ᠦᠬᠠᠢ ᠬᠤᠲᠠ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ ᠢ 12 ᠨᠡᠮᠡᠭᠳᠡᠭᠦᠯᠪᠡ
ᠨᠡᠶᠢᠲᠡᠯᠡᠭᠰᠡᠨ ᠴᠠᠭ᠄
2023/9/14
      ᠣᠶᠢᠷ᠎ᠠ ᠳᠤ᠂ ᠦᠬᠠᠢ ᠬᠤᠲᠠ ᠶᠢᠨ ᠭᠤᠷᠪᠠᠨ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠡᠮᠬᠢᠯᠡᠨ ᠳᠢᠭᠯᠡᠵᠦ᠂ ᠭᠤᠶᠤᠴᠢᠯᠠᠨ ᠮᠡᠳᠡᠭᠦᠯᠵᠦ᠂ ᠬᠢᠨᠠᠨ ᠰᠢᠯᠭᠠᠷᠠᠭᠤᠯᠬᠤ ᠪᠠᠷ ᠳᠠᠮᠵᠢᠭᠤᠯᠤᠨ ᠂ ᠳᠦᠷᠰᠦᠲᠦ ᠨᠢᠳᠤᠷᠭ᠎ᠠ᠂ ᠰᠢᠪᠠᠷ ᠱᠤᠭᠤᠮᠠᠯ ︵ᠬᠠᠲᠤᠨ ᠭᠤᠣᠯ ᠤᠨ ᠰᠢᠪᠠᠷ ᠬᠡᠦᠬᠡᠯᠳᠡᠢ︶᠂ ᠠᠯᠲᠠ ᠮᠥᠩᠭᠦᠨ ᠡᠳ᠋ᠯᠡᠯ ᠦᠢᠯᠡᠳᠬᠦ ᠵᠡᠷᠭᠡ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ ᠢ 12 ᠨᠡᠶᠢᠲᠡᠯᠡᠪᠡ᠃      ᠡᠨᠡ ᠵᠢᠯ ᠡᠬᠢᠯᠡᠭᠰᠡᠨ ᠠᠴᠠ ᠨᠠᠭᠠᠰᠢ ᠂ ᠦᠬᠠᠢ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠨᠡᠶᠢᠳᠡᠮ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ  ᠂ ᠲᠤᠭ᠎ᠠ ᠂ ᠲᠠᠷᠬᠠᠯᠲᠠ ᠂ ᠤᠯᠠᠮᠵᠢᠯᠠᠨ ᠵᠠᠯᠭᠠᠮᠵᠢᠯᠠᠭᠰᠠᠨ ᠪᠠᠶᠢᠳᠠᠯ ᠂ ᠨᠡᠶᠢᠭᠡᠮ ᠤᠨ ᠴᠢᠳᠠᠮᠵᠢ ᠪᠠ ᠣᠷᠣᠰᠢᠨ ᠦᠷᠭᠦᠯᠵᠢᠯᠡᠬᠦ ᠪᠠᠶᠢᠳᠠᠯ ᠳᠤ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠥᠬᠦ ᠲᠠᠯ᠎ᠠ ᠪᠠᠷ ᠨᠡᠶᠢᠳᠡᠮ ᠪᠠᠶᠢᠴᠠᠭᠠᠯᠲᠠ ᠬᠢᠵᠡᠢ᠃ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠪᠣᠳᠠᠰ ᠤᠨ ᠪᠤᠰᠤ ᠰᠣᠶᠣᠯ ᠤᠨ ᠥᠪ ᠤᠨ 10 ᠶᠡᠭᠡ ᠲᠦᠷᠦᠯ ᠢ ᠬᠠᠮᠤᠷᠴᠤ ᠂ 38 ᠰᠦᠪᠡᠭᠴᠢ ᠶᠢ ᠬᠠᠶᠢᠵᠤ᠂ ᠪᠠᠶᠢᠴᠠᠭᠠᠨ ᠣᠶᠢᠯᠠᠭᠠᠬᠤ ᠂ ᠲᠥᠰᠥᠯ ᠢ ᠡᠮᠬᠢᠯᠡᠬᠦ ᠂ ᠲᠤᠬᠠᠢ ᠶᠢᠨ ᠭᠠᠵᠠᠷ ᠲᠤ ᠨᠢ ᠰᠤᠷᠪᠤᠯᠵᠢᠯᠠᠬᠤ ᠂ ᠵᠣᠯᠭᠠᠭᠤᠯᠤᠨ ᠬᠠᠷᠭᠤᠭᠤᠯᠬᠤ ᠂ ᠬᠦᠰᠦᠨᠦᠭᠲᠦ ᠲᠠᠭᠯᠠᠬᠤ ᠵᠡᠷᠭᠡ ᠠᠷᠭ᠎ᠠ ᠪᠠᠷ ᠶᠡᠭᠡ ᠬᠡᠮᠵᠢᠶᠡᠨ ᠤ ᠳᠠᠭᠤ ᠳᠦᠷᠰᠦ ᠶᠢᠨ ᠰᠢᠩᠭᠡᠭᠡᠯᠲᠡ ᠠᠪᠴᠤ᠂ 10 ᠲᠦᠮᠡ ᠭᠠᠷᠤᠢ ᠦᠰᠦᠭ ᠤᠨ ᠮᠠᠲ᠋ᠧᠷᠢᠶᠠᠯ ᠤᠳ ᠢ ᠡᠮᠬᠢᠳᠬᠡᠪᠡ ᠃      ᠣᠶᠢᠷ᠎ᠠ ᠶᠢᠨ ᠵᠢᠯ ᠤᠳ ᠲᠤ ᠦᠬᠠᠢ ᠬᠤᠳᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠨᠡᠯᠢᠶᠡᠳ ᠰᠠᠶᠢᠨ ᠥᠷᠨᠢᠭᠦᠯᠦᠭᠡᠳ ᠲᠣᠪᠣᠶᠢᠮ᠎ᠠ ᠠᠮᠵᠢᠯᠲᠠ ᠣᠯᠪᠠ ᠃ ᠣᠲᠣ ᠪᠣᠯᠲᠠᠯ᠎ᠠ ᠦᠬᠠᠢ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 7᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 9 ᠪᠣᠶ︔ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 15 ᠂ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ 16 ᠪᠤᠢ ︔ ᠬᠤᠰᠢᠭᠤ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠰᠥᠯ 30 ᠪᠣᠶ᠃      ᠳᠠᠷᠠᠭ᠎ᠠ ᠪᠠᠷ᠂ ᠦᠬᠠᠢ ᠬᠤᠳᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠂ ᠬᠠᠮᠢᠶᠠᠷᠬᠤ ᠂ ᠠᠰᠢᠭᠯᠠᠬᠤ ᠠᠵᠢᠯ ᠢ ᠬᠢᠨᠠᠮᠠᠭᠠᠢ ᠬᠢᠵᠦ ᠂ ᠪᠦᠲᠦᠮᠵᠢᠲᠡᠢ ᠬᠠᠮᠠᠭᠠᠯᠠᠭᠰᠠᠨ ᠤᠷᠢᠲᠠᠯ ᠳᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ ᠂ ᠪᠣᠳᠠᠰ ᠤᠨ ᠪᠤᠰᠤ ᠰᠣᠶᠣᠯ ᠤᠨ ᠥᠪ ᠢᠶᠠᠷ ᠬᠥᠮᠥᠰ ᠤᠨ ᠰᠣᠨᠢᠷᠬᠠᠯ ᠢ ᠤᠯᠠᠮ ᠲᠠᠲᠠᠨ᠎ᠠ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号