9 ᠳ᠋ᠦ᠋ᠭᠡᠷ ᠰᠠᠷ᠎ᠠ ᠶᠢᠨ 8-11 ᠤ ᠡᠳᠦᠷ ᠪᠣᠯᠲᠠᠯ᠎ᠠ᠂ ᠬᠤᠷᠢᠨ ᠭᠤᠷᠪᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠣᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠢ ᠹᠦᠵᠢᠶᠠᠨ | ᠮᠤᠵᠢ ᠶᠢᠨ ᠰᠢᠶᠠᠮᠧᠨ ᠬᠤᠲᠠ ᠳᠤ ᠶᠠᠪᠤᠭᠳᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ | ᠳᠡᠳ᠋ ᠳᠠᠷᠤᠭ᠎ᠠ ᠭᠦᠸᠧ ᠵᠧᠤ ᠮᠢᠩ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠠᠷᠠᠯᠵᠢᠶᠠᠨ ᠤ | ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠤᠷᠠᠯ ᠳᠤ ᠣᠷᠣᠯᠴᠠᠪᠠ᠃ | | | | | | ︵ᠲᠥᠯᠥᠭᠡᠯᠡᠭᠴᠢᠳ ᠤᠨ ᠪᠦᠯᠬᠦᠮ ᠤᠨ ᠬᠡᠰᠡᠭ ᠭᠡᠰᠢᠭᠦᠨ ᠥᠪᠥᠷ ᠮᠣᠩᠭᠤᠯ ᠤᠨ ᠦᠵᠡᠭᠦᠯᠦᠯᠭᠡ ᠶᠢᠨ | ᠲᠣᠭᠤᠷᠢᠭ ᠲᠤ ᠬᠠᠮᠲᠤ ᠶᠢᠨ ᠰᠡᠭᠦᠳᠡᠷ ᠲᠠᠲᠠᠪᠠ︶ | ᠳᠤᠮᠳᠠᠳᠤ ᠤᠯᠤᠰ ᠤᠨ ᠤᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠭᠡᠷ ᠤᠨ | ᠬᠤᠷᠠᠯ ︵ᠳᠣᠷᠣᠭᠰᠢ ︽ᠪᠡᠯᠡ ᠣᠷᠣᠭᠤᠯᠤᠯᠲᠠ ᠶᠢᠨ ᠵᠥᠪᠳᠡᠯᠴᠡᠭᠡᠨ ᠤ ᠬᠤᠷᠠᠯ︾ ᠭᠡᠵᠦ ᠲᠣᠪᠴᠢᠯᠠᠨ᠎ᠠ︶ ᠨᠢ | ᠳᠤᠮᠳᠠᠳᠤ ᠤᠯᠤᠰ ᠤᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠤᠯᠠᠨ ᠤᠯᠤᠰ ᠤᠨ ᠪᠡᠯᠡ | ᠣᠷᠣᠭᠤᠯᠤᠯᠲᠠ ᠶᠢᠨ ᠦᠪᠡᠳᠡᠭᠰᠢ ᠴᠤᠭᠯᠠᠭᠠᠨ ᠤ ᠨᠢᠭᠡ ᠪᠣᠯᠤᠭᠰᠠᠨ ᠤ ᠬᠤᠪᠢ ᠳᠤ᠂ ᠨᠢᠭᠡᠨᠲᠡ ᠰᠢᠨ᠎ᠡ ᠴᠠᠭ | ᠦᠶ᠎ᠡ ᠳᠤ ᠤᠯᠠᠨ ᠤᠯᠤᠰ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠬᠠᠷᠢᠯᠴᠠᠨ | ᠠᠰᠢᠭᠲᠠᠢ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ | ᠲᠣᠰ ᠬᠤᠭᠤᠴᠠᠭᠠᠨ ᠤ ᠪᠠᠯᠠ ᠣᠷᠣᠭᠤᠯᠤᠯᠲᠠ ᠶᠢᠨ ᠵᠥᠪᠳᠡᠯᠴᠡᠭᠡᠨ ᠤ ᠬᠤᠷᠠᠯ ᠨᠢ ︽ᠨᠡᠭᠡᠭᠡᠯᠲᠡ · | ᠠᠭᠤᠰᠤᠯᠴᠠᠯ ᠢᠶᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ︾ ᠪᠠᠷ ᠭᠤᠤᠯ ᠰᠡᠳᠦᠪ ᠪᠣᠯᠭᠠᠵᠤ᠂ | ᠨᠡᠶᠢᠲᠡ 62 ᠲᠠᠯᠠᠪᠤᠷ ᠬᠤᠷᠠᠯ ᠤᠨ ᠶᠠᠷᠢᠶᠠᠨ ᠤ ᠲᠠᠪᠴᠠᠩ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠭᠢᠯᠡᠵᠦ᠂ | 36 ᠲᠠᠯᠠᠪᠤᠷ ᠪᠠᠯᠠ ᠣᠷᠣᠭᠤᠯᠤᠯᠲᠠ ᠶᠢᠨ ᠵᠥᠪᠳᠡᠯᠴᠡᠭᠡ᠂ ᠲᠥᠷᠥᠯ ᠵᠦᠢᠯ ᠢ ᠵᠣᠯᠭᠠᠭᠤᠯᠬᠤ ᠪᠠ ᠪᠠᠯᠠ | ᠣᠷᠣᠭᠤᠯᠤᠯᠲᠠ ᠶᠢ ᠰᠢᠨᠵᠢᠯᠡᠨ ᠪᠠᠶᠢᠴᠠᠭᠠᠬᠤ ᠠᠵᠢᠯᠯᠠᠭ᠎ᠠ ᠶᠢ ᠡᠷᠭᠢᠯᠡᠵᠦ᠂ ︽2023 ᠳᠡᠯᠡᠬᠡᠶ ᠶᠢᠨ ᠪᠠᠯᠠ | ᠣᠷᠣᠭᠤᠯᠤᠯᠲᠠ ᠶᠢᠨ ᠮᠡᠳᠡᠭᠦᠯᠦᠯᠲᠡ︾᠂ ︽ᠳᠤᠮᠳᠠᠳᠤ ᠤᠯᠤᠰ ᠤᠨ ᠭᠠᠳᠠᠭᠠᠳᠤ ᠪᠡᠯᠡ ᠶᠢᠨ ᠲᠤᠭ᠎ᠠ ᠪᠦᠷᠢᠳᠬᠡᠯ ᠤᠨ | ᠠᠯᠪᠠᠨ ᠮᠡᠳᠡᠭᠡ 2023︾᠂ ︽ᠳᠤᠮᠳᠠᠳᠤ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠯᠲᠠ ᠶᠢᠨ ᠵᠢᠯᠣᠭᠤᠳᠣᠯᠭ᠎ᠠ ︵2023 ᠣᠨ ᠤ ᠬᠡᠪᠯᠡᠯ︶︾᠂ ︽ᠳᠤᠮᠳᠠᠳᠤ ᠤᠯᠤᠰ ᠤᠨ ᠬᠤᠤᠰ | ᠴᠢᠭᠯᠡᠯᠲᠦ ᠪᠠᠯᠠ ᠣᠷᠣᠭᠤᠯᠤᠯᠲᠠ ᠶᠢᠨ ᠮᠡᠳᠡᠭᠦᠯᠦᠯᠲᠡ 2023︾᠂ ︽ᠳᠤᠮᠳᠠᠳᠤ ᠤᠯᠤᠰ ᠤᠨ ᠪᠠᠯᠠ | ᠣᠷᠣᠭᠤᠯᠤᠯᠲᠠ ᠶᠢᠨ ᠮᠡᠳᠡᠭᠦᠯᠦᠯᠲᠡ 2023︾ ᠵᠡᠷᠭᠡ ᠡᠷᠬᠡ ᠰᠦᠷᠲᠦ ᠮᠡᠳᠡᠭᠡ ᠵᠠᠩᠭᠢ ᠶᠢᠨ ᠮᠡᠳᠡᠭᠦᠯᠦᠯᠲᠡ ᠶᠢ | ᠨᠡᠶᠢᠲᠡᠯᠡᠵᠦ᠂ ᠣᠯᠠᠨ ᠤᠯᠤᠰ ᠤᠨ ᠬᠤᠤᠰ ᠴᠢᠭᠯᠡᠯ ᠢᠶᠠᠷ ᠪᠠᠯᠠ ᠣᠷᠣᠭᠤᠯᠬᠤ ᠬᠠᠮᠲᠤᠷᠠᠯᠴᠠᠭ᠎ᠠ ᠳᠤ ᠲᠤᠰᠬᠠᠶ | ᠮᠡᠷᠭᠡᠵᠢᠯ ᠤᠨ ᠯᠠᠪᠯᠠᠯᠲᠠ ᠬᠠᠩᠭᠠᠪᠠ᠃ | | | | | | ︵ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ᠄ ᠬᠥᠬᠡᠬᠤᠲᠠ︶ | | | | | | ︵ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ᠄ ᠪᠤᠭᠤᠲᠤ ᠬᠤᠲᠠ︶ | ᠲᠤᠰ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠯᠴᠡᠭᠡᠨ ᠤ ᠬᠤᠷᠠᠯ᠂ ᠥᠪᠥᠷ ᠮᠣᠩᠭᠤᠯ ᠤᠨ | ᠦᠵᠡᠭᠦᠯᠦᠯᠭᠡ ᠶᠢᠨ ᠲᠣᠭᠤᠷᠢᠭ ᠤᠨ ᠲᠠᠯᠠᠪᠠᠢ ᠨᠢ 200 ᠲᠡᠭᠰᠢ ᠳᠥᠷᠪᠡᠯᠵᠢᠨ ᠮᠧᠲᠷ ᠪᠠᠶᠢᠵᠤ᠂ ︽ᠬᠠᠷᠢᠯᠴᠠᠨ | ᠨᠡᠪᠲᠡᠷᠡᠯᠴᠡᠵᠦ ᠬᠠᠮᠲᠤ ᠪᠠᠷ ᠤᠷᠤᠭᠰᠢᠯᠠᠵᠤ ᠬᠥᠭᠵᠢᠯᠲᠡ ᠶᠢ ᠠᠬᠢᠭᠤᠯᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠲᠡᠵᠦ ᠢᠷᠡᠭᠡᠳᠦᠢ ᠶᠢ ᠴᠣᠭᠴᠠᠯᠠᠶ᠎ᠠ︾ ᠬᠡᠬᠦ ᠪᠠᠷ ᠭᠤᠣᠯ ᠰᠡᠳᠦᠪ ᠪᠣᠯᠭᠠᠵᠤ᠂ ᠮᠠᠨ ᠤ ᠣᠷᠣᠨ ᠤ ᠥᠪᠡᠷᠮᠢᠴᠡ | ᠣᠷᠣᠨ ᠪᠠᠶᠢᠷᠢ ᠶᠢᠨ ᠳᠠᠪᠠᠭᠤᠯᠢᠭ᠂ ᠡᠯ᠎ᠡ ᠲᠦᠷᠦᠯ ᠤᠨ ᠨᠡᠭᠡᠭᠡᠯᠲᠡ ᠶᠢᠨ ᠲᠠᠪᠴᠠᠩ᠂ ᠨᠠᠢᠮᠠᠨ ᠶᠡᠭᠡ ᠠᠵᠤ | ᠦᠢᠯᠡᠰ ᠤᠨ ᠪᠦᠯᠦᠭᠯᠡᠯ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ | ᠭᠤᠣᠯᠳᠠᠯᠭ᠎ᠠ ᠲᠠᠢ ᠳᠡᠯᠭᠡᠨ ᠦᠵᠡᠭᠦᠯᠦᠯᠭᠡ ᠬᠢᠵᠡᠢ᠃ ᠮᠠᠨ ᠤ ᠣᠷᠣᠨ ᠤ ᠤᠯᠤᠰ ᠤᠨ ᠲᠠᠰ ᠤᠨ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠲᠣᠭᠤᠷᠢᠭ᠂ ᠬᠢᠯᠢ ᠶᠢᠨ ᠬᠠᠮᠲᠤᠷᠠᠯᠴᠠᠭᠠᠨ ᠤ | ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ 6 ᠬᠦᠷᠢᠶᠡᠯᠡᠩ ᠲᠣᠭᠤᠷᠢᠭ ᠪᠠ 16 ᠠᠵᠤ | ᠠᠬᠤᠶᠢᠯᠠᠯ ᠬᠤᠷᠠᠯ ᠳᠤ ᠣᠷᠣᠯᠴᠠᠵᠠᠶ᠃ ᠡᠮᠦᠨᠡᠬᠢ ᠬᠤᠭᠤᠴᠠᠭᠠᠨ ᠤ ᠲᠠᠨᠢᠯᠴᠠᠭᠤᠯᠭ᠎ᠠ ᠪᠠᠷ ᠳᠡᠮᠵᠢᠨ᠂ ᠮᠠᠨ ᠤ | ᠣᠷᠣᠨ ᠤ ᠬᠥᠬᠡᠬᠤᠲᠠ᠂ ᠪᠤᠭᠤᠲᠤ ᠬᠤᠲᠠ ᠲᠣᠰ ᠬᠤᠭᠤᠴᠠᠭᠠᠨ ᠤ ᠪᠠᠯᠠ ᠣᠷᠣᠭᠤᠯᠤᠯᠲᠠ ᠶᠢᠨ ᠬᠠᠯᠠᠮᠰᠢᠯ ᠬᠤᠲᠠ︾ | ᠶᠢᠨ ᠢᠷᠠᠭᠤ ᠠᠯᠳᠠᠷ ᠢ ᠭᠥᠷᠳᠡᠭᠰᠡᠨ ᠪᠥᠭᠡᠳ ᠪᠠᠯᠠ ᠣᠷᠣᠭᠤᠯᠤᠯᠲᠠ ᠶᠢᠨ ᠵᠥᠪᠳᠡᠯᠴᠡᠭᠡᠨ ᠤ ᠬᠤᠷᠠᠯ ᠳᠡᠭᠡᠷ᠎ᠡ | ᠳᠦᠷᠢ ᠲᠥᠷᠬᠦ ᠪᠠᠨ ᠳᠡᠯᠭᠡᠨ ᠦᠵᠡᠭᠦᠯᠪᠡ᠃ | | | | | | ︵ᠮᠠᠨᠵᠤᠤᠷ ᠤᠨ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠣᠷᠣᠨ ᠤ ᠲᠠᠨᠢᠯᠴᠠᠭᠤᠯᠬᠤ ᠬᠤᠷᠠᠯ ᠤᠨ ᠭᠠᠷ ᠤᠨ | ᠦᠰᠦᠭ ᠵᠢᠷᠤᠬᠤ ᠶᠣᠰᠣᠯᠠᠯ︶ | ᠪᠡᠯᠡ ᠣᠷᠣᠭᠤᠯᠤᠯᠲᠠ ᠶᠢᠨ ᠵᠥᠪᠳᠡᠯᠴᠡᠬᠡᠷ ᠤᠨ ᠬᠤᠷᠠᠯ ᠤᠨ ᠬᠤᠭᠤᠴᠠᠭᠠᠨ ᠳᠤ᠂ ᠮᠠᠨᠵᠤᠤᠷ ᠤᠨ | ᠶᠡᠷᠦᠩᠬᠡᠢᠯᠡᠭᠰᠡᠨ ᠬᠠᠮᠠᠭᠠᠯᠠᠯᠲᠠ ᠶᠢᠨ ᠣᠷᠣᠨ ︽ᠳᠠᠯᠠᠢ ᠬᠠᠭᠤᠷᠠᠢ ᠬᠤᠯᠪᠣᠭᠠᠯᠠᠨ ᠰᠢᠨ᠎ᠡ ᠠᠵᠠ ᠲᠣᠬᠢᠶᠠᠯ ᠢ ᠵᠠᠪᠳᠤᠨ | ᠠᠳᠬᠤᠬᠤ︾ ᠪᠠᠷ ᠭᠤᠣᠯ ᠰᠡᠳᠦᠪ ᠪᠣᠯᠭᠠᠵᠤ᠂ 2023 ᠣᠨ ︵ᠰᠢᠶᠠᠮᠧᠨ︶ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠲᠠᠨᠢᠯᠴᠠᠭᠤᠯᠬᠤ ᠬᠤᠷᠠᠯ ᠬᠢᠵᠦ᠂ ᠰᠢᠶᠠᠮᠧᠨ ᠤ ᠲᠤᠰ ᠭᠠᠵᠠᠷ ᠤᠨ 60 ᠭᠠᠷᠣᠢ ᠠᠵᠤ ᠠᠬᠤᠶᠢᠯᠠᠯ | ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠸᠧ | ᠵᠧᠤ ᠮᠢᠩ ᠨᠥᠬᠦᠷ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠮᠠᠨᠵᠤᠤᠷ ᠤᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ | ᠬᠠᠷᠢᠭᠤᠴᠠᠯᠭᠠᠲᠠᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠤ | ᠨᠥᠬᠦᠴᠡᠯ᠂ ᠲᠥᠷᠥᠯ ᠵᠦᠢᠯ ᠤᠨ ᠵᠢᠯᠣᠭᠤᠳᠣᠯᠭ᠎ᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠶᠠᠭ ᠰᠠᠶᠢᠬᠠᠨ | ᠨᠠᠶᠢᠳᠠᠪᠤᠷᠢᠵᠢᠭᠤᠯᠬᠤ ᠪᠠᠷ ᠪᠠᠶᠢᠭ᠎ᠠ ᠲᠥᠷᠥᠯ ᠵᠦᠢᠯ ᠵᠡᠷᠭᠡ ᠶᠢᠨ ᠲᠤᠬᠠᠶ ᠲᠠᠨᠢᠯᠴᠠᠭᠤᠯᠤᠭᠰᠠᠨ ᠪᠥᠭᠡᠳ ᠬᠤᠷᠠᠯ | ᠳᠡᠭᠡᠷ᠎ᠡ ᠰᠢᠶᠠᠮᠧᠨ ᠬᠤᠲᠠ ᠶᠢᠨ ᠤᠶᠤᠨᠲᠤ ᠵᠢᠦ ᠵᠧᠦ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ | ᠰᠢᠶᠠᠮᠧᠨ ᠤ ᠬᠠᠮᠲᠤ ᠪᠠᠷ ᠰᠢᠨ᠎ᠡ ᠶᠢ ᠡᠭᠦᠳᠬᠦ ᠣᠷᠣᠨ ᠵᠠᠶ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ 6 ᠠᠵᠤ | ᠠᠬᠤᠶᠢᠯᠠᠯ ᠲᠠᠢ ᠰᠠᠨᠠᠮᠵᠢ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠥᠭᠵᠢᠯᠲᠡ ᠶᠢ ᠬᠠᠮᠲᠤ ᠪᠠᠷ | ᠠᠬᠢᠭᠤᠯᠬᠤ ᠲᠡᠯᠡᠶ ᠬᠠᠭᠤᠷᠠᠶ ᠵᠠᠮ ᠤᠨ ᠨᠡᠶᠢᠯᠡᠮᠡᠯ ᠬᠦᠴᠦᠨ ᠢ ᠨᠢᠭᠲᠠᠷᠠᠭᠤᠯᠪᠠ᠃ | |