ᠰᠣᠯᠢᠵᠤ ᠠᠴᠢᠶᠠᠯᠠᠬᠤ ᠬᠤᠷᠳᠤᠴᠠ ᠶᠢ ᠲᠦᠷᠭᠡᠳᠬᠡᠵᠦ᠂ ᠪᠤᠭᠤᠮᠲᠠ ᠪᠠᠷ ᠥᠩᠭᠡᠷᠡᠬᠦ ᠳᠤ ᠳᠥᠭᠦᠮ ᠦᠵᠡᠭᠦᠯᠦᠨ᠎ᠡ᠂ ᠮᠠᠨᠵᠤᠤᠷ ᠬᠤᠲᠠ ᠶᠢᠨ ᠲᠡᠮᠦᠷ ᠵᠠᠮ ᠤᠨ ᠪᠣᠭᠤᠮᠲᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠶᠢᠨ ᠥᠨᠳᠥᠷ ᠪᠦᠲᠦᠮᠵᠢᠲᠡᠶ ᠪᠠᠷ ᠠᠶᠠᠯᠠᠬᠤ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/9/15
  ᠮᠠᠨᠵᠤᠤᠷ ᠤᠨ ᠲᠡᠮᠦᠷ ᠵᠠᠮ ᠤᠨ ᠪᠣᠭᠤᠮᠲᠠ ᠶᠢᠨ ᠴᠢᠩᠭᠡᠯᠢᠭ ᠤᠨ ᠲᠠᠯᠠᠪᠠᠢ ᠳᠤ ᠬᠦᠷᠬᠦ ᠳᠤ᠂ ᠡᠯ᠎ᠡ ᠵᠦᠢᠯ ᠤᠨ ᠪᠠᠷᠢᠯᠭ᠎ᠠ ᠶᠢᠨ ᠲᠡᠷᠭᠡ ᠪᠣᠯᠤᠨ ᠪᠠᠷᠠᠭᠠᠨ ᠤ ᠲᠡᠭᠡᠭᠡᠪᠦᠷᠢ ᠶᠢᠨ ᠵᠢᠰᠢᠶᠠᠨ ᠤ ᠭᠠᠯᠲᠤ ᠲᠡᠷᠭᠡ ᠶᠠᠭᠠᠷᠠᠯᠲᠠᠢ ᠪᠠᠷ ᠰᠦᠯᠵᠢᠯᠳᠦᠵᠦ᠂ ᠨᠢᠭᠡᠨ ᠠᠪᠤᠷᠭᠤ ᠲᠣᠮᠣ ᠯᠦᠩ ᠮᠧᠨ ᠡᠯᠭᠦᠭᠦᠷ ᠴᠢᠩᠭᠡᠯᠢᠭ ᠤᠨ ᠲᠠᠯᠠᠪᠠᠢ ᠶᠢᠨ ᠳᠡᠭᠡᠭᠦᠷ ᠰᠤᠨᠳᠠᠯᠠᠵᠤ᠂ ᠤᠷᠲᠤ ᠳᠡᠭᠦᠵᠢᠯᠡᠭᠦᠷ ᠨᠢ ᠶᠠᠭ ︽ᠪᠣᠯᠣᠳ ᠲᠡᠮᠦᠷ ᠤᠨ ᠠᠪᠤᠷᠭᠤ ᠯᠤᠤ︾ ᠰᠢᠭ᠋ ᠪᠠᠶᠢᠳᠠᠭ᠃ ᠵᠢᠯᠣᠭᠤᠳᠬᠤ ᠲᠠᠰᠤᠭ ᠲᠤ᠂ ᠠᠵᠢᠯᠯᠠᠭᠴᠢ ᠠᠴᠠ ᠡᠵᠡᠮᠰᠢᠯ ᠬᠠᠪᠲᠠᠰᠤ ᠪᠠᠷ ᠳᠠᠮᠵᠢᠨ ᠡᠯᠭᠦᠭᠦᠷ ᠲᠡᠷᠭᠡᠨ ᠤ ᠣᠷᠣᠨ ᠪᠠᠶᠢᠷᠢ ᠪᠣᠯᠤᠨ ᠡᠯᠭᠦᠭᠦᠷ ᠮᠠᠰᠢᠨ ᠤ ᠬᠠᠷᠠᠭᠠᠰᠤ ᠶᠢ ᠲᠣᠬᠢᠷᠠᠭᠤᠯᠵᠤ᠂ ᠦᠶ᠎ᠡ ᠦᠶ᠎ᠡ ᠰᠣᠨᠣᠰᠳᠠᠬᠤ ᠬᠦᠩᠭᠢᠨᠡᠮ᠎ᠡ ᠳᠠᠭᠤᠨ ᠤ ᠳᠤᠮᠳᠠ᠂ ᠰᠠᠤᠷᠢ ᠰᠠᠤᠷᠢ ᠬᠠᠶᠢᠷᠴᠠᠭ ᠢ ᠪᠠᠷᠢᠮᠵᠢᠶᠠᠲᠤ ᠵᠢᠮᠲᠦ ᠭᠠᠯᠲᠤ ᠲᠡᠷᠭᠡᠨ ᠳᠡᠭᠡᠷ᠎ᠡ ᠰᠣᠯᠢᠨ ᠲᠡᠭᠡᠭᠡᠵᠦ᠂ ᠪᠦᠬᠦ ᠤᠯᠤᠰ ᠤᠨ ᠡᠯ᠎ᠡ ᠭᠠᠵᠠᠷ ᠲᠤ ᠶᠠᠪᠤᠭᠤᠯᠬᠤ ᠪᠠᠷ ᠪᠡᠯᠡᠳᠭᠡᠨ᠎ᠡ᠃
9.15-1.jpg
  ᠳᠤᠮᠳᠠᠳᠤ ᠤᠯᠤᠰ ᠤᠨ ᠲᠡᠮᠦᠷ ᠵᠠᠮ ᠤᠨ ᠬᠠᠷᠪᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠮᠠᠨᠵᠤᠤᠷ ᠥᠷᠲᠡᠭᠡ ᠪᠣᠯ ᠪᠥᠬᠦ ᠤᠯᠤᠰ ᠤᠨ ᠬᠠᠮᠤᠭ ᠤᠨ ᠶᠡᠭᠡ ᠬᠠᠭᠤᠷᠠᠶ ᠳᠠᠬᠢ ᠵᠠᠮ ᠤᠨ ᠪᠣᠭᠤᠮᠲᠠ ᠶᠢᠨ ᠥᠷᠲᠡᠭᠡ ᠪᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠵᠡᠭᠦᠨᠰᠢ ᠨᠡᠪᠲᠡᠷᠡᠬᠦ ᠵᠠᠮ︾ ᠤᠨ ᠨᠢᠭᠡ     ᠪᠠᠶᠢᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠮᠵᠢᠶ᠎ᠡ ᠪᠠᠷᠤᠭ ᠪᠥᠬᠦ ᠤᠯᠤᠰ ᠤᠨ ᠠᠶᠠᠯᠠᠯ ᠨᠡᠪᠲᠡᠷᠡᠬᠦ ᠶᠡᠷᠦᠩᠬᠡᠶ ᠬᠡᠮᠵᠢᠶᠡᠨ ᠤ ᠭᠤᠷᠪᠠᠨ ᠬᠤᠪᠢ ᠶᠢ ᠡᠵᠡᠯᠡᠵᠦ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠤᠰ ᠣᠷᠴᠢᠯ ᠢ ᠰᠠᠭᠠᠳ ᠥᠬᠡᠶ ᠨᠡᠪᠲᠡᠷᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠨ ᠠᠬᠢᠬᠤ ᠶᠢ ᠳᠠᠭᠠᠯᠳᠤᠨ᠂ ᠮᠠᠨᠵᠤᠤᠷ ᠥᠷᠲᠡᠭᠡ ᠨᠢᠭᠡ ᠬᠢᠯᠢ ᠬᠢᠵᠠᠭᠠᠷ ᠤᠨ ᠵᠢᠵᠢᠭ ᠥᠷᠲᠡᠭᠡ ᠠᠴᠠ ᠭᠠᠳᠠᠭᠰᠢ ᠨᠡᠭᠡᠭᠡᠯᠲᠡ ᠬᠢᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠵᠣ᠂ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠪᠠᠶᠢᠨ᠎ᠠ᠃
9.15-2.jpg
  ᠲᠠᠨᠢᠯᠴᠠᠭᠤᠯᠤᠭᠰᠠᠨ ᠢᠶᠠᠷ᠂ ᠮᠠᠨᠵᠤᠤᠷ ᠤᠨ ᠲᠡᠮᠦᠷ ᠵᠠᠮ ᠤᠨ ᠪᠣᠭᠤᠮᠲᠠ ᠶᠢᠨ ᠴᠢᠩᠭᠡᠯᠢᠭ ᠤᠨ ᠶᠡᠷᠦᠩᠬᠡᠶ ᠲᠠᠯᠠᠪᠠᠶ ᠨᠢ 50 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠠᠮᠤᠭ ᠤᠨ ᠶᠡᠭᠡ ᠣᠪᠣᠭᠠᠯᠠᠨ ᠬᠠᠳᠠᠭᠠᠯᠠᠬᠤ ᠴᠢᠳᠠᠪᠤᠷᠢ ᠨᠢ 9900 ᠪᠠᠷᠢᠮᠵᠢᠶᠠᠲᠤ ᠬᠠᠶᠢᠷᠴᠠᠭ ᠪᠠᠶᠢᠵᠤ᠂ ᠥᠷᠭᠡᠨ ᠵᠠᠮ ᠱᠤᠭᠤᠮ 4᠂ ᠪᠠᠷᠢᠮᠵᠢᠶᠠᠲᠤ ᠵᠠᠮ ᠱᠤᠭᠤᠮ 3 ᠪᠠᠶᠢᠵᠤ᠂ ᠡᠷᠭᠦᠯᠲᠡ ᠶᠢᠨ ᠳᠠᠭᠠᠭᠠᠴᠠ ᠨᠢ 40 ᠲᠣᠨ ᠳᠤ ᠬᠦᠷᠦᠭᠰᠡᠨ ᠴᠢᠩᠭᠡᠯᠢᠭ ᠤᠨ ᠲᠤᠰᠬᠠᠶ ᠯᠦᠩ ᠮᠧᠨ ᠡᠯᠭᠦᠭᠦᠷ 6 ᠰᠠᠤᠷᠢ᠂ ᠡᠷᠭᠦᠯᠲᠡ ᠶᠢᠨ ᠳᠠᠭᠠᠭᠠᠴᠠ ᠨᠢ 45 ᠲᠣᠨ ᠳᠤ ᠬᠦᠷᠦᠭᠰᠡᠨ ᠴᠢᠩᠭᠡᠯᠢᠭ ᠤᠨ ᠲᠤᠰᠬᠠᠶ ᠯᠦᠩ ᠮᠧᠨ ᠡᠯᠭᠦᠭᠦᠷ 5 ᠰᠠᠤᠷᠢ ᠪᠠᠶᠢᠵᠤ᠂ ᠡᠳᠦᠷ ᠲᠤ ᠬᠠᠮᠤᠭ ᠤᠨ ᠶᠡᠭᠡ ᠪᠠᠷ ᠰᠣᠯᠢᠵᠤ ᠠᠴᠢᠶᠠᠯᠠᠬᠤ ᠴᠢᠳᠠᠪᠤᠷᠢ ᠨᠢ 840 ᠪᠠᠷᠢᠮᠵᠢᠶᠠᠲᠤ ᠬᠠᠶᠢᠷᠴᠠᠭ ᠪᠣᠯᠤᠨ᠎ᠠ᠃ ᠪᠣᠭᠤᠮᠲᠠ ᠶᠢᠨ ᠥᠷᠲᠡᠭᠡ ᠵᠢᠴᠢ ᠵᠡᠭᠦᠨᠰᠢ ᠨᠡᠪᠲᠡᠷᠡᠬᠦ ᠵᠠᠮ ᠤᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠣᠷᠣᠨ ᠪᠠᠶᠢᠷᠢ ᠶᠢᠨ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠮᠠᠨᠵᠤᠤᠷ ᠥᠷᠲᠡᠭᠡ ᠵᠠᠳᠠᠭᠠᠢ ᠲᠡᠷᠭᠡ ᠶᠢ ᠪᠥᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠲᠡᠭᠡᠭᠡᠪᠦᠷᠢ ᠶᠢᠨ ᠴᠢᠳᠠᠪᠤᠷᠢ ᠶᠢ ᠢᠳᠡᠪᠬᠢᠲᠡᠶ ᠪᠠᠳᠠᠷᠠᠭᠤᠯᠤᠨ᠂ ᠣᠯᠠᠨ ᠤᠯᠤᠰ ᠤᠨ ᠪᠠᠷᠠᠭᠠᠨ ᠤ ᠣᠷᠣᠯᠠᠬᠤ ᠺᠣᠮᠫᠠᠨᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠪᠠᠷ ᠠᠶᠠᠯᠠᠬᠤ ᠳᠤ ᠰᠠᠭᠤᠷᠢ ᠶᠢ ᠪᠠᠬᠢᠵᠢᠭᠦᠯᠪᠡ᠃
9.15-3.jpg
  ᠣᠶᠢᠷ᠎ᠠ  ᠶᠢᠨ ᠵᠢᠯ ᠤᠨ ᠲᠤᠷᠰᠢ ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠲᠤᠰᠠᠳᠠ᠂ ᠮᠠᠨᠵᠤᠤᠷ ᠥᠷᠲᠡᠭᠡ ᠶᠢᠨ ᠲᠤᠰᠢᠶᠠᠬᠤ ᠪᠠ ᠬᠦᠯᠢᠶᠡᠨ ᠠᠪᠬᠤ ᠲᠠᠰᠤᠭ 95306 ︽ᠲᠣᠭᠠᠴᠠᠯᠠᠭᠰᠠᠨ ᠪᠣᠭᠤᠮᠲᠠ︾ ᠶᠢᠨ ᠪᠣᠭᠤᠮᠲᠠ ᠪᠠᠷ ᠥᠩᠭᠡᠷᠡᠬᠦ ᠰᠢᠰᠲ᠋ᠧᠮ  ᠢᠶᠠᠷ ᠳᠠᠮᠵᠢᠭᠤᠯᠤᠨ᠂ ᠲᠡᠮᠦᠷ ᠵᠠᠮ ᠤᠨ ᠡᠳ᠋ ᠪᠠᠷᠠᠭᠠᠨ ᠤ ᠲᠤᠭ᠎ᠠ ᠪᠠᠷᠢᠮᠲᠠ ᠬᠢᠭᠡᠳ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠠᠷᠠᠭ᠎ᠠ ᠶᠢᠨ ᠡᠵᠡᠨ ᠢ ᠭᠡᠷ ᠠᠴᠠ ᠨᠢ ᠭᠠᠷᠭᠠᠬᠤ ᠦᠭᠡᠢ ᠪᠠᠷ ᠪᠣᠭᠤᠮᠲᠠ ᠶᠢᠨ ᠭᠤᠶᠤᠴᠢᠯᠠᠨ ᠮᠡᠳᠡᠭᠦᠯᠬᠦ᠂ ᠲᠡᠮᠦᠷ ᠵᠠᠮ ᠤᠨ ᠭᠦᠢᠯᠭᠡᠭᠡᠨ ᠤ ᠬᠠᠨᠲᠤᠰᠢ  ᠶᠢ ᠬᠤᠪᠢᠷᠠᠭᠤᠯᠬᠤ ᠵᠡᠷᠭᠡ ᠭᠠᠷᠳᠠᠮ ᠢ ᠪᠡᠶᠡᠯᠡᠭᠦᠯᠵᠦ᠂ ᠪᠣᠭᠤᠮᠲᠠ ᠶᠢᠨ ᠲᠥᠭᠦᠮᠴᠢᠯᠡᠯᠲᠡ ᠶᠢᠨ ᠬᠡᠮᠵᠢᠶ᠎ᠡ ᠪᠠ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠬᠦᠯᠦᠨ᠂ ᠭᠤᠶᠤᠴᠢᠯᠠᠨ ᠮᠡᠳᠡᠭᠦᠯᠬᠦ ᠠᠴᠠ ᠪᠣᠭᠤᠮᠲᠠ ᠪᠠᠷ ᠥᠩᠭᠡᠷᠡᠭᠦᠯᠬᠦ ᠴᠠᠭ ᠢ ᠤᠤᠯ ᠤᠨ ᠬᠠᠭᠠᠰ ᠡᠳᠦᠷ ᠣᠷᠴᠢᠮ ᠪᠠᠶᠢᠭᠰᠠᠨ  ᠢᠶᠠᠨ 30 ᠮᠢᠨᠦ᠋ᠲ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠬᠠᠮᠤᠭ ᠬᠤᠷᠳᠤᠨ ᠳᠤ ᠪᠠᠨ ᠬᠡᠳᠦᠬᠡᠨ ᠮᠢᠨᠦ᠋ᠲ ᠬᠡᠷᠡᠭᠰᠡᠨ᠎ᠡ᠃ ᠲᠣᠰ ᠰᠢᠰᠲ᠋ᠧᠮ ᠤᠨ ᠬᠡᠷᠡᠭᠯᠡᠯᠲᠡ ᠨᠢ ᠪᠠᠰᠠ ᠠᠵᠤ ᠠᠬᠤᠶᠢᠯᠠᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠭᠦᠢᠴᠡᠳᠭᠡᠬᠦ ᠤᠳᠠᠭ᠎ᠠ ᠪᠠ ᠡᠳ᠋ ᠪᠠᠷᠠᠭᠠᠨ ᠤ ᠲᠡᠭᠡᠭᠡᠪᠦᠷᠢ ᠶᠢᠨ ᠬᠤᠷᠣᠭᠳᠠᠯ ᠢ ᠪᠠᠭᠠᠰᠬᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠴᠢᠳᠠᠨ᠎ᠠ᠃ 
 
ᠢᠷᠡᠯᠲᠡ᠄ ᠪᠣᠭᠤᠮᠲᠠ ᠶᠢᠨ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号