ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 1 ᠤ ᠡᠳᠦᠷ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ | ᠵᠠᠬᠢᠳᠠᠯ ᠢᠯᠡᠭᠡᠨ ᠪᠠᠶᠠᠷ ᠬᠦᠷᠭᠡᠵᠦ ᠂ ᠪᠥᠬᠦ ᠰᠤᠷᠭᠠᠭᠤᠯᠢ ᠶᠢᠨ ᠪᠠᠭᠰᠢ ᠰᠣᠷᠣᠭᠴᠢ ᠠᠵᠢᠯᠲᠠᠨ ᠪᠣᠯᠣᠨ ᠥᠷᠭᠡᠨ | ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠂ 70 ᠵᠢᠯ ᠤᠨ ᠲᠤᠷᠰᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ ᠶᠢ ᠡᠷᠡᠰ | ᠲᠤᠭᠤᠰᠢᠯᠠᠭᠤᠯᠵᠤ ᠂ ︽ ᠬᠠᠷᠪᠢᠨ ᠤ ᠴᠡᠷᠢᠭ ᠤᠨ ᠶᠠᠪᠤᠳᠠᠯ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ︾ ᠶᠢᠨ | ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ | ᠬᠥᠮᠥᠵᠢᠭᠦᠯᠵᠦ ᠂ ᠦᠯᠡᠮᠵᠢ ᠤᠯᠠᠨ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠶᠢ | ᠰᠢᠪᠲᠤᠯᠵᠤ ᠂ ᠦᠯᠡᠮᠵᠢ ᠤᠯᠠᠨ ᠴᠢᠬᠤᠯᠠ ᠶᠡᠭᠡ ᠵᠡᠪᠰᠡᠭ ᠲᠣᠨᠣᠭᠯᠠᠯ ᠢ ᠰᠣᠳᠣᠯᠠᠨ ᠨᠡᠭᠡᠭᠡᠭᠰᠡᠨ ᠦᠷ᠎ᠡ ᠪᠦᠲᠦᠭᠡᠯ | ᠣᠯᠵᠤ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ | ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠪᠠᠷ ᠰᠢᠨ᠎ᠡ ᠭᠠᠷᠤᠭ᠎ᠠ ᠪᠣᠯᠭᠠᠵᠤ ᠂ | ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠂ ᠳᠠᠶᠢᠨ ᠤ ᠲᠥᠯᠥᠭᠡ ᠬᠥᠮᠥᠨ | ᠬᠥᠮᠥᠵᠢᠭᠦᠯᠬᠦ ᠶᠢ ᠪᠠᠷᠢᠮᠲᠠᠯᠠᠵᠤ ᠂ ᠳᠡᠯᠡᠬᠡᠢ ᠶᠢᠨ ᠴᠡᠷᠢᠭ ᠤᠨ ᠶᠠᠪᠤᠳᠠᠯ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠰᠢᠭᠤᠷᠠᠯ ᠳᠤ ᠬᠠᠨᠳᠤᠬᠤ ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠳᠤ ᠬᠠᠨᠳᠤᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ | ᠡᠷᠡᠰ ᠰᠢᠭᠤᠷᠬᠠᠢ ᠪᠠᠷ ᠵᠠᠮ ᠨᠡᠭᠡᠭᠡᠨ ᠤᠷᠤᠭᠰᠢᠯᠠᠵᠤ ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ | ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠠᠯᠬᠤᠴᠠ ᠶᠢ ᠲᠦᠷᠭᠡᠳᠬᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠳᠤᠮᠳᠠ ᠴᠢᠬᠤᠯᠠ ᠦᠢᠯᠡᠳᠦᠯ ᠦᠵᠡᠭᠦᠯᠵᠦ ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠵᠠᠢ ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ | ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ 1 ᠤ ᠦᠳᠡ ᠶᠢᠨ ᠡᠮᠦᠨ᠎ᠡ ᠴᠠᠩᠱᠠ ᠳᠤ | ᠶᠠᠪᠤᠭᠳᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠳᠡᠭᠡᠷ᠎ᠡ ᠰᠢ ᠶᠢᠨ ᠫᠢᠩ | ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ ᠃ ᠲᠡᠷᠡ ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ ᠤᠭ ᠰᠠᠨᠠᠭ᠎ᠠ ᠪᠠᠨ ᠪᠠᠲᠤ ᠰᠠᠬᠢᠵᠤ ᠂ ᠦᠷᠭᠦᠯᠵᠢᠯᠡᠨ ᠲᠡᠮᠡᠴᠡᠵᠦ ᠂ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠬᠤ ᠶᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠪᠦᠬᠦ | ᠦᠢᠯᠡᠳᠦᠯᠭᠡ ᠳᠤ ᠨᠠᠶᠢᠳᠠᠪᠤᠷᠢᠵᠢᠭᠤᠯᠵᠤ ᠂ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠠᠩᠬᠠᠷᠤᠯ ᠢᠶᠠᠨ | ᠲᠥᠪᠯᠡᠷᠡᠭᠦᠯᠦᠨ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ ᠂ ᠰᠤᠷᠭᠠᠭᠤᠯᠢ ᠡᠷᠬᠢᠯᠡᠬᠦ ᠶᠠᠰᠤ | ᠴᠢᠨᠠᠷ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠵᠦ ᠂ ᠳᠡᠯᠡᠬᠡᠢ ᠶᠢᠨ ᠲᠡᠷᠢᠭᠦᠨ ᠵᠡᠷᠭᠡ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ | ᠪᠣᠯ 1953 ᠣᠨ ᠳᠤ ᠬᠠᠷᠪᠢᠨ ᠳᠤ ᠪᠠᠶᠢᠭᠤᠯᠤᠭᠳᠠᠭᠰᠠᠨ ᠴᠡᠷᠢᠭ ᠤᠨ ᠶᠠᠪᠤᠳᠠᠯ ᠤᠨ ᠢᠨᠵᠧᠨᠧᠷᠢᠩ ᠤᠨ ᠳᠡᠭᠡᠳᠦ | ᠰᠤᠷᠭᠠᠭᠤᠯᠢ ᠠᠴᠠ ᠬᠥᠭᠵᠢᠵᠦ ᠢᠷᠡᠵᠡᠢ᠂ ᠲᠡᠷᠡ ᠪᠣᠯ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠭᠤᠳ | ᠬᠠᠷᠢᠶ᠎ᠠ ᠶᠡᠷᠦᠩᠬᠡᠶᠢᠯᠡᠭᠰᠡᠨ ᠴᠢᠨᠠᠷᠲᠠᠢ ᠰᠤᠳᠤᠯᠭᠠᠨ ᠤ ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠰᠤᠷᠭᠠᠭᠤᠯᠢ ᠪᠣᠯᠣᠨ᠎ᠠ᠃ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠲᠤᠷᠰᠢ ᠂ ᠲᠣᠰ ᠰᠤᠷᠭᠠᠭᠤᠯᠢ ᠤᠷᠢᠳ | ᠬᠤᠵᠢᠳ ᠡᠯ᠎ᠡ ᠲᠥᠷᠥᠯ ᠤᠨ ᠴᠢᠳᠠᠪᠤᠷᠢᠲᠠᠨ ᠢ 20 ᠭᠠᠷᠤᠢ ᠲᠦᠮᠨ ᠬᠥᠮᠥᠵᠢᠭᠦᠯᠦᠨ ᠬᠦᠷᠭᠡᠵᠦ ᠂ ᠬᠡᠲᠦ ᠪᠣᠳᠣᠯᠲᠠ ᠂ | ᠳᠠᠭᠠᠭᠤᠯᠢ ᠣᠲᠣ ᠪᠠᠷ ᠵᠠᠮᠴᠢᠯᠠᠬᠤ ᠵᠡᠷᠭᠡ ᠬᠤᠰᠢᠭᠤᠷᠠᠯ ᠬᠦᠷᠢᠶᠡᠨ ᠳᠤ ᠴᠥᠭᠡᠨ ᠪᠤᠰᠤ ᠰᠢᠪᠲᠤᠯᠤᠯᠲᠠ ᠶᠢᠨ | ᠴᠢᠨᠠᠷᠲᠠᠢ ᠦᠷ᠎ᠡ ᠪᠦᠲᠦᠭᠡᠯ ᠣᠯᠪᠠ ᠃ | |