ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤ ᠨᠢ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/9/15
  ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠬᠦᠷᠢᠶᠡᠨ ᠤ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠮᠠᠨ ᠤ ᠣᠷᠣᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠳᠤ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ︽ᠣᠯᠠᠨ ᠲᠦᠮᠡᠨ ᠳᠤ ᠦᠢᠯᠡᠴᠢᠯᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠠᠯ᠎ᠠ ᠶᠢᠨ ᠶᠠᠪᠤᠴᠠ ᠶᠢ ᠰᠢᠯᠢᠳᠡᠭᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡ ᠶᠢ ᠴᠢᠩᠭᠠᠳᠬᠠᠬᠤ ᠶᠢ ᠦᠨᠡᠨ ᠬᠦ ᠪᠠᠲᠤᠯᠠᠵᠤ᠂ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ᠂ ᠠᠵᠤ ᠠᠬᠤᠶᠢᠯᠠᠯ ᠳᠤ ᠲᠥᠬᠦᠮ ᠦᠵᠡᠭᠦᠯᠬᠦ ᠪᠠᠷ ᠡᠭᠦᠰᠦᠯᠲᠡ ᠪᠠ ᠵᠤᠭᠰᠤᠯᠲᠠ ᠪᠣᠯᠭᠠᠵᠤ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠬᠦᠯᠦᠨ᠂ 9 ᠳ᠋ᠦ᠋ᠭᠡᠷ ᠰᠠᠷ᠎ᠠ ᠶᠢᠨ 4 ᠠᠴᠠ 13  ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠣᠮᠢᠯᠠᠨ ᠰᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ  ᠨᠢ ᠣᠷᠣᠨ ᠤ ᠳᠣᠲᠣᠷ᠎ᠠ ᠭᠠᠳᠠᠨᠠᠬᠢ ᠠᠵᠢᠯ ᠲᠥᠷᠥᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠪᠠ ᠲᠤᠬᠠᠶᠢᠯᠠᠭᠰᠠᠨ ᠠᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ᠂ ᠡᠳ᠋ ᠤᠨ ᠶᠠᠪᠤᠳᠠᠯ ᠤᠨ ᠬᠠᠮᠢᠶ᠎ᠠ ᠪᠦᠬᠦᠢ ᠬᠦᠷᠢᠶᠡᠨ ᠤ ᠲᠠᠪᠤᠨ ᠲᠤᠰᠬᠠᠢ ᠮᠡᠷᠭᠡᠵᠢᠯᠲᠡᠨ ᠢ ᠰᠣᠩᠭᠤᠨ ᠲᠤᠰᠬᠠᠢ ᠮᠡᠷᠭᠡᠵᠢᠯᠲᠡᠨ ᠤ 10 ᠡᠳᠦᠷ ᠤᠨ ᠴᠠᠭ ᠢ ᠠᠰᠢᠭᠯᠠᠨ ᠣᠷᠳᠣᠰ ᠬᠤᠳᠠ ᠂ ᠪᠤᠭᠤᠲᠤ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠂ ᠤᠯᠠᠭᠠᠨᠴᠠᠪ ᠬᠤᠳᠠ ᠂ ᠬᠥᠯᠥᠨ ᠪᠤᠶᠢᠷ ᠬᠤᠳᠠ ᠂ ᠬᠢᠩᠭᠠᠨ ᠠᠶᠢᠮᠠᠭ ᠂ ᠲᠦᠩᠯᠢᠶᠣᠣ ᠬᠤᠳᠠ ᠪᠣᠯᠣᠨ ᠰᠢᠯᠢ ᠶᠢᠨ ᠭᠤᠣᠯ ᠠᠶᠢᠮᠠᠭ ᠵᠡᠷᠭᠡ ᠨᠡᠶᠢᠳᠡ 9 ᠠᠶᠢᠮᠠᠭ ᠬᠤᠳᠠ ᠶᠢᠨ ᠰᠢᠯᠭᠠᠨ ᠠᠪᠬᠤ ᠨᠥᠬᠦᠴᠡᠯ ᠳᠤ ᠨᠡᠶᠢᠴᠡᠬᠦ 11 ᠠᠵᠤ ᠠᠬᠤᠶᠢᠯᠠᠯ ᠳᠤ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠤᠷ ᠤᠨ ᠰᠢᠯᠭᠠᠨ ᠠᠪᠴᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ ᠃  ᠰᠢᠯᠭᠠᠨ ᠬᠤᠷᠢᠶᠠᠵᠤ ᠬᠢᠨᠠᠨ ᠲᠣᠭᠲᠠᠭᠠᠬᠤ ᠳᠤᠭᠤᠶᠢᠯᠠᠩ ᠨᠢ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠤ ᠲᠤᠬᠠᠶ ᠶᠢᠨ ᠲᠠᠯᠠᠪᠤᠷ ᠲᠤ ᠵᠠᠳᠠᠯᠤᠨ ᠰᠢᠯᠭᠠᠵᠤ᠂ ᠬᠤᠷᠢᠶᠠᠵᠤ ᠠᠪᠬᠤ ᠪᠠᠷᠢᠮᠵᠢᠶ᠎ᠠ ᠶᠢ ᠦᠨᠳᠦᠰᠦᠯᠡᠨ ᠠᠵᠤ ᠠᠬᠤᠶᠢᠯᠠᠯ ᠤᠨ ᠪᠥᠬᠦ ᠲᠠᠯ᠎ᠠ ᠶᠢᠨ ᠨᠠᠷᠢᠨ ᠮᠠᠲ᠋ᠧᠷᠢᠶᠠᠯ ᠢ ᠪᠠᠶᠢᠴᠠᠭᠠᠨ ᠦᠵᠡᠬᠦ ᠵᠢᠴᠢ ᠲᠤᠬᠠᠶ ᠶᠢᠨ ᠲᠠᠯᠠᠪᠤᠷ ᠲᠤ ᠬᠠᠶᠢᠨ ᠰᠢᠯᠭᠠᠯᠲᠠ ᠬᠢᠭᠰᠡᠨ ᠪᠥᠭᠡᠳ ᠠᠵᠤ ᠠᠬᠤᠶᠢᠯᠠᠯ ᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠭᠦᠢᠴᠡᠳ ᠰᠣᠯᠢᠯᠴᠠᠪᠠ᠃ ᠰᠢᠯᠭᠠᠨ ᠠᠪᠴᠤ ᠬᠢᠨᠠᠨ ᠲᠣᠭᠲᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠠᠶᠠᠭᠳᠠᠮᠠᠯ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠠᠵᠢᠯ ᠲᠥᠷᠥᠯ ᠪᠣᠯ ᠨᠢᠭᠡᠨ ᠣᠨᠴᠠᠭᠠᠶ ᠰᠡᠷᠭᠡᠭ ᠠᠵᠢᠯ ᠮᠥᠨ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠲᠠᠢ ᠬᠤᠯᠪᠣᠭᠳᠠᠵᠤ᠂ ᠠᠷᠠᠳ ᠣᠯᠠᠨ ᠤ ᠦᠢᠯᠡᠳᠪᠦᠷᠢᠯᠡᠯ ᠪᠠ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠠᠰᠠᠭᠤᠳᠠᠯ ᠳᠤ ᠵᠥᠪ ᠢᠶᠠᠷ ᠬᠠᠨᠳᠤᠵᠤ᠂ ᠠᠷᠢᠭᠤᠨ ᠴᠡᠪᠡᠷ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠳᠠᠲᠠᠢ ᠶᠢ ᠡᠷᠬᠢᠮᠯᠡᠨ ᠡᠵᠡᠩᠨᠡᠵᠦ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠨᠡᠩ ᠤᠯᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠲᠦᠷᠦᠯ ᠤᠨ ᠬᠥᠭᠵᠢᠯᠲᠡ ᠳᠤ ᠣᠷᠣᠯᠴᠠᠬᠤ ᠬᠡᠷᠡᠭᠲᠡᠢ᠃  ᠳᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠳᠡᠰ ᠳᠡᠪᠰᠢᠭᠦᠯᠦᠨ ᠥᠭᠡᠷᠡᠴᠢᠯᠡᠬᠦ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠦ᠂ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠨᠢᠭᠡᠴᠢ ᠪᠣᠯᠣᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠢ ᠥᠷᠨᠢᠭᠦᠯᠦᠨ᠂ ᠠᠵᠤ ᠠᠬᠤᠶᠢᠯᠠᠯ ᠤᠨ ᠲᠤᠰᠬᠠᠭᠰᠠᠨ ᠠᠵᠢᠯ ᠤᠨ ᠰᠠᠨᠠᠯ ᠪᠠ ᠰᠠᠨᠠᠭᠤᠯᠭ᠎ᠠ ᠶᠢ ᠴᠠᠭ ᠲᠤᠬᠠᠢ ᠳᠤ ᠨᠢ ᠡᠵᠡᠮᠰᠢᠵᠦ᠂ ᠭᠤᠣᠯ ᠰᠡᠳᠦᠪᠲᠦ ᠬᠥᠮᠥᠵᠢᠯ ᠪᠣᠯᠣᠨ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠤᠶᠠᠯᠳᠤᠭᠤᠯᠤᠨ᠂ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ︽ᠳᠠᠷᠦ᠋ᠢᠬᠠᠨ ᠰᠢᠢᠳᠪᠦᠷᠢᠯᠡᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ᠂ ᠠᠵᠤ ᠠᠬᠤᠶᠢᠯᠠᠯ ᠤᠨ ᠬᠠᠨᠤᠮᠵᠢ ᠶᠢᠨ  ᠪᠠᠶᠢᠳᠠᠯ ᠢᠶᠠᠷ ᠭᠤᠣᠯ ᠰᠡᠳᠦᠪᠲᠦ ᠬᠥᠮᠥᠵᠢᠯ ᠤᠨ ᠪᠣᠳᠠᠲᠠᠢ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃
9.15-1.jpg
9.15-2.jpg
9.15-3.jpg
9.15-4.jpg
 
 
ᠢᠷᠡᠯᠲᠡ᠄ ᠲᠢᠩᠬᠢᠮ ᠤᠨ ᠴᠣᠩᠬᠤᠪᠴᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号