ᠰᠢ ᠶᠢᠨ ᠫᠢᠩ ᠺᠦᠨᠵᠢᠷᠠᠪ ᠪᠣᠭᠤᠮᠲᠠ ᠶᠢᠨ ᠪᠦᠭᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠪᠣᠭᠤᠮᠲᠠ ᠶᠢᠨ ᠡᠩᠨᠡᠭᠡᠨ ᠤ ᠰᠢᠯᠢᠳᠡᠭ ᠰᠤᠷᠲᠠᠯ ᠢ ᠪᠠᠳᠠᠷᠠᠭᠤᠯᠵᠤ ᠨᠠᠮ ᠳᠠᠭᠠᠨ ᠨᠠᠶᠢᠳᠠᠪᠤᠷᠢᠲᠠᠢ ᠤᠯᠠᠨ ᠲᠦᠮᠡᠨ ᠳᠡᠭᠡᠨ ᠬᠦᠷᠢᠶᠡᠯᠡᠯ ᠲᠠᠢ ᠤᠯᠤᠰ ᠤᠨ ᠡᠭᠦᠳᠡ ᠶᠢᠨ ᠬᠠᠮᠠᠭᠠᠯᠠᠭᠴᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/9/13
      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 11 ᠤ ᠡᠳᠦᠷ ᠺᠦᠨᠵᠢᠷᠡᠪ ᠪᠣᠭᠤᠮᠲᠠ ᠶᠢᠨ ᠪᠦᠭᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠂ ᠪᠣᠭᠤᠮᠲᠠ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ ᠃      ᠰᠢ ᠶᠢᠨ ᠫᠢᠩ ᠬᠠᠷᠢᠭᠤ ᠵᠠᠬᠢᠳᠠᠯ ᠳᠠᠭᠠᠨ  ᠂ ᠲᠠ ᠨᠠᠷ ᠬᠠᠬᠢᠷ ᠬᠦᠢᠲᠡᠨ ᠠᠭᠤᠷ ᠠᠮᠢᠰᠬᠤᠯ ᠪᠠ ᠬᠦᠴᠢᠯᠲᠥ᠋ᠷᠥᠭᠴᠢ ᠳᠤᠲᠠᠭᠳᠠᠬᠤ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠴᠠᠰᠤᠲᠤ ᠣᠷᠣᠨ ᠳᠠᠬᠢ ᠤᠯᠤᠰ ᠤᠨ ᠡᠭᠦᠳᠡ ᠶᠢᠨ ᠡᠮᠦᠨ᠎ᠡ ᠹᠷᠣᠨᠲ ᠲᠤ ᠦᠨᠳᠦᠰᠦᠯᠡᠵᠦ ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ ᠂ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠬᠥᠮᠥᠰ ᠤᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠃ ᠡᠨᠡ ᠵᠢᠯ ᠪᠣᠯ ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠤᠢ ᠪᠣᠯᠣᠨ᠎ᠠ ᠂ ᠡᠨᠡ ᠬᠦ ᠲᠠᠰᠢᠷᠠᠮ ᠢᠶᠠᠷ ᠪᠣᠭᠤᠮᠲᠠ ᠶᠢᠨ ᠰᠢᠰᠲ᠋ᠧᠮ ᠤᠨ ᠪᠦᠭᠦ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ︕ ᠭᠡᠵᠦ ᠬᠡᠯᠡᠪᠡ ᠃      ᠰᠢ ᠶᠢᠨ ᠫᠢᠩ ᠂ ᠪᠣᠭᠤᠮᠲᠠ ᠨᠢ ᠤᠯᠤᠰ ᠤᠨ ᠡᠭᠦᠳᠡ ᠪᠠᠨ ᠰᠠᠬᠢᠬᠤ ᠂ ᠬᠥᠭᠵᠢᠯᠲᠡ ᠶᠢ ᠠᠬᠢᠭᠤᠯᠬᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠂ ᠪᠣᠭᠤᠮᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠨᠥᠬᠦᠳ ᠨᠠᠷ ᠤᠨ ᠬᠡᠬᠦᠳᠡᠭ ᠴᠡᠭᠡᠵᠢᠨ ᠳᠡᠭᠡᠨ ︽ ᠤᠯᠤᠰ ᠤᠨ ᠶᠡᠭᠡ ᠶᠠᠪᠤᠳᠠᠯ ︾ ᠢ ᠪᠠᠭᠲᠠᠭᠠᠵᠤ ᠂ ᠪᠣᠭᠤᠮᠲᠠ ᠶᠢᠨ ᠡᠩᠨᠡᠭᠡ ᠶᠢᠨ ᠰᠢᠯᠢᠳᠡᠭ ᠰᠤᠷᠲᠠᠯ ᠢ ᠪᠠᠳᠠᠷᠠᠭᠤᠯᠵᠤ ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠣᠯᠣᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ ᠂ ᠤᠯᠤᠰ ᠤᠨ ᠡᠭᠦᠳᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠂ ᠴᠢᠨᠠᠷ ᠰᠠᠶᠢᠲᠠᠢ ᠬᠥᠭᠵᠢᠯᠲᠡ ᠂ ᠥᠨᠳᠥᠷ ᠲᠦᠪᠰᠢᠨ ᠲᠠᠢ ᠪᠠᠷ ᠨᠡᠭᠡᠭᠡᠯᠲᠡ ᠶᠢ ᠠᠬᠢᠭᠤᠯᠵᠤ ᠂ ᠨᠠᠮ ᠳᠠᠭᠠᠨ ᠨᠠᠶᠢᠳᠠᠪᠤᠷᠢᠲᠠᠢ ᠲᠠᠢ ᠤᠯᠠᠨ ᠲᠦᠮᠡᠨ ᠳᠡᠭᠡᠨ ᠬᠦᠷᠢᠶᠡᠯᠡᠯ ᠲᠠᠢ ᠤᠯᠤᠰ ᠤᠨ ᠡᠭᠦᠳᠡ ᠶᠢᠨ ᠬᠠᠮᠠᠭᠠᠯᠠᠭᠴᠢ ᠪᠣᠯᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃      ᠺᠦᠨᠵᠢᠷᠠᠪ ᠪᠣᠭᠤᠮᠲᠠ ᠨᠢ ︽ ᠠᠮᠢ ᠨᠠᠰᠤᠨ ᠤ ᠬᠤᠷᠢᠭ᠎ᠠ ᠣᠷᠣᠨ ︾ ᠬᠡᠮᠡᠭᠳᠡᠭᠰᠡᠨ ᠫᠠᠮᠢᠷ ᠤᠨ ᠥᠨᠳᠦᠷᠯᠢᠭ  ᠲᠤ ᠪᠠᠶᠢᠷᠢᠯᠠᠵᠤ ᠂ ᠲᠡᠨᠳᠡ ᠪᠠᠶᠢᠭ᠎ᠠ ᠪᠣᠭᠤᠮᠲᠠ ᠨᠢ ᠮᠠᠨ ᠤ ᠤᠯᠤᠰ ᠪᠣᠯᠣᠨ ᠫᠠᠺᠢᠰᠲ᠋ᠠᠨ ᠤ ᠴᠣᠷ ᠤᠨ ᠭᠠᠭᠴᠠ ᠬᠠᠭᠤᠷᠠᠢ ᠵᠠᠮ ᠤᠨ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ ᠃ 2005 ᠣᠨ ᠳᠤ ᠂ ᠺᠦᠨᠵᠢᠷᠡᠪ ᠪᠣᠭᠤᠮᠲᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ ᠲᠡᠰᠪᠦᠷᠢ ᠬᠠᠲᠠᠭᠤᠵᠢᠯᠲᠠᠢ ᠲᠡᠮᠡᠴᠡᠭᠰᠡᠨ ᠵᠢᠱᠢᠶᠡᠴᠢ ᠪᠣᠭᠤᠮᠲᠠ ︾ ᠬᠡᠮᠡᠬᠦ ᠢᠷᠠᠭᠤ ᠠᠯᠳᠠᠷ ᠤᠨ ᠴᠣᠯᠠ ᠣᠯᠭᠤᠵᠤ ᠂ ᠡᠨᠡ ᠵᠢᠯ ᠪᠦᠭᠦ ᠤᠯᠤᠰ ᠤᠨ ᠪᠣᠭᠤᠮᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠢ ᠪᠠᠷ ᠦᠨᠡᠯᠡᠭᠳᠡᠪᠡ ᠃ ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠤᠢ ᠶᠢᠨ ᠲᠠᠰᠢᠷᠠᠮ ᠢᠶᠠᠷ ᠂ ᠺᠦᠨᠵᠢᠷᠠᠪ ᠪᠣᠭᠤᠮᠲᠠ ᠶᠢᠨ ᠪᠦᠭᠦ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ ᠂ ᠤᠯᠤᠰ ᠤᠨ ᠡᠭᠦᠳᠡ ᠪᠠᠨ ᠦᠷᠭᠦᠯᠵᠢᠯᠡᠨ ᠰᠠᠬᠢᠵᠤ ᠂ ᠬᠥᠭᠵᠢᠯᠲᠡ ᠳᠤ ᠦᠢᠯᠡᠴᠢᠯᠡᠵᠦ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠪᠡ ᠃      ︵ ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ ︶ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号