ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 13 ᠤ ᠴᠠᠭᠢᠯᠭᠠᠨ ᠮᠡᠳᠡᠭᠡ 9 ᠰᠠᠷ᠎ᠠ ᠶᠢᠨ 13 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠧᠨᠧᠽᠦ᠋ᠧᠯᠠ ᠶᠢᠨ | ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ | ᠸᠧᠨᠧᠽᠦ᠋ᠧᠯᠠ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃ | | | | | | 9 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠮᠠᠳᠦ᠋ᠯᠥ᠋ᠸᠧ ᠪᠣᠯᠣᠨ ᠲᠡᠭᠦᠨᠤ | ᠬᠠᠳᠤᠨ ᠹᠯᠤᠯᠸᠢᠢᠰ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠂ ᠳᠤᠮᠳᠠᠳᠤ ᠤᠯᠤᠰ ᠪᠣᠯᠣᠨ ᠸᠧᠨᠧᠽᠦ᠋ᠧᠯᠠ ᠪᠣᠯ ᠬᠠᠷᠢᠯᠴᠠᠨ ᠢᠲᠡᠭᠡᠯᠴᠡᠭᠰᠡᠨ ᠰᠠᠶᠢᠨ | ᠨᠠᠶᠢᠵᠠ ᠂ ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ ᠮᠥᠨ ᠃ ᠣᠶᠢᠷ᠎ᠠ ᠶᠢᠨ ᠵᠢᠯ ᠠᠴᠠ ᠂ ᠳᠤᠮᠳᠠᠳᠤ | ᠸᠧᠨᠧᠽᠦ᠋ᠧᠯᠠ ᠬᠤᠶᠠᠷ ᠤᠯᠤᠰ ᠴᠥᠮ ᠲᠤᠶᠢᠯ ᠤᠨ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠵᠦ ᠂ | ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠤᠷᠪᠠᠭᠠᠨ ᠬᠥᠷᠪᠡᠭᠡᠨ ᠳᠤᠮᠳᠠ ᠬᠠᠷᠢᠯᠴᠠᠨ ᠳᠡᠮᠵᠢᠵᠦ ᠂ ︽ ᠲᠤᠶᠢᠯ ᠤᠨ | ᠨᠠᠶᠢᠳᠠᠪᠤᠷᠢᠲᠠᠢ ︾ ᠨᠥᠬᠦᠷᠯᠡᠯ ᠢ ᠪᠠᠶᠢᠭᠤᠯᠪᠠ ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠸᠧᠨᠧᠽᠦ᠋ᠧᠯᠠ ᠯᠤᠭ᠎ᠠ ᠶᠢᠨ ᠬᠠᠷᠢᠯᠴᠠᠭ᠎ᠠ ᠳᠤ ᠬᠠᠨᠳᠤᠵᠤ ᠂ | ᠸᠧᠨᠧᠽᠦ᠋ᠧᠯᠠ ᠶᠢᠨ ᠬᠢᠨ ᠤ ᠤᠯᠤᠰ ᠤᠨ ᠡᠷᠬᠡ ᠮᠡᠳᠡᠯ ᠂ ᠦᠨᠳᠦᠰᠦᠲᠡᠨ ᠤ ᠨᠡᠷ᠎ᠡ ᠬᠦᠨᠳᠦ ᠂ ᠨᠡᠶᠢᠭᠡᠮ ᠤᠨ | ᠲᠣᠭᠲᠠᠭᠤᠨ ᠢᠶᠠᠨ ᠬᠠᠮᠠᠭᠠᠯᠠᠬᠤ ᠴᠢᠷᠮᠠᠶᠢᠯᠭ᠎ᠠ ᠶᠢ ᠡᠷᠡᠰ ᠳᠡᠮᠵᠢᠵᠦ ᠂ ᠸᠧᠨᠧᠽᠦ᠋ᠧᠯᠠ ᠶᠢᠨ ᠬᠢᠨ ᠤ ᠭᠠᠳᠠᠭᠠᠳᠤ ᠶᠢᠨ | ᠭᠠᠷ ᠳᠦᠷᠦᠯᠲᠡ ᠶᠢ ᠡᠰᠡᠷᠭᠦᠴᠡᠬᠦ ᠰᠢᠳᠤᠷᠭᠤ ᠶᠣᠰᠣᠨ ᠤ ᠦᠢᠯᠡᠰ ᠢ ᠡᠷᠡᠰ ᠳᠡᠮᠵᠢᠨ᠎ᠠ ᠃ ᠳᠤᠮᠳᠠᠳᠤ | ᠸᠧᠨᠧᠽᠦ᠋ᠧᠯᠠ ᠶᠢᠨ ᠬᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠨᠢ | ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ ᠂ ᠲᠡᠦᠬᠡ ᠶᠢᠨ | ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠨ᠎ᠡ ᠃ ᠬᠤᠶᠠᠷ ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠂ ᠳᠡᠯᠡᠬᠡᠢ ᠶᠢᠨ ᠡᠩᠬᠡ ᠲᠠᠶᠢᠪᠤᠩ | ᠪᠣᠯᠣᠨ ᠬᠥᠭᠵᠢᠯᠲᠡ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠠᠵᠤ ᠠᠬᠤᠢ ᠶᠢᠨ | ᠣᠨᠴᠠᠭᠠᠶ ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ ᠂ | ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ | ᠭᠦᠢᠴᠡᠬᠦ ᠴᠢᠬᠤᠯᠠ ᠡᠷᠳᠡᠨᠢ ᠮᠥᠨ ᠂ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ | ᠵᠠᠩᠭᠢᠯᠠᠭ᠎ᠠ ᠶᠢᠨ ᠠᠷᠭ᠎ᠠ ᠮᠥᠨ ᠂ ᠳᠤᠮᠳᠠᠳᠤ ᠤᠯᠤᠰ ᠡᠨᠡ ᠬᠦ ᠶᠠᠪᠤᠴᠠ ᠳᠤ ᠣᠯᠣᠭᠰᠠᠨ ᠡᠷᠬᠢᠮ ᠨᠠᠨᠳᠢᠨ | ᠲᠤᠷᠰᠢᠯᠭ᠎ᠠ ᠪᠠᠨ ᠨᠠᠨᠳᠢᠩᠨᠠᠵᠤ ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠤᠷᠤᠭᠰᠢ ᠠᠬᠢᠭᠤᠯᠬᠤ ᠪᠣᠯᠣᠨ᠎ᠠ ᠃ | ᠶᠠᠮᠠᠷ ᠴᠤ ᠬᠦᠴᠦᠨ ᠭᠡᠳ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠠᠯᠬᠤᠭ᠎ᠠ ᠶᠢ ᠬᠤᠷᠢᠭᠯᠠᠵᠤ | ᠴᠢᠳᠠᠬᠤ ᠦᠭᠡᠢ ᠶᠤᠮ ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠲᠤᠰ ᠤᠯᠤᠰ ᠤᠨ ᠢᠶᠠᠨ | ᠤᠯᠤᠰ ᠤᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ ᠂ ᠨᠠᠮ ᠢ | ᠵᠠᠰᠠᠬᠤ ᠲᠦᠷᠦ ᠶᠢ ᠵᠠᠰᠠᠬᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ ᠂ | ᠸᠧᠨᠧᠽᠦ᠋ᠧᠯᠠ ᠶᠢᠨ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠬᠤ ᠶᠢ ᠳᠡᠮᠵᠢᠵᠦ ᠂ ᠳᠤᠷᠠᠲᠠᠶ᠎ᠠ | ᠸᠧᠨᠧᠽᠦ᠋ᠧᠯᠠ ᠶᠢᠨ ᠬᠢᠨ ᠲᠠᠢ ᠬᠤᠯᠪᠣᠭᠳᠠᠯ ᠪᠦᠬᠦᠢ ᠲᠤᠷᠰᠢᠯᠭ᠎ᠠ ᠪᠠᠨ ᠬᠤᠪᠢᠶᠠᠯᠴᠠᠵᠤ ᠂ ᠸᠧᠨᠧᠽᠦ᠋ᠧᠯᠠ ᠶᠢᠨ ᠬᠢᠨ ᠢ | ᠬᠠᠪᠰᠤᠷᠤᠨ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠢᠷᠡᠬᠦ ᠵᠢᠯ ᠪᠣᠯ ᠳᠤᠮᠳᠠᠳᠤ ᠸᠧᠨᠧᠽᠦ᠋ᠧᠯᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 50 ᠵᠢᠯ ᠤᠨ ᠣᠶ ᠮᠥᠨ ᠂ ᠬᠤᠶᠠᠷ ᠲᠠᠯ᠎ᠠ ᠪᠠᠷ ᠢᠶᠠᠨ ᠦᠪᠡᠳᠡᠭᠰᠢ ᠶᠡᠭᠡ ᠪᠠᠷ ᠪᠡᠯᠭᠡᠯᠡᠶ᠎ᠡ ᠃ ᠳᠤᠮᠳᠠᠳᠤ ᠤᠯᠤᠰ | ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ | ᠸᠧᠨᠧᠽᠦ᠋ᠧᠯᠠ ᠳᠤ ᠬᠢᠲᠠᠳ ᠬᠡᠯᠡᠨ ᠤ ᠵᠢᠭᠠᠨ ᠰᠤᠷᠭᠠᠯᠲᠠ ᠥᠷᠨᠢᠭᠦᠯᠵᠦ ᠂ ᠺᠦᠩᠽᠢ ᠳᠡᠭᠡᠳᠦ ᠰᠤᠷᠭᠠᠭᠤᠯᠢ ᠶᠢ | ᠰᠠᠶᠢᠲᠤᠷ ᠡᠷᠭᠢᠯᠡᠵᠦ ᠂ ᠵᠠᠭᠤᠴᠢᠯᠠᠭᠤᠷ ᠤᠨ ᠰᠣᠯᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠸᠧᠨᠧᠽᠦ᠋ᠧᠯᠠ ᠶᠢᠨ | ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠬᠤ ᠶᠢ ᠳᠡᠮᠵᠢᠨ᠎ᠡ ᠃ ᠬᠤᠶᠠᠷ ᠲᠠᠯ᠎ᠠ ᠪᠠᠷ ᠢᠶᠠᠨ ᠳᠤᠮᠳᠠᠳᠤ | ᠸᠧᠨᠧᠽᠦ᠋ᠧᠯᠠ ᠶᠢᠨ ᠳᠡᠭᠡᠳᠦ ᠳᠡᠰ ᠤᠨ ᠬᠤᠯᠢᠮᠠᠭ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠤᠨ | ᠣᠯᠣᠭᠰᠠᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠳᠠᠷᠠᠭᠠᠴᠢ ᠶᠢᠨ ᠱᠠᠲᠤᠨ ᠤ ᠡᠯ᠎ᠡ | ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠶ᠎ᠠ ᠃ ᠳᠤᠮᠳᠠᠳᠤ ᠤᠯᠤᠰ ᠳᠤᠷᠠᠲᠠᠶ᠎ᠠ | ᠸᠧᠨᠧᠽᠦ᠋ᠧᠯᠠ ᠶᠢᠨ ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠢ ᠣᠷᠣᠭᠤᠯᠤᠨ᠎ᠠ ᠃ ᠸᠧᠨᠧᠽᠦ᠋ᠧᠯᠠ ᠳᠤᠮᠳᠠᠳᠤ | ᠤᠯᠤᠰ ᠤᠨ ᠡᠭᠦᠰᠬᠡᠨ ᠪᠠᠶᠢᠭᠤᠯᠤᠭᠰᠠᠨ ᠳᠡᠯᠡᠬᠡᠢ ᠶᠢᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠦᠷᠳᠡᠭᠡ ᠶᠢᠨ ᠬᠠᠮᠲᠤᠷᠠᠯᠴᠠᠭ᠎ᠠ ᠳᠤ ᠣᠷᠣᠯᠴᠠᠬᠰᠠᠨ ᠠᠮᠧᠷᠢᠺᠠ ᠲᠢᠪ ᠤᠨ ᠠᠩᠬᠠᠳᠠᠭᠴᠢ ᠤᠯᠤᠰ | ᠪᠣᠯᠤᠭᠰᠠᠨ ᠳᠤ ᠪᠠᠶᠠᠷ ᠬᠦᠷᠭᠡᠶ᠎ᠡ ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ︽ | 77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ ︾ ᠵᠡᠷᠭᠡ ᠤᠯᠠᠨ ᠲᠠᠯ᠎ᠠ ᠶᠢᠨ ᠲᠣᠭᠲᠠᠴᠠ ᠳᠤᠮᠳᠠ ᠨᠢᠭᠲᠠ | ᠬᠠᠮᠵᠢᠯᠴᠠᠵᠤ ᠂ ᠪᠤᠰᠤᠳ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠣᠨ | ᠵᠠᠷᠴᠢᠮ ᠢ ᠬᠠᠮᠲᠤ ᠪᠠᠷ ᠬᠠᠮᠠᠭᠠᠯᠠᠵᠤ ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠶ᠎ᠠ ᠃ ᠳᠤᠮᠳᠠᠳᠤ ᠤᠯᠤᠰ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠢᠷᠡᠬᠦ ᠵᠢᠯ ᠪᠣᠯ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ | ᠲᠠᠪᠴᠠᠩ ᠪᠠᠶᠢᠭᠤᠯᠤᠭᠳᠠᠭᠰᠠᠨ 10 ᠵᠢᠯ ᠤᠨ ᠤᠢ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ | ᠵᠡᠷᠭᠡ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ | ᠪᠦᠬᠦᠯᠢ ᠴᠣᠭᠴᠠ ᠶᠢᠨ ᠬᠠᠮᠲᠤᠷᠠᠯᠴᠠᠭ᠎ᠠ ᠶᠢ ᠠᠬᠢᠭᠤᠯᠵᠤ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠤ ᠭᠠᠷᠭᠠᠪᠠ ᠃ | ᠮᠠᠳᠦ᠋ᠯᠦ᠋ᠸᠧ ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠨᠢᠭᠡᠨᠲᠡ | ᠪᠦᠭᠦ ᠬᠥᠮᠥᠨ ᠲᠥᠷᠥᠯᠬᠢᠲᠡᠨ ᠤ ᠡᠩᠬᠡ ᠲᠠᠶᠢᠪᠤᠩ ᠂ ᠬᠥᠭᠵᠢᠯᠲᠡ ᠪᠣᠯᠣᠨ ᠠᠵᠠ ᠵᠢᠷᠭᠠᠯ ᠤᠨ ᠲᠥᠯᠥᠭᠡ ᠴᠢᠷᠮᠠᠶᠢᠬᠤ | ᠠᠭᠤᠤ ᠶᠡᠭᠡ ᠤᠯᠤᠰ ᠪᠣᠯᠤᠭᠰᠠᠨ ᠪᠥᠭᠡᠳ ᠪᠠᠰᠠ ᠤᠯᠠᠨ ᠲᠤᠶᠢᠯᠵᠢᠯᠳᠤ ᠰᠢᠨ᠎ᠡ ᠳᠡᠯᠡᠬᠡᠢ ᠶᠢᠷᠲᠢᠨᠴᠦ ᠶᠢ ᠠᠬᠢᠭᠤᠯᠬᠤ | ᠴᠢᠬᠤᠯᠠ ᠬᠥᠳᠡᠯᠭᠡᠭᠦᠷ ᠪᠣᠯᠵᠠᠢ ᠃ ᠮᠢᠨᠤ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ | ᠬᠤᠭᠤᠴᠠᠭᠠᠨ ᠳᠤ ᠦᠵᠡᠵᠦ ᠰᠣᠨᠣᠰᠤᠭᠰᠠᠨ ᠵᠦᠢᠯ ᠪᠣᠯᠭᠠᠨ ᠳᠤᠮᠳᠠᠳᠤ ᠤᠯᠤᠰ ᠤᠨ ᠲᠠᠪᠰᠢᠯᠳᠠ ᠪᠣᠯᠣᠨ ᠬᠦᠴᠦᠨ | ᠴᠢᠳᠠᠯ ᠢ ᠭᠦᠢᠴᠡᠳ ᠢᠯᠡᠷᠡᠭᠦᠯᠵᠦ ᠪᠠᠶᠢᠨ᠎ᠠ ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠯᠣᠭᠰᠠᠨ | ᠠᠭᠤᠤ ᠶᠡᠭᠡ ᠠᠮᠵᠢᠯᠲᠠ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ ᠃ ᠸᠧᠨᠧᠽᠦ᠋ᠧᠯᠠ | ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠢᠵᠤ ᠂ ᠬᠤᠶᠠᠷ | ᠤᠯᠤᠰ ᠤᠨ ᠬᠠᠷᠢᠯᠴᠠᠭ᠎ᠠ ᠶᠢ ᠪᠦᠭᠦ ᠪᠥᠮᠪᠥᠷᠴᠡᠭ ᠤᠨ ᠡᠮᠦᠨᠡᠲᠦ ᠣᠷᠣᠨ ᠤ ᠤᠯᠤᠰ ᠤᠳ ᠤᠨ ᠬᠠᠷᠢᠯᠴᠠᠭᠠᠨ ᠤ ᠬᠡᠪ | ᠳᠠᠭᠤᠷᠢᠶᠠᠯ ᠭᠡᠵᠦ ᠬᠡᠯᠡᠵᠦ ᠪᠣᠯᠣᠨ᠎ᠠ ᠃ ᠸᠧᠨᠧᠽᠦ᠋ᠧᠯᠠ ᠶᠢᠨ ᠠᠷᠠᠳ ᠲᠦᠮᠡᠨ ᠳᠤᠮᠳᠠᠳᠤ ᠤᠯᠤᠰ ᠤᠨ ᠵᠠᠰᠠᠭ ᠤᠨ | ᠣᠷᠳᠣᠨ ᠪᠣᠯᠣᠨ ᠠᠷᠠᠳ ᠲᠦᠮᠡᠨ ᠤ ᠸᠧᠨᠧᠽᠦ᠋ᠧᠯᠠ ᠶᠢᠨ ᠬᠢᠨ ᠬᠠᠤᠯᠢ ᠪᠤᠰᠤ ᠭᠠᠭᠴᠠ ᠲᠠᠯ᠎ᠠ ᠶᠢᠨ ᠵᠠᠯᠬᠠᠭᠠᠯ | ᠪᠣᠯᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠤᠯᠠᠨ ᠳᠠᠪᠬᠤᠷ | ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠪᠣᠯᠣᠨ ᠬᠠᠪᠰᠤᠷᠤᠯᠭ᠎ᠠ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠃ ᠳᠤᠮᠳᠠᠳᠤ ᠤᠯᠤᠰ ᠤᠨ ᠠᠬ᠎ᠠ ᠳᠡᠭᠦᠦ ᠨᠠᠷ ᠤᠨ | ᠬᠠᠪᠰᠤᠷᠤᠯᠭ᠎ᠠ ᠪᠠᠷ ᠸᠧᠨᠧᠽᠦ᠋ᠧᠯᠠ ᠶᠢᠨ ᠠᠷᠠᠳ ᠲᠦᠮᠡᠨ ᠰᠢᠯᠭᠠᠯᠲᠠ ᠶᠢ ᠳᠠᠭᠠᠭᠠᠵᠤ ᠂ ᠤᠯᠤᠰ ᠤᠨ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠶᠡᠷᠦ ᠪᠤᠰᠤ ᠶᠢᠨ ᠠᠮᠵᠢᠯᠲᠠ ᠣᠯᠣᠭᠰᠠᠨ ᠶᠤᠮ ᠃ | ᠣᠳᠣᠬᠠᠨ ᠳᠤ ᠸᠧᠨᠧᠽᠦ᠋ᠧᠯᠠ ᠶᠢᠨ ᠤᠯᠤᠰ ᠤᠨ ᠬᠥᠭᠵᠢᠯᠲᠡ ᠪᠣᠯᠣᠨ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ | ᠴᠥᠮ ᠴᠢᠬᠤᠯᠠ ᠴᠠᠭ ᠦᠶ᠎ᠡ ᠳᠤ ᠣᠷᠣᠰᠢᠵᠤ ᠪᠠᠶᠢᠨ᠎ᠠ ᠂ ᠪᠢ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠶᠢᠨ ᠬᠠᠮᠲᠤ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠸᠧᠨᠧᠽᠦ᠋ᠧᠯᠠ ᠳᠤᠮᠳᠠᠳᠤ ᠶᠢᠨ | ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ | ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠲᠡᠦᠬᠡᠲᠦ ᠠᠴᠢ ᠬᠤᠯᠪᠣᠭᠳᠠᠯ ᠲᠠᠢ ᠶᠤᠮ ᠂ ᠡᠨᠡ ᠨᠢ ᠯᠠᠪᠲᠠᠢ | ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠬᠦ ᠪᠣᠯᠣᠨ᠎ᠠ ᠃ ᠸᠧᠨᠧᠽᠦ᠋ᠧᠯᠠ ᠶᠢᠨ | ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠢ ᠶᠢᠨ ᠣᠨᠴᠠᠭᠠᠢ ᠣᠷᠣᠨ ᠢ ᠪᠠᠶᠢᠭᠤᠯᠤᠭᠰᠠᠨ | ᠲᠤᠷᠰᠢᠯᠭ᠎ᠠ ᠶᠢ ᠰᠤᠷᠤᠯᠴᠠᠨ ᠲᠣᠯᠢᠳᠠᠵᠤ ᠂ ᠬᠤᠶᠠᠷ ᠤᠯᠤᠰ ᠤᠨ ᠬᠥᠳᠡᠭᠡ ᠠᠵᠤ ᠠᠬᠤᠢ ᠂ ᠪᠡᠯᠡ ᠣᠷᠣᠭᠤᠯᠤᠯᠲᠠ ᠂ | ᠰᠤᠷᠭᠠᠨ ᠬᠥᠮᠦᠵᠢᠯ ᠂ ᠵᠢᠭᠤᠯᠴᠢᠯᠠᠯ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ ᠃ ᠸᠧᠨᠧᠽᠦ᠋ᠧᠯᠠ ᠶᠢᠨ ᠬᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠢᠳᠡᠪᠬᠢᠲᠡᠢ ᠳᠡᠮᠵᠢᠵᠦ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠲᠠᠨ ᠲᠣᠭᠤᠰᠭ᠋᠎ᠠ ᠤᠯᠤᠰ ᠤᠳ ᠤᠨ ᠲᠣᠭᠲᠠᠴᠠ ᠵᠡᠷᠭᠡ ᠣᠯᠠᠨ | ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠣᠯᠠᠨ ᠲᠠᠯᠠᠲᠤ | ᠦᠵᠡᠯ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠠᠰᠢᠭ ᠲᠤᠰᠠ ᠶᠢ ᠬᠠᠮᠠᠭᠠᠯᠠᠵᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠃ | ᠸᠧᠨᠧᠽᠦ᠋ᠧᠯᠠ ᠶᠢᠨ ᠬᠢᠨ ᠳᠤᠷᠠᠲᠠᠶ᠎ᠠ ᠯᠠᠲ᠋ᠢᠨ ᠠᠮᠧᠷᠢᠺᠠ ᠲᠢᠪ ᠤᠨ ᠬᠠᠮᠲᠤ ᠶᠢᠨ ᠴᠣᠭᠴᠠ ᠪᠣᠯᠣᠨ ᠳᠤᠮᠳᠠᠳᠤ | ᠤᠯᠤᠰ ᠤᠨ ᠬᠠᠷᠢᠯᠴᠠᠭ᠎ᠠ ᠶᠢᠨ ᠴᠢᠨᠠᠭᠰᠢᠳᠠ ᠶᠢᠨ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ | ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ ᠂ ᠠᠵᠤ ᠠᠬᠤᠢ ᠠᠷᠠᠯᠵᠢᠶ᠎ᠠ ᠂ ᠰᠤᠷᠭᠠᠨ ᠬᠥᠮᠦᠵᠢᠯ ᠂ ᠵᠢᠭᠤᠯᠴᠢᠯᠠᠯ ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠂ ᠡᠷᠡᠭᠦᠯ ᠬᠠᠮᠠᠭᠠᠯᠠᠯ ᠂ ᠰᠠᠨᠰᠠᠷ ᠤᠨ ᠠᠶᠠᠯᠠᠯ ᠂ ᠠᠷᠠᠳ ᠤᠨ ᠠᠭᠠᠷ ᠤᠨ ᠠᠶᠠᠯᠠᠯ | ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠲᠠᠯ᠎ᠠ ᠪᠠᠷ ᠢᠶᠠᠨ ︽ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠸᠧᠨᠧᠽᠦ᠋ᠧᠯᠠ ᠪᠤᠯᠢᠸᠠᠷ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ | ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠠᠳᠦ᠋ᠯᠦ᠋ᠸᠧ ᠶᠢ ᠤᠭᠲᠤᠬᠤ ᠶᠣᠰᠣᠯᠠᠯ ᠶᠠᠪᠤᠭᠤᠯᠪᠠ ᠃ | ᠮᠠᠳᠦ᠋ᠯᠦ᠋ᠸᠧ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠠᠩᠭᠢ ᠮᠥᠷᠯᠡᠨ ᠵᠣᠭᠰᠣᠵᠤ ᠶᠣᠰᠣᠯᠠᠪᠠ ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠸᠧᠨᠧᠽᠦ᠋ᠧᠯᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠠᠭᠤᠳᠠᠮ | ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠮᠠᠳᠦ᠋ᠯᠦ᠋ᠸᠧ ᠰᠢ ᠶᠢᠨ ᠫᠢᠩ ᠤᠨ ᠪᠠᠷ᠎ᠠ | ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ | ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠳᠥ᠋ᠯᠦ᠋ᠸᠧ ᠶᠢᠨ ᠬᠠᠳᠤᠨ ᠹᠯᠤᠯᠸᠶᠢᠰ ᠪᠠᠷ᠎ᠠ | ᠪᠣᠯᠵᠤ ᠤᠭᠲᠤᠬᠤ ᠶᠣᠰᠣᠯᠠᠯ ᠳᠤ ᠣᠷᠣᠯᠴᠠᠪᠠ ᠃ ᠲᠤᠰ ᠣᠷᠣᠢ ᠂ ᠰᠢ ᠶᠢᠨ ᠫᠢᠩ ᠪᠣᠯᠣᠨ ᠫᠧᠩ ᠯᠢ ᠶᠤᠸᠠᠨ | ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠮᠠᠳᠦ᠋ᠯᠦ᠋ᠸᠧ ᠪᠣᠯᠣᠨ | ᠹᠯᠤᠯᠸᠶᠢᠰ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |