︽ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ | ᠪᠠᠶᠢᠨ᠎ᠠ︾ — ᠳᠦᠷᠪᠡᠨ ᠰᠠᠯᠠᠭ᠎ᠠ ᠮᠦᠴᠢᠷ ᠠᠴᠠ ᠤᠲᠤᠬᠠᠨ ᠤ ᠠᠵᠤ ᠠᠬᠤᠢ ᠶᠢᠨ ᠪᠠᠶᠢᠲᠠᠯ ᠪᠤᠯᠤᠨ ᠳᠦᠷᠦ ᠶᠢᠨ | ᠪᠤᠲᠤᠯᠭ᠎ᠠ ᠳᠤ ᠲᠠᠶᠢᠯᠤᠮᠵᠢ ᠬᠢᠪᠡ | ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 8 ᠳ᠋ᠤᠭᠠᠷ ᠰᠠᠷ᠎ᠠ ᠳᠤ᠂ ᠭᠤᠤᠯ ᠪᠣᠯᠬᠤ | ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠬᠢᠵᠠᠭᠠᠷ ᠰᠠᠶᠢᠵᠢᠷᠠᠵᠤ᠂ ᠤᠯᠤᠰ ᠠᠷᠠᠳ ᠤᠨ ᠠᠵᠤ ᠠᠬᠤᠶ ᠰᠡᠷᠭᠦᠨ | ᠰᠠᠶᠢᠵᠢᠷᠠᠪᠠ᠃ ᠣᠳᠣᠬᠠᠨ ᠤ ᠠᠵᠤ ᠠᠬᠤᠢ ᠶᠢᠨ ᠪᠠᠶᠢᠳᠠᠯ ᠢ ᠬᠡᠷᠬᠢᠨ ᠵᠠᠳᠠᠯᠬᠤ ᠪᠤᠢ︖ ᠠᠵᠤ ᠠᠬᠤᠶ ᠶᠢᠨ | ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠬᠡᠷᠬᠢᠨ ᠦᠷᠭᠦᠯᠵᠢᠯᠡᠨ ᠬᠦᠴᠦᠯᠡᠬᠦ ᠪᠣᠶ︖ | 20 ᠤ ᠡᠳᠦᠷ ᠶᠠᠪᠤᠭᠳᠠᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠳᠥᠷᠪᠡᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠲᠠᠶᠢᠯᠤᠮᠵᠢ ᠬᠢᠪᠠ᠃ | | ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠢᠳᠡᠪᠬᠢ ᠬᠦᠴᠦᠨ ᠵᠦᠢᠯ ᠣᠯᠠᠰᠢᠷᠠᠭᠰᠠᠨ | | | 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠠ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ ᠨᠡᠮᠡᠭᠳᠡᠯ ᠤᠨ ᠬᠤᠷᠳᠤᠴᠠ | ᠲᠦᠷᠭᠡᠳᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ | ᠪᠠᠶᠢᠭᠰᠠᠨ ᠠᠴᠠ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ | ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠦᠢᠯᠡᠳᠬᠦ ᠦᠢᠯᠡᠰ ᠤᠨ PMI ᠳᠡᠭᠡᠭᠰᠢᠯᠡᠪᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠼᠦᠩ ᠯᠢᠶᠠᠩ᠂ | ᠲᠥᠷᠥ ᠶᠢᠨ ᠪᠣᠳᠣᠯᠭ᠎ᠠ ᠶᠢᠨ ᠦᠷ᠎ᠡ ᠪᠥᠲᠥᠮᠵᠢ ᠢᠯᠡᠷᠬᠡᠶ ᠪᠣᠯᠬᠤ ᠶᠢ ᠳᠠᠭᠠᠯᠳᠤᠨ ᠠᠵᠤ ᠠᠬᠤᠶ ᠶᠢᠨ ᠠᠵᠢᠯᠯᠠᠭᠠᠨ ᠤ | ᠳᠤᠮᠳᠠᠬᠢ ᠢᠳᠡᠪᠬᠢ ᠬᠦᠴᠦᠨ ᠵᠦᠢᠯ ᠣᠯᠠᠰᠢᠷᠠᠵᠤ᠂ ᠨᠡᠶᠢᠭᠡᠮ ᠤᠨ ᠵᠢᠱᠢᠯᠲᠡ ᠰᠠᠶᠢᠵᠢᠷᠠᠬᠤ ᠬᠠᠨᠳᠤᠰᠢ ᠲᠠᠢ ᠭᠡᠵᠦ | ᠬᠡᠯᠡᠪᠡ᠃ | ᠼᠦᠩ ᠯᠢᠶᠠᠩ᠄ ︽ᠢᠷᠡᠭᠡᠳᠦᠢ ᠶᠢ ᠪᠠᠷᠠᠯᠠᠬᠤᠶ᠎ᠠ᠂ ᠬᠠᠳᠠᠭᠠᠯᠠᠯᠲᠠ ᠶᠢᠨ ᠬᠡᠮᠵᠢᠶ᠎ᠡ ᠶᠢᠨ ᠲᠦᠷᠦ ᠶᠢᠨ | ᠪᠤᠳᠤᠯᠭ᠎ᠠ ᠪᠣᠯᠤᠨ ᠨᠡᠮᠡᠭᠳᠡᠯ ᠤᠨ ᠲᠦᠷᠦ ᠶᠢᠨ ᠪᠤᠳᠤᠯᠭ᠎ᠠ ᠳᠠᠪᠬᠤᠷᠳᠠᠨ ᠬᠦᠴᠦᠯᠡᠬᠦ ᠶᠢ ᠲᠠᠭᠠᠯᠳᠤᠨ᠂ ᠲᠦᠷᠦ ᠶᠢᠨ | ᠪᠤᠳᠤᠯᠭ᠎ᠠ ᠶᠢᠨ ᠦᠢᠯᠡᠳᠦᠯ ᠲᠠᠰᠤᠷᠠᠯᠳᠠ ᠦᠭᠡᠢ ᠬᠤᠷᠠᠮᠳᠤᠭᠤᠯᠵᠤ᠂ ᠢᠳᠡᠪᠬᠢ ᠬᠦᠴᠦᠨ ᠵᠦᠢᠯ ᠲᠠᠰᠤᠷᠠᠯᠳᠠ | ᠦᠭᠡᠢ ᠨᠡᠮᠡᠭᠳᠡᠵᠦ᠂ ᠮᠠᠨ ᠤ ᠤᠯᠤᠰ ᠤᠨ ᠠᠵᠤ ᠠᠬᠤᠢ ᠰᠠᠶᠢᠵᠢᠷᠠᠨ ᠰᠠᠶᠢᠵᠢᠷᠠᠬᠤ ᠪᠠ ᠤᠷᠳᠤ ᠬᠤᠭᠤᠴᠠᠭ᠎ᠠ ᠪᠠᠷ | ᠰᠠᠶᠢᠵᠢᠷᠠᠬᠤ ᠶᠢ ᠪᠢᠳᠡ ᠪᠦᠷᠢᠮᠦᠰᠦᠨ ᠢᠲᠡᠭᠡᠵᠦ ᠪᠠᠶᠢᠨ᠎ᠠ︾ ᠭᠡᠵᠦ ᠬᠡᠯᠡᠪᠡ᠃ ᠣᠳᠣᠬᠠᠨ ᠳᠤ᠂ ᠳᠣᠲᠣᠭᠠᠳᠤ | ᠭᠠᠳᠠᠭᠠᠳᠤ ᠠᠴᠠ ᠳᠤᠮᠳᠠᠳᠤ ᠤᠯᠤᠰ ᠢ ᠬᠠᠷᠠᠵᠤ᠂ ᠳᠤᠮᠳᠠᠳᠤ ᠤᠯᠤᠰ ᠢ ᠮᠠᠭᠤᠳᠠᠭᠤᠯᠬᠤ ᠱᠤᠤᠭᠢᠶᠠᠨ ᠴᠥᠭᠡᠨ ᠪᠤᠰᠤ | ᠪᠠᠶᠢᠵᠤ᠂ ᠡᠶᠢᠮᠦᠷᠬᠦ ᠦᠵᠡᠯᠲᠡ ᠨᠢ ᠥᠩᠭᠡᠷᠡᠭᠰᠡᠨ ᠳᠤ ᠶᠡᠷᠦ ᠠᠴᠠ ᠪᠡᠶᠡᠯᠡᠭᠦᠯᠵᠦ ᠥᠩᠭᠡᠷᠡᠭᠰᠡᠨ ᠦᠭᠡᠢ᠂ ᠤᠳᠤ | ᠪᠣᠯᠤᠨ ᠢᠷᠡᠭᠡᠳᠦᠢ ᠨᠢ ᠴᠦ ᠯᠠᠪᠲᠠᠢ ᠪᠡᠶᠡᠯᠡᠭᠳᠡᠬᠦ ᠦᠭᠡᠢ ᠶᠤᠮ᠃ | ᠪᠠᠷᠠᠭᠠᠨ ᠤ ᠦᠨ᠎ᠡ ᠶᠢᠨ ᠬᠠᠨᠳᠤᠰᠢ ᠳᠤ ᠴᠢᠭᠯᠡᠭᠦᠯᠦᠨ ᠼᠦᠩ ᠯᠢᠶᠠᠩ᠂ ᠡᠨᠡ ᠵᠢᠯ ᠠᠴᠠ ᠨᠠᠭᠠᠰᠢ ᠪᠠᠷᠠᠭᠠᠨ ᠤ | ᠦᠨ᠎ᠡ ᠬᠠᠩᠰᠢ ᠮᠥᠨ ᠯᠡ ᠳᠣᠣᠷ᠎ᠠ ᠪᠠᠶᠢᠷᠢᠨ ᠳᠤ ᠪᠠᠶᠢᠵᠤ᠂ ᠴᠢᠬᠤᠯᠠᠴᠢᠯᠠᠨ ᠦᠵᠡᠬᠦ ᠴᠢᠬᠤᠯᠠᠲᠠᠢ ᠪᠠᠶᠢᠨ᠎ᠠ᠂ | ᠭᠡᠪᠡᠴᠦ ᠶᠡᠷᠦᠩᠬᠡᠶᠢᠯᠡᠭᠰᠡᠨ ᠪᠠᠷᠠᠭᠠᠨ ᠤ ᠦᠨ᠎ᠡ ᠶᠢᠨ ᠬᠢᠷᠢ ᠲᠦᠪᠰᠢᠨ᠂ ᠬᠡᠷᠡᠭᠴᠡᠭᠡ ᠰᠡᠷᠭᠦᠯᠲᠡ᠂ ᠠᠵᠤ | ᠠᠬᠤᠢ ᠶᠢᠨ ᠨᠡᠮᠡᠭᠳᠡᠯ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠵᠡᠷᠭᠡ ᠬᠦᠴᠦᠨ ᠵᠦᠢᠯ ᠠᠴᠠ ᠪᠣᠯᠵᠤ᠂ ᠳᠤᠮᠳᠠᠳᠤ | ᠤᠯᠤᠰ ᠤᠨ ᠠᠵᠤ ᠠᠬᠤᠢ ᠨᠡᠶᠢᠳᠡᠮ ᠪᠠᠭᠠᠰᠬᠤ ᠶᠠᠪᠤᠳᠠᠯ ᠣᠷᠣᠰᠢᠬᠤ ᠦᠭᠡᠢ᠂ ᠰᠡᠭᠦᠯᠴᠢ ᠶᠢᠨ ᠬᠤᠭᠤᠴᠠᠭᠠᠨ ᠳᠤ | ᠴᠤ ᠨᠡᠶᠢᠳᠡᠮ ᠪᠠᠭᠠᠰᠬᠤ ᠪᠠᠶᠢᠳᠠᠯ ᠭᠠᠷᠬᠤ ᠦᠭᠡᠢ ᠭᠡᠵᠦ ᠵᠠᠳᠠᠯᠤᠨ ᠰᠢᠨᠵᠢᠯᠡᠵᠡᠢ᠃ | ᠼᠦᠩ ᠯᠢᠶᠠᠩ᠄ ︽ᠦᠨ᠎ᠡ ᠬᠠᠩᠰᠢ ᠶᠢᠨ ᠭᠦᠢᠴᠡᠳᠬᠡᠯ ᠲᠤᠭ᠎ᠠ ᠨᠢ ᠠᠵᠤ ᠠᠬᠤᠶ ᠶᠢᠨ ᠠᠵᠢᠯᠯᠠᠭᠠᠨ ᠤ | ᠬᠤᠴᠣᠷᠴᠤ ᠪᠠᠶᠢᠭ᠎ᠠ ᠭᠦᠢᠴᠡᠳᠬᠡᠬᠦ ᠲᠤᠭ᠎ᠠ ᠳᠤ ᠬᠠᠷᠢᠶᠠᠯᠠᠭᠳᠠᠬᠤ ᠪᠣᠯᠬᠤᠷ᠂ ᠬᠡᠷᠡᠭᠴᠡᠭᠡ ᠲᠣᠭᠲᠠᠭᠤᠨ ᠢᠶᠠᠷ | ᠰᠡᠷᠭᠦᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠠᠯᠬᠤᠮ ᠠᠯᠬᠤᠮ ᠢᠶᠠᠷ ᠨᠡᠮᠡᠭᠳᠡᠵᠦ᠂ ᠠᠵᠤ | ᠠᠬᠤᠶ ᠶᠢᠨ ᠠᠵᠢᠯᠯᠠᠭᠠᠨ ᠨᠢ ᠦᠷᠭᠦᠯᠵᠢᠯᠡᠨ ᠰᠠᠶᠢᠵᠢᠷᠠᠵᠤ᠂ ᠳᠡᠭᠡᠷ᠎ᠡ ᠨᠢ ᠰᠠᠭᠤᠷᠢ ᠲᠣᠭᠠᠨ ᠤ ᠦᠢᠯᠡᠳᠦᠯ ᠨᠢ | ᠠᠯᠬᠤᠮ ᠠᠯᠬᠤᠮ ᠢᠶᠠᠷ ᠪᠠᠭᠤᠷᠠᠵᠤ᠂ ᠮᠠᠨ ᠤ ᠤᠯᠤᠰ ᠤᠨ ᠪᠠᠷᠠᠭᠠᠨ ᠤ ᠦᠨ᠎ᠡ ᠶᠢᠨ ᠶᠡᠷᠦᠩᠬᠡᠶ ᠬᠢᠷᠢ ᠬᠡᠮᠵᠢᠶ᠎ᠡ | ᠦᠷᠭᠦᠯᠵᠢᠯᠡᠨ ᠳᠡᠭᠡᠭᠰᠢᠯᠡᠬᠦ ᠶᠢᠨ ᠬᠠᠮᠲᠤ ᠠᠯᠬᠤᠮ ᠠᠯᠬᠤᠮ ᠢᠶᠠᠷ ᠳᠡᠭᠡᠭᠰᠢᠯᠡᠨ ᠵᠢᠯ ᠤᠨ ᠳᠤᠮᠳᠠᠴᠢ ᠬᠡᠮᠵᠢᠭᠳᠡᠯ ᠤᠨ | ᠣᠶᠢᠷᠠᠯᠴᠠᠭ᠎ᠠ ᠨᠡᠮᠡᠭᠳᠡᠬᠦ ᠪᠣᠯᠣᠮᠵᠢ ᠲᠠᠢ ᠭᠡᠵᠦ ᠬᠡᠯᠡᠵᠡᠢ᠃ | | | ᠠᠷᠪᠠᠨ ᠶᠡᠭᠡ ᠭᠤᠣᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠥᠯ ᠢ | ᠱᠠᠯᠠᠪᠳᠠᠨ ᠬᠡᠷᠡᠭᠵᠢᠭᠦᠯᠦᠨ᠎ᠡ | | | ᠠᠵᠤ ᠦᠢᠯᠡᠳᠪᠦᠷᠢ ᠪᠣᠯ ᠠᠵᠤ ᠠᠬᠤᠢ ᠶᠢᠨ ︽ᠰᠠᠭᠤᠷᠢ ᠴᠢᠯᠠᠭᠤ︾ ᠮᠥᠨ᠃ 8 ᠳ᠋ᠤᠭᠠᠷ ᠰᠠᠷ᠎ᠠ ᠳᠤ ᠠᠵᠤ | ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠰᠡᠷᠭᠦᠵᠦ᠂ ᠠᠵᠤ ᠠᠬᠤᠶᠢᠯᠠᠯ ᠤᠨ ᠦᠷ᠎ᠡ ᠠᠰᠢᠭ ᠠᠯᠬᠤᠮ | ᠠᠯᠬᠤᠮ ᠢᠶᠠᠷ ᠰᠠᠶᠢᠵᠢᠷᠠᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠵᠢᠯᠯᠠᠭᠠᠨ ᠢ ᠬᠢᠨᠠᠨ ᠬᠡᠮᠵᠢᠵᠦ | ᠵᠣᠬᠢᠴᠠᠭᠤᠯᠬᠤ ᠲᠣᠪᠴᠢᠶᠠᠨ ᠤ ᠳᠠᠷᠤᠭ᠎ᠠ ᠲᠤᠤ ᠴᠢᠩ ᠲᠠᠨᠢᠯᠴᠠᠭᠤᠯᠬᠤ ᠳᠠᠭᠠᠨ᠂ ᠠᠵᠢᠯ ᠲᠥᠷᠥᠯ ᠠᠴᠠ ᠠᠪᠴᠤ | ᠦᠵᠡᠪᠡᠯ᠂ 1 ᠠᠴᠠ 8 ᠳ᠋ᠤᠭᠠᠷ ᠰᠠᠷ᠎ᠠ ᠪᠣᠯᠲᠠᠯ᠎ᠠ᠂ 41 ᠠᠵᠤ ᠦᠢᠯᠡᠳᠪᠦᠷᠢ ᠶᠢᠨ ᠶᠡᠭᠡ ᠲᠥᠷᠥᠯ ᠤᠨ ᠳᠣᠲᠣᠷ᠎ᠠ | 27 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ ᠳᠡᠭᠡᠳᠦ | ᠳᠡᠰ ᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ 1 ᠠᠴᠠ | 8 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠣᠩᠭᠤᠴᠠ ᠦᠢᠯᠡᠳᠬᠦ ᠠᠵᠢᠯ ᠳᠠᠭᠤᠰᠤᠭᠰᠠᠨ ᠬᠡᠮᠵᠢᠶ᠎ᠡ᠂ ᠰᠢᠨ᠎ᠡ | ᠣᠩᠭᠤᠴᠠᠨ ᠤ ᠵᠠᠬᠢᠶᠠᠯᠠᠯᠲᠠ ᠶᠢᠨ ᠬᠠᠭᠤᠳᠠᠰᠤ᠂ ᠭᠠᠷ ᠲᠠᠭᠠᠨ ᠪᠠᠷᠢᠭᠰᠠᠨ ᠣᠩᠭᠤᠴᠠ ᠰᠠᠯ ᠤᠨ ᠵᠠᠬᠢᠶᠠᠯᠠᠭ᠎ᠠ ᠶᠢᠨ | ᠬᠠᠭᠤᠳᠠᠰᠤ ᠵᠡᠷᠭᠡ ᠨᠢ ᠪᠦᠷ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠠᠶ᠃ 9 ᠳ᠋ᠦ᠋ᠭᠡᠷ ᠰᠠᠷ᠎ᠠ ᠠᠴᠠ | ᠨᠠᠭᠠᠰᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠣᠬᠢᠷᠠᠭᠤᠯᠤᠭᠰᠠᠨ ᠠᠵᠢᠯᠴᠢᠨ ᠬᠡᠷᠡᠭᠯᠡᠬᠦ | ᠴᠠᠬᠢᠯᠭᠠᠨ ᠵᠡᠷᠭᠡ ᠥᠨᠳᠥᠷ ᠳᠠᠪᠲᠠᠮᠵᠢᠲᠤ ᠲᠤᠭ᠎ᠠ ᠪᠠᠷᠢᠮᠲᠠ ᠠᠴᠠ ᠦᠵᠡᠪᠡᠯ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠠᠵᠤ ᠠᠬᠤᠶᠢᠯᠠᠯ ᠤᠨ ᠲᠣᠭᠲᠠᠭᠤᠨ ᠢᠶᠠᠷ ᠳᠡᠭᠡᠭᠰᠢᠯᠡᠬᠦ ᠪᠠᠶᠢᠳᠠᠯ ᠢ ᠪᠠᠲᠤᠯᠠᠪᠠ᠃ | ᠲᠤᠤ ᠴᠢᠩ᠂ ᠲᠠᠷᠠᠭᠠᠴᠢ ᠶᠢᠨ ᠠᠯᠬᠤᠮ ᠳᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠷᠪᠠᠨ ᠶᠡᠭᠡ ᠭᠤᠤᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠢ | ᠲᠣᠭᠲᠠᠪᠤᠷᠢᠵᠢᠭᠤᠯᠬᠤ ᠠᠵᠢᠯ ᠤᠨ ᠲᠥᠰᠦᠯ ᠢ ᠱᠠᠯᠠᠪᠳᠠᠨ ᠬᠡᠷᠡᠭᠵᠢᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ | ᠢᠯᠡᠷᠬᠡᠶᠢᠯᠡᠪᠡ᠃ | | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ ᠲᠦᠷᠭᠡᠳᠬᠡᠨ᠎ᠡ | | | ᠡᠳ᠋ ᠤᠨ ᠵᠠᠰᠠᠭ ᠤᠨ ᠶᠠᠮᠤᠨ ᠤ ᠤᠯᠤᠰ ᠤᠨ ᠰᠠᠩ ᠤᠨ ᠵᠤᠷᠭᠠᠨ ᠤ ᠳᠠᠷᠤᠭ᠎ᠠ ᠯᠢ ᠰᠢᠶᠠᠨ ᠵᠦᠩ᠂ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭ ᠢ ᠲᠠᠷᠬᠠᠭᠠᠵᠤ | ᠬᠡᠷᠡᠭᠯᠡᠬᠦ ᠶᠢ ᠦᠷᠭᠦᠯᠵᠢᠯᠡᠨ ᠲᠦᠷᠭᠡᠳᠬᠡᠨ᠎ᠡ᠃ 1 – 8 ᠳ᠋ᠤᠭᠠᠷ ᠰᠠᠷ᠎ᠠ ᠳᠤ᠂ ᠡᠯ᠎ᠡ ᠭᠠᠵᠠᠷ ᠤᠨ ᠬᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 2.95 ᠲᠦᠮᠡᠨ | ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠵᠢᠯ ᠳᠤ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠬᠢᠵᠠᠭᠠᠷ ᠲᠤᠭ᠎ᠠ ᠶᠢᠨ 77.5% ᠶᠢ ᠪᠡᠶᠡᠯᠡᠭᠦᠯᠵᠦ᠂ ᠴᠠᠭ ᠤᠨ ᠳᠠᠷᠠᠭᠠᠯᠠᠯ ᠤᠨ | ᠠᠬᠢᠴᠠ ᠠᠴᠠ 10.8 ᠵᠠᠭᠤᠨ ᠤ ᠴᠡᠭ ᠲᠦᠷᠭᠡᠨ ᠪᠣᠯᠪᠠ ᠭᠡᠵᠦ ᠬᠡᠯᠡᠪᠡ᠃ | ᠯᠢ ᠰᠢᠶᠠᠨ ᠵᠥᠩ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠᠷ ᠨᠡᠶᠢᠲᠡ 2 ᠲᠦᠮᠡ ᠰᠢᠬᠠᠮ | ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠳᠡᠮᠵᠢᠪᠡ᠂ ᠭᠤᠤᠯᠳᠠᠭᠤ ᠬᠤᠲᠠ ᠶᠢᠨ ᠶᠠᠪᠤᠳᠠᠯ ᠤᠨ | ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ᠂ | ᠨᠡᠶᠢᠭᠡᠮ ᠤᠨ ᠦᠢᠯᠡᠰ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠶ ᠬᠢᠮᠳᠠ | ᠣᠷᠣᠨ ᠰᠠᠭᠤᠴᠠ ᠶᠢᠨ ᠢᠨᠵᠧᠨᠧᠷᠢᠩ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠵᠡᠷᠭᠡ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠤ ᠬᠡᠷᠡᠭᠯᠡᠵᠦ᠂ ᠨᠢᠭᠡ ᠪᠦᠯᠦᠭ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠠᠬᠢᠭᠤᠯᠵᠠᠢ ᠭᠡᠵᠦ ᠲᠠᠨᠢᠯᠴᠠᠭᠤᠯᠪᠠ᠃ | ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯᠯᠠᠭᠠᠨ ᠤ ᠠᠰᠠᠭᠤᠳᠠᠯ ᠳᠤ ᠴᠢᠭᠯᠡᠭᠦᠯᠦᠨ᠂ ᠯᠢ ᠰᠢᠶᠠᠨ | ᠵᠥᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠶ ᠥᠩᠭᠡᠷᠡᠭᠰᠡᠨ ᠬᠡᠳᠦᠨ ᠵᠢᠯ ᠤᠨ ᠬᠢᠵᠢᠭ ᠤᠨ | ᠨᠥᠯᠥᠭᠡ ᠠᠴᠠ ᠠᠯᠬᠤᠮ ᠠᠯᠬᠤᠮ ᠢᠶᠠᠷ ᠰᠡᠷᠭᠦᠵᠦ᠂ ᠶᠡᠷᠦᠩᠬᠡᠶ ᠳᠡᠭᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠲᠠᠢ | ᠪᠣᠯᠵᠠᠶ᠃ ᠭᠡᠪᠡᠴᠦ ᠵᠠᠷᠢᠮ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠬᠦᠷᠦᠯᠴᠡᠬᠦ | ᠦᠭᠡᠶ ᠪᠠᠶᠢᠵᠤ᠂ ᠡᠳ᠋ ᠤᠨ ᠵᠠᠰᠠᠭ ᠤᠨ ᠠᠵᠢᠯᠯᠠᠭᠠᠨ ᠲᠡᠩᠴᠡᠭᠦᠷᠢ ᠶᠢᠨ ᠪᠠᠴᠢᠮ ᠪᠠᠶᠢᠳᠠᠯ ᠢᠯᠡᠷᠡᠭᠰᠡᠨ ᠪᠠᠶᠢᠨ᠎ᠠ᠃ | ᠡᠭᠦᠨ ᠳᠤ᠂ ᠲᠥᠪ ᠤᠨ ᠡᠳ᠋ ᠤᠨ ᠵᠠᠰᠠᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠣᠷᠣᠨ ᠨᠤᠲᠤᠭ | ᠢᠯᠠᠩᠭᠤᠶ᠎ᠠ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠳᠡᠮᠵᠢᠪᠡ ᠭᠡᠵᠦ | ᠬᠡᠯᠡᠪᠡ᠃ | ᠯᠢ ᠰᠢᠶᠠᠨ ᠵᠦᠩ᠂ 8 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠳᠦᠪ ᠠᠴᠠ ᠤᠷᠤᠨ ᠨᠤᠲᠤᠭ ᠲᠤ | ᠰᠢᠯᠵᠢᠭᠦᠯᠭᠦ ᠪᠠᠯᠠ ᠮᠦᠩᠭᠦ ᠶᠢ 9.55 ᠳᠦᠮᠡᠨ ᠳ᠋ᠦᠩᠰᠢᠭᠤᠷ ᠳᠦᠭᠦᠷᠢᠭ ᠳᠤᠷᠤᠭᠰᠢ ᠪᠠᠭᠤᠯᠭᠠᠵᠤ᠂ ᠨᠦᠭᠦᠴᠡᠯ | ᠪᠦᠷᠢᠯᠲᠦᠭᠦᠯᠦᠭᠰᠡᠨ ᠳᠤ ᠨᠢ ᠴᠦᠮ ᠪᠠᠭᠤᠯᠭᠠᠵᠤ ᠲᠠᠭᠤᠰᠬᠠᠪᠠ᠃ ᠡᠭᠦᠨ ᠤ ᠬᠠᠮᠲᠤ᠂ ᠡᠳ᠋ ᠤᠨ ᠵᠠᠰᠠᠭ ᠤᠨ ᠪᠠᠯᠠ | ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ 1 – 8 ᠳ᠋ᠤᠭᠠᠷ ᠰᠠᠷ᠎ᠠ | ᠪᠣᠯᠲᠠᠯ᠎ᠠ᠂ ᠨᠢᠭᠡᠨᠲᠡ 3.83 ᠲᠦᠮᠡᠨ ᠳ᠋ᠦᠩᠰᠢᠭᠤᠷ ᠲᠥᠭᠦᠷᠢᠭ ᠤᠨ ᠰᠢᠭᠤᠳ ᠬᠦᠷᠭᠡᠬᠦ ᠪᠠᠯᠠ ᠮᠥᠩᠭᠦ ᠶᠢ | ᠪᠠᠭᠤᠯᠭᠠᠵᠤ᠂ ᠬᠡᠰᠡᠭ ᠪᠣᠳᠠᠲᠠᠶ ᠳ᠋ᠦᠩᠨᠡᠨ ᠪᠤᠳᠤᠬᠤ ᠲᠥᠷᠥᠯ ᠵᠦᠢᠯ ᠢ ᠪᠦᠬᠦᠨ ᠢ ᠳᠣᠷᠣᠭᠰᠢ ᠪᠠᠭᠤᠯᠭᠠᠵᠤ᠂ | 2023 ᠣᠨ ᠤ ᠰᠢᠭᠤᠳ ᠬᠦᠷᠭᠡᠬᠦ ᠪᠠᠯᠠ ᠮᠥᠩᠭᠦ ᠶᠢᠨ ᠶᠡᠷᠦᠩᠬᠡᠶ ᠬᠡᠪᠴᠢᠶ᠎ᠡ ᠶᠢᠨ 95.1% ᠶᠢ ᠡᠵᠡᠯᠡᠪᠡ᠃ | ᠡᠭᠦᠨ ᠠᠴᠠ ᠭᠠᠳᠠᠨ᠎ᠠ᠂ ᠪᠥᠬᠦ ᠤᠯᠤᠰ ᠤᠨ ᠡᠳ᠋ ᠤᠨ ᠵᠠᠰᠠᠭ ᠤᠨ ᠠᠵᠢᠯᠯᠠᠭᠠᠨ ᠤ ᠬᠢᠨᠠᠨ ᠬᠡᠮᠵᠢᠬᠦ ᠲᠥᠪ ᠢ | ᠪᠠᠶᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠲᠥᠰᠦᠪ ᠤᠨ ᠲᠣᠬᠢᠷᠠᠭᠤᠯᠤᠯᠲᠠ ᠶᠢᠨ ᠡᠬᠢ | ᠡᠭᠦᠰᠦᠯ ᠠᠴᠠ ᠨᠢ ᠡᠴᠦᠰ ᠤᠨ ᠦᠵᠦᠭᠦᠷ ᠤᠨ ᠪᠥᠬᠦ ᠴᠤᠪᠤᠷᠠᠯ ᠤᠨ ᠬᠥᠳᠡᠯᠦᠩᠭᠦᠶ ᠬᠢᠨᠠᠨ ᠬᠡᠮᠵᠢᠯᠲᠡ ᠶᠢ | ᠪᠡᠶᠡᠯᠡᠭᠦᠯᠵᠦ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠡᠷᠲᠡ | ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠵᠦ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠭᠡᠵᠦ ᠬᠡᠯᠡᠵᠡᠢ᠃ | ᠵᠢᠱᠢᠯᠲᠡ ᠠᠴᠠ ᠳᠠᠪᠠᠭᠰᠠᠨ ᠦᠷᠢᠰᠦᠯᠳᠦᠭᠡᠨ ᠢ ᠠᠷᠭᠠᠴᠠᠬᠤ ᠳᠤ ᠮᠦᠨ ᠬᠦ ᠭᠦᠢᠴᠡᠳ ᠲᠦᠷᠦ ᠶᠢᠨ | ᠪᠣᠳᠣᠯᠭ᠎ᠠ ᠶᠢᠨ ᠣᠷᠣᠨ ᠵᠠᠢ ᠲᠠᠢ ᠪᠠᠶᠢᠨ᠎ᠠ | 9 ᠳ᠋ᠦ᠋ᠭᠡᠷ ᠰᠠᠷ᠎ᠠ ᠠᠴᠠ ᠨᠠᠭᠠᠰᠢ᠂ ᠪᠠᠷᠢᠮᠵᠢᠶ᠎ᠠ ᠶᠢ ᠪᠠᠭᠤᠷᠠᠭᠤᠯᠬᠤ ᠵᠡᠷᠭᠡ ᠠᠯᠢ ᠤᠯᠠᠨ ᠮᠥᠩᠭᠦᠨ | ᠭᠦᠢᠯᠭᠡᠭᠡᠨ ᠤ ᠠᠷᠭ᠎ᠠ ᠬᠡᠮᠵᠢᠶ᠎ᠡ ᠨᠢ ᠪᠠᠩᠬᠢ ᠶᠢᠨ ᠰᠢᠰᠲ᠋ᠧᠮ ᠤᠨ ᠭᠦᠢᠯᠭᠡᠭᠡᠨ ᠤ ᠴᠢᠨᠠᠷ ᠤᠨ ᠵᠦᠢ ᠵᠣᠬᠢᠰᠲᠠᠶ ᠪᠥᠭᠡᠳ | ᠭᠦᠢᠴᠡᠳ ᠪᠠᠶᠢᠬᠤ ᠶᠢ ᠪᠠᠲᠤᠯᠠᠵᠤ᠂ ᠲᠤᠬᠢᠷᠠᠮᠵᠢᠳᠠᠢ ᠵᠣᠭᠤᠰ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ | ᠦᠷᠭᠦᠯᠵᠢᠯᠡᠨ ᠪᠤᠢ ᠪᠣᠯᠭᠠᠪᠠ᠃ | ︽ᠲᠣᠭᠲᠠᠭᠤᠨ ᠵᠣᠭᠤᠰᠣᠨ ᠤ ᠲᠥᠷᠥ ᠶᠢᠨ ᠪᠣᠳᠣᠯᠭ᠎ᠠ ᠣᠨᠣᠪᠴᠢᠲᠠᠶ ᠪᠥᠭᠡᠳ ᠬᠦᠴᠦᠲᠡᠶ ᠪᠠᠶᠢᠵᠤ᠂ | ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠬᠦᠴᠦᠲᠡᠶ ᠪᠥᠭᠡᠳ ᠪᠦᠲᠦᠮᠵᠢᠲᠡᠶ ᠠᠷᠭᠠᠴᠠᠭᠠᠵᠤ᠂ | ᠠᠵᠤ ᠠᠬᠤᠶ ᠶᠢᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠪᠠᠬᠢᠵᠢᠭᠦᠯᠪᠡ︾᠃ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠵᠤᠷᠭᠠᠨ ᠤ ᠳᠠᠷᠤᠭ᠎ᠠ ᠽᠸᠦ ᠯᠠᠨ᠂ ᠡᠨᠡ | ᠵᠢᠯ ᠠᠴᠠ ᠨᠠᠭᠠᠰᠢ᠂ ᠵᠣᠭᠤᠰᠣᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠨᠢ ᠲᠦᠭᠡᠮᠡᠯ | ᠬᠠᠷᠠᠭᠠᠯᠵᠠᠯ ᠦᠵᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠵᠡᠷᠭᠡ | ᠭᠤᠤᠯᠳᠠᠯᠭ᠎ᠠ ᠲᠠᠢ ᠬᠦᠷᠢᠶ᠎ᠡ ᠶᠢ ᠣᠨᠣᠪᠴᠢᠲᠠᠶ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠠᠳᠠᠭᠠᠯᠠᠮᠵᠢ ᠶᠢᠨ ᠬᠡᠷᠡᠭᠯᠡᠭᠡ ᠶᠢ ᠬᠡᠷᠡᠭᠯᠡᠬᠦ᠂ ᠪᠠᠯᠠ ᠣᠷᠣᠭᠤᠯᠤᠯᠲᠠ ᠶᠢ | ᠬᠤᠪᠢᠷᠠᠭᠤᠯᠬᠤ ᠶᠢ ᠠᠬᠢᠭᠤᠯᠵᠤ᠂ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠦ ᠪᠠᠶᠢᠨ᠎ᠠ ᠭᠡᠵᠦ ᠬᠡᠯᠡᠵᠡᠢ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠪᠠ ᠦᠢᠯᠡᠳᠬᠦ ᠦᠢᠯᠡᠰ ᠤᠨ ᠳᠤᠮᠳᠠ ᠣᠷᠳᠣ ᠬᠤᠭᠤᠴᠠᠭᠠᠨ ᠤ | ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 24.4% ᠪᠠ 39.5% | ᠨᠡᠮᠡᠭᠳᠡᠵᠦ᠂ ᠪᠥᠬᠦ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠣᠯᠪᠠ︔ 8 ᠳ᠋ᠤᠭᠠᠷ | ᠰᠠᠷ᠎ᠠ ᠳᠤ ᠰᠢᠨ᠎ᠡ ᠪᠠᠷ ᠲᠠᠷᠬᠠᠭᠠᠭᠰᠠᠨ ᠠᠵᠤ ᠠᠬᠤᠶᠢᠯᠠᠯ ᠤᠨ ᠵᠢᠭᠡᠯᠡᠯᠭᠡ ᠪᠠ ᠬᠤᠪᠢ ᠬᠥᠮᠦᠨ ᠤ ᠣᠷᠣᠨ | ᠰᠠᠭᠤᠴᠠ ᠶᠢᠨ ᠵᠢᠭᠡᠯᠡᠯᠭᠡ ᠶᠢᠨ ᠬᠦ᠋ᠦ ᠮᠥᠩᠭᠦ ᠶᠢᠨ ᠨᠣᠷᠮ᠎ᠠ ᠲᠣᠭᠲᠠᠭᠤᠨ ᠤ ᠳᠤᠮᠳᠠ ᠪᠠᠭᠤᠷᠠᠵᠤ ᠪᠠᠶᠢᠨ᠎ᠠ᠃ | ︽ᠵᠣᠭᠤᠰᠤᠨ ᠤ ᠲᠥᠷᠥ ᠶᠢᠨ ᠪᠣᠳᠣᠯᠭ᠎ᠠ ᠨᠢ ᠵᠢᠱᠢᠭᠰᠡᠨ ᠠᠴᠠ ᠬᠡᠲᠦᠷᠡᠭᠰᠡᠨ ᠥᠷᠢᠰᠥᠯᠳᠥᠭᠡᠨ ᠪᠠ | ᠬᠤᠪᠢᠷᠠᠯᠲᠠ ᠶᠢ ᠠᠷᠭᠠᠴᠠᠬᠤ ᠲᠠᠯ᠎ᠠ ᠪᠠᠷ ᠮᠥᠨ ᠬᠦ ᠭᠦᠢᠴᠡᠳ ᠲᠥᠷᠥ ᠶᠢᠨ ᠪᠣᠳᠣᠯᠭ᠎ᠠ ᠶᠢᠨ ᠣᠷᠣᠨ ᠵᠠᠢ ᠲᠠᠢ | ᠪᠠᠶᠢᠨ᠎ᠠ᠃︾ ᠽᠸᠤ ᠯᠠᠨ᠂ ᠳᠤᠮᠳᠠᠳᠤ ᠤᠯᠤᠰ ᠤᠨ ᠠᠷᠠᠳ ᠤᠨ ᠪᠠᠩᠬᠢ ᠲᠣᠭᠲᠠᠭᠤᠨ ᠵᠣᠭᠤᠰᠣᠨ ᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠬᠡᠷᠡᠭᠵᠢᠭᠦᠯᠵᠦ᠂ ᠦᠶᠡᠯᠡᠯ ᠤᠨ | ᠬᠤᠭᠤᠴᠠᠭᠠᠨ ᠤ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡ ᠶᠢ ᠴᠢᠩᠭᠠᠳᠬᠠᠨ᠎ᠠ︔ | ᠬᠠᠳᠠᠭᠠᠯᠠᠯᠲᠠ ᠶᠢᠨ ᠪᠦᠲᠦᠴᠡ ᠶᠢᠨ ᠴᠢᠨᠠᠷᠲᠠᠶ ᠪᠠᠭᠠᠵᠢ ᠶᠢ ᠰᠠᠶᠢᠲᠤᠷ ᠬᠡᠷᠡᠭᠵᠢᠭᠦᠯᠵᠦ᠂ ᠬᠤᠭᠤᠴᠠᠭ᠎ᠠ ᠨᠢ | ᠲᠤᠯᠤᠭᠰᠠᠨ ᠪᠠᠭᠠᠵᠢ ᠶᠢᠨ ᠦᠷᠭᠦᠯᠵᠢᠯᠡᠬᠦ ᠪᠠ ᠤᠷᠲᠤᠳᠬᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠰᠠᠶᠢᠲᠤᠷ | ᠨᠠᠶᠢᠳᠠᠪᠤᠷᠢᠵᠢᠭᠤᠯᠤᠨ᠎ᠠ︔ ᠪᠣᠳᠠᠲᠤ ᠴᠣᠭᠴᠠ ᠶᠢᠨ ᠠᠵᠤ ᠠᠬᠤᠶ ᠶᠢᠨ ᠪᠠᠯᠠ ᠲᠣᠬᠢᠷᠠᠭᠤᠯᠭ᠎ᠠ ᠶᠢᠨ ᠥᠪᠡᠷ ᠤᠨ | ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠬᠥᠲᠥᠯᠥᠨ ᠵᠢᠯᠣᠭᠤᠳᠴᠤ᠂ ᠪᠠᠩᠬᠢ ᠶᠢᠨ ᠦᠯᠡᠳᠡᠭᠡᠯ ᠬᠡᠷ | ᠪᠠᠶᠢᠰᠢᠩ ᠤᠨ ᠵᠢᠭᠡᠯᠡᠯᠭᠡ ᠶᠢᠨ ᠬᠦ᠋ᠦ ᠮᠥᠩᠭᠦ ᠶᠢᠨ ᠨᠣᠷᠮ᠎ᠠ ᠳᠤ ᠢᠳᠡᠪᠬᠢᠲᠡᠶ ᠪᠠᠷ ᠲᠣᠬᠢᠷᠠᠭᠤᠯᠤᠯᠲᠠ ᠬᠢᠬᠦ ᠶᠢ | ᠠᠬᠢᠭᠤᠯᠤᠨ᠎ᠠ ᠭᠡᠵᠦ ᠢᠯᠡᠷᠬᠡᠶᠢᠯᠡᠪᠡ᠃ | 9 ᠳ᠋ᠦ᠋ᠭᠡᠷ ᠰᠠᠷ᠎ᠠ ᠶᠢᠨ 25 ᠤ ᠡᠳᠦᠷ ᠠᠴᠠ ᠡᠬᠢᠯᠡᠨ᠂ ᠤᠯᠤᠰ ᠤᠨ ᠥᠮᠴᠢᠯᠡᠯ ᠤᠨ ᠳᠥᠷᠪᠡᠨ ᠲᠣᠮᠣ ᠪᠠᠩᠬᠢ | ᠬᠠᠳᠠᠭᠠᠯᠠᠮᠵᠢ ᠶᠢᠨ ᠲᠦᠷᠦᠭᠦᠦ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦ᠋ᠦ ᠶᠢᠨ ᠨᠣᠷᠮ᠎ᠠ ᠶᠢ | ᠰᠠᠨᠠᠭᠠᠴᠢᠯᠠᠭ᠎ᠠ ᠠᠴᠠ ᠪᠠᠨ ᠪᠥᠭᠡᠮ ᠢᠶᠠᠷ ᠲᠣᠬᠢᠷᠠᠭᠤᠯᠤᠨ᠎ᠠ᠃ ᠽᠸᠦ ᠯᠠᠨ᠂ ᠵᠢᠱᠢᠯᠲᠠ ᠪᠠᠷ ᠠᠷᠪᠠᠨ ᠤ ᠶᠢᠰᠦᠨ | ᠬᠤᠪᠢ ᠠᠴᠠ ᠳᠡᠭᠡᠭᠰᠢᠬᠢ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠲᠠᠷᠠ ᠲᠠᠷᠤᠢ ᠲᠤᠨᠢ ᠳᠦᠷᠦ ᠶᠢᠨ | ᠪᠤᠲᠤᠯᠭ᠎ᠠ ᠶᠢᠨ ᠠᠰᠢᠭ ᠤᠯᠵᠠᠪᠤᠷᠢ ᠬᠦᠷᠲᠡᠵᠦ ᠪᠤᠯᠤᠨ᠎ᠠ᠂ ︽ᠬᠤᠶᠠᠳᠤᠭᠠᠷ ᠢᠵᠢ ᠶᠢ ᠲᠦᠷᠦᠭᠦᠦ ᠢᠵᠢ ᠳᠤ | ᠰᠢᠯᠵᠢᠭᠦᠯᠬᠦ︾ ᠵᠡᠷᠬᠡ ᠵᠤᠭᠤᠰ ᠵᠢᠭᠡᠯᠡᠭᠴᠢ ᠶᠢᠨ ᠭᠤᠶᠤᠴᠢᠯᠠᠯ ᠭᠠᠷᠭᠠᠬᠤ ᠬᠡᠷᠡᠭᠲᠡᠢ ᠪᠠᠶᠢᠭ᠎ᠠ ᠬᠠᠲᠠᠭᠠᠯᠠᠮᠵᠢ ᠶᠢᠨ | ᠪᠠᠶᠢᠰᠢᠩ ᠤᠨ ᠵᠢᠭᠡᠯᠡᠭᠴᠢ 10 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠬᠦ᠋ᠦ ᠮᠦᠩᠭᠦ ᠶᠢᠨ ᠨᠤᠷᠮ᠎ᠠ ᠳᠤ | ᠳᠤᠭᠢᠷᠠᠭᠤᠯᠤᠯᠲᠠ ᠬᠢᠭᠦ ᠪᠤᠯᠤᠨ᠎ᠠ᠃ | |