︽ ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ︾ | ᠶᠢᠨ ᠠᠷᠠᠪ ᠬᠡᠯᠡ᠂ ᠫᠣᠷᠲ᠋ᠦ᠋ᠭᠠᠯ ᠬᠡᠯᠡ᠂ ᠭᠧᠷᠮᠠᠨ ᠬᠡᠯᠡ᠂ ᠰᠸᠠᠾᠢᠯᠢ ᠬᠡᠯᠡ᠂ ᠦᠷᠳᠦ᠋ ᠬᠡᠯᠡ ᠵᠢᠴᠢ ᠸᠢᠶᠧᠲᠨᠠᠮ | ᠬᠡᠯᠡᠨ ᠤ ᠬᠡᠪᠯᠡᠯ ᠢ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ ᠃ | ︽ ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ︾ | ᠶᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ | ᠨᠠᠶᠢᠷᠠᠭᠤᠯᠵᠤ᠂ 9 ᠲᠤᠰᠬᠠᠢ ᠰᠡᠳᠦᠪ ᠬᠤᠪᠢᠶᠠᠨ᠂ ᠰᠢ ᠶᠢᠨ ᠫᠢᠩ ᠨᠥᠬᠦᠷ ᠤᠨ ᠬᠥᠮᠥᠨ ᠤ ᠡᠷᠬᠡ ᠶᠢ ᠬᠦᠨᠳᠦᠳᠬᠡᠨ | ᠪᠠᠲᠤᠯᠠᠬᠤ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠬᠤᠷᠢᠶᠠᠨ | ᠣᠷᠣᠭᠤᠯᠪᠠ ᠃ ᠲᠤᠰ ᠤᠳᠠᠭ᠎ᠠ ᠶᠢᠨ ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ | ᠤᠯᠤᠰ ᠤᠨ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ | ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠬᠥᠮᠥᠨ ᠤ | ᠡᠷᠬᠡ ᠶᠢ ᠬᠦᠨᠳᠦᠳᠬᠡᠨ ᠪᠠᠲᠤᠯᠠᠭᠰᠠᠨ ᠠᠭᠤᠤ ᠶᠡᠭᠡ ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ | ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ ᠳᠤᠮᠳᠠᠳᠤ ᠤᠯᠤᠰ ᠤᠨ ᠲᠥᠰᠥᠯ ᠢ ᠭᠦᠨᠵᠡᠭᠡᠢ | ᠣᠶᠢᠯᠠᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠦᠵᠡᠯᠲᠡ ᠶᠢᠨ ᠲᠠᠲᠠᠬᠤ | ᠬᠦᠴᠦᠨ᠂ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠲᠤᠰ ᠨᠣᠮ ᠤᠨ ᠠᠩᠭ᠍ᠯᠢ ᠬᠢᠲᠠᠳ᠂ ᠹᠷᠠᠨᠼᠢ ᠬᠢᠲᠠᠳ᠂ ᠤᠷᠤᠰ ᠬᠢᠲᠠᠳ᠂ ᠢᠰᠫᠠᠨᠢ ᠬᠢᠲᠠᠳ᠂ ᠶᠠᠫᠤᠨ | ᠬᠢᠲᠠᠳ ᠬᠠᠷᠢᠴᠠᠭᠤᠯᠤᠭᠰᠠᠨ ᠬᠡᠪᠯᠡᠯ ᠢ 2022 ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ | ᠬᠤᠷᠢᠶ᠎ᠠ ᠠᠴᠠ ᠲᠠᠷᠬᠠᠭᠠᠪᠠ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 19 ᠤ ᠴᠠᠭᠢᠯᠭᠠᠨ ᠮᠡᠳᠡᠭᠡ ︶ | | |