ᠰᠢ ᠶᠢᠨ ᠫᠢᠩ 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/9/15
  ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠭᠢᠯᠭᠠᠨ ᠮᠡᠳᠡᠭᠡ  9 ᠰᠠᠷ᠎ᠠ ᠶᠢᠨ 14 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃  ᠰᠢ ᠶᠢᠨ ᠫᠢᠩ ᠂ ᠳᠤᠮᠳᠠᠳᠤ ᠶᠢᠨ ᠦᠨᠳᠦᠰᠦᠲᠡᠨ ᠪᠣᠯ ᠥᠨᠢ ᠤᠳᠠᠭᠠᠨ ᠰᠢᠯᠢᠳᠡᠭ ᠤᠯᠠᠮᠵᠢᠯᠠᠯᠲᠤ ᠰᠣᠶᠣᠯ ᠲᠠᠢ ᠪᠠᠶᠢᠵᠤ ᠂ ᠡᠷᠲᠡᠨ ᠠᠴᠠ ᠠᠪᠤᠭᠠᠳ ᠨᠡᠭᠡᠭᠡᠯᠲᠡᠲᠤ ᠪᠠᠭᠲᠠᠭᠠᠮᠵᠢᠲᠠᠢ ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠰᠣᠶᠣᠯ ᠤᠨ ᠬᠡᠬᠦᠳᠡᠭ ᠴᠡᠭᠡᠵᠢ ᠲᠠᠢ ᠶᠤᠮ ᠂ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ ᠰᠠᠶᠢᠰᠢᠶᠠᠭᠰᠠᠭᠠᠷ ᠢᠷᠡᠭᠰᠡᠨ ᠶᠤᠮ ᠃ ᠪᠡᠭᠡᠵᠢᠩ ᠪᠣᠯ ᠥᠨᠢ ᠤᠳᠠᠭᠠᠨ ᠲᠡᠦᠬᠡ ᠲᠠᠢ ᠂ ᠥᠨᠢ ᠤᠳᠠᠭᠠᠨ ᠰᠣᠶᠣᠯ ᠤᠨ ᠰᠤᠳᠠᠰᠤ ᠲᠠᠢ ᠪᠠᠶᠢᠵᠤ ᠂ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠬᠦ ᠴᠢᠨᠠᠷ ᠂ ᠰᠢᠨ᠎ᠡ ᠶᠢ ᠡᠭᠦᠳᠬᠦ ᠴᠢᠨᠠᠷ ᠂ ᠨᠢᠭᠡᠳᠦᠯᠲᠦ ᠴᠢᠨᠠᠷ ᠂ ᠪᠠᠭᠲᠠᠭᠠᠮᠵᠢᠲᠤ ᠴᠢᠨᠠᠷ ᠂ ᠡᠩᠬᠡ ᠲᠠᠶᠢᠪᠤᠩ ᠴᠢᠨᠠᠷ ᠤᠨ ᠬᠦᠴᠦᠲᠡᠢ ᠭᠡᠷᠡᠴᠢᠯᠡᠯ ᠮᠥᠨ ᠃ ᠳᠤᠮᠳᠠᠳᠤ ᠤᠯᠤᠰ ᠪᠡᠭᠡᠵᠢᠩ ᠤᠨ ᠲᠡᠦᠬᠡ ᠶᠢᠨ ᠡᠷᠲᠡᠨ ᠤ ᠨᠡᠶᠢᠰᠯᠡᠯ ᠪᠠ ᠪᠦᠭᠦ ᠤᠯᠤᠰ ᠤᠨ ᠰᠣᠶᠣᠯ ᠤᠨ ᠲᠥᠪ ᠪᠣᠯᠤᠭᠰᠠᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ ᠂ ᠪᠦᠭᠦ ᠪᠥᠮᠪᠥᠷᠴᠡᠭ ᠤᠨ ᠡᠯ᠎ᠡ ᠭᠠᠵᠠᠷ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠰᠣᠶᠣᠯ ᠤᠨ ᠴᠡᠴᠡᠭᠯᠡᠯ ᠬᠥᠭᠵᠢᠯ ᠂ ᠰᠣᠶᠣᠯ ᠤᠨ ᠥᠪ ᠤᠨ ᠬᠠᠮᠠᠭᠠᠯᠠᠯᠲᠠ ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠤ ᠰᠣᠶᠣᠯ ᠤᠨ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃  2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠨᠢ ︽ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ︾  ᠪᠠᠷ ᠣᠨ ᠤ ᠭᠤᠣᠯ ᠰᠡᠳᠦᠪ ᠪᠤᠯᠭᠠᠵᠤ ᠂ ᠲᠥᠪ ᠤᠨ ᠤᠬᠠᠭᠤᠯᠬᠤ ᠬᠡᠯᠲᠡᠰ ᠪᠣᠯᠣᠨ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠭᠤᠣᠯᠯᠠᠨ ᠡᠷᠭᠢᠯᠡᠵᠦ ᠂ ᠲᠤᠰ ᠡᠳᠦᠷ ᠪᠡᠭᠡᠵᠢᠩ ᠳᠤ ᠡᠬᠢᠯᠡᠪᠡ ᠃ 
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号