬᠦᠴᠡᠯ ᠳᠤ ᠨᠡᠶᠢᠴᠡᠭᠰᠡᠨ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠬᠤᠪᠢ ᠬᠥᠮᠥᠨ ᠪᠥᠬᠦ ᠲᠤᠭ᠎ᠠ ᠪᠠᠷ ᠲᠤᠰᠢᠶᠠᠭᠰᠠᠨ ᠪᠣᠯ ᠂ ᠲᠣᠰ ᠬᠥᠮᠥᠨ ︽ ᠭᠠᠶᠢᠯᠢ ᠲᠤᠰᠢᠶᠠᠵᠤ ᠳᠠᠭᠤᠰᠤᠭᠰᠠᠨ ᠭᠡᠷᠡᠴᠢ︾ ᠪᠠᠷ ᠢᠶᠠᠨ ᠰᠦᠢᠳᠬᠡᠯ ᠲᠤᠰᠢᠶᠠᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠰᠦᠢᠳᠬᠡᠯ ᠢᠶᠠᠨ ᠪᠤᠴᠠᠭᠠᠨ ᠠᠪᠬᠤ ᠪᠠᠷ ᠭᠤᠶᠤᠴᠢᠯᠠᠵᠤ᠂ ᠰᠦᠢᠳᠬᠡᠯ ᠢ ᠪᠤᠴᠠᠭᠠᠨ ᠣᠯᠭᠤᠬᠤ ᠪᠠᠷᠢᠮᠵᠢᠶ᠎ᠠ ᠶᠢ ᠲᠡᠳᠬᠦᠬᠦ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠬᠤ ᠦᠭᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠬᠠᠷᠢᠯᠴᠠᠭ᠎ᠠ ᠪᠠᠨ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠡᠬᠡ ᠲᠠᠩᠰᠠ ᠶᠢ ᠰᠠᠶᠢᠲᠤᠷ ᠬᠢᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ 2024 ᠣᠨ ᠤ ᠬᠦᠴᠢᠷᠳᠡᠯᠲᠡᠢ ᠬᠥᠮᠥᠰ ᠢ ᠲᠡᠳᠬᠦᠵᠦ ᠳᠠᠭᠠᠳᠬᠠᠯ ᠳᠤ ᠣᠷᠣᠯᠴᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号