︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠰᠡᠳᠦᠪᠲᠦ ᠲᠡᠭᠦᠪᠦᠷᠢ︾ ᠶᠢᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠢ ᠬᠡᠪᠯᠡᠨ ᠲᠠᠷᠬᠠᠭᠠᠵᠠᠢ
ᠨᠡᠶᠢᠲᠡᠯᠡᠭᠰᠡᠨ ᠴᠠᠭ᠄
2023/9/5
  ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 4 ᠤ ᠴᠠᠭᠢᠯᠭᠠᠨ ᠮᠡᠳᠡᠭᠡ  ᠪᠦᠭᠦ ᠨᠠᠮ ᠤᠨ ᠳᠣᠲᠣᠷ᠎ᠠ ᠭᠦᠨᠵᠡᠭᠡᠢ ᠥᠷᠨᠢᠭᠦᠯᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠬᠠᠮᠵᠢᠯᠴᠠᠬᠤ ᠶᠢᠨ ᠲᠥᠯᠥᠭᠡ ᠂ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠶᠢ ᠵᠢᠯᠣᠭᠤᠳᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠰᠡᠳᠦᠪᠲᠦ ᠲᠡᠭᠦᠪᠦᠷᠢ ︾  ᠶᠢᠨ ᠮᠣᠩᠭᠤᠯ ᠬᠡᠯᠡ ᠂ ᠲᠥᠪᠡᠳ ᠬᠡᠯᠡ ᠂ ᠤᠶᠢᠭᠤᠷ ᠬᠡᠯᠡ ᠂ ᠬᠠᠰᠠᠭ ᠬᠡᠯᠡ ᠂ ᠰᠣᠯᠣᠩᠭᠤᠰ ᠬᠡᠯᠡ ᠂ ᠢ ᠬᠡᠯᠡ ᠂ ᠵᠤᠸᠠᠩ ᠬᠡᠯᠡ ᠵᠡᠷᠭᠡ 7 ᠲᠦᠷᠦᠯ ᠤᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠤᠨ ᠣᠷᠴᠢᠭᠤᠯᠭ᠎ᠠ ᠶᠢᠨ ᠠᠵᠢᠯ ᠢ ᠪᠡᠶᠡᠯᠡᠭᠦᠯᠵᠦ ᠂ ᠡᠨᠡ ᠡᠳᠦᠷ ᠠᠴᠠ ᠡᠬᠢᠯᠡᠨ ᠪᠦᠭᠦ ᠤᠯᠤᠰ ᠲᠤ ᠬᠡᠪᠯᠡᠭᠦᠯᠦᠨ ᠲᠠᠷᠬᠠᠭᠠᠪᠠ ᠃  ︽ᠲᠤᠰᠬᠠᠢ ᠰᠡᠳᠦᠪᠲᠦ ᠲᠡᠭᠦᠪᠦᠷᠢ ︾  ᠶᠢᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠢ ᠬᠡᠪᠯᠡᠨ ᠲᠠᠷᠬᠠᠭᠠᠭᠰᠠᠨ ᠨᠢ ᠴᠥᠭᠡᠨ ᠲᠣᠭᠠᠲᠤ ᠦᠨᠳᠦᠰᠦᠲᠡᠨ ᠤ ᠥᠷᠭᠡᠨ ᠣᠯᠠᠨ ᠨᠠᠮ ᠤᠨ ᠭᠡᠰᠢᠭᠦᠨ ᠂ ᠺᠠᠳ᠋ᠷᠴᠤᠳ ᠤᠨ ︽ᠬᠤᠶᠠᠷ ᠢ ᠲᠣᠭᠲᠠᠭᠠᠭᠰᠠᠨ ︾  ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾  ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾  ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ  ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠦᠨᠡᠨ ᠬᠦ ᠬᠡᠷᠡᠭᠯᠡᠵᠦ ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠶᠢ ᠴᠢᠨᠠᠭᠰᠢᠳᠠ ᠠᠬᠢᠭᠤᠯᠬᠤ ᠪᠣᠯᠣᠨ᠎ᠠ ᠃  ︽ᠲᠤᠰᠬᠠᠢ ᠰᠡᠳᠦᠪᠲᠦ ᠲᠡᠭᠦᠪᠦᠷᠢ ︾  ᠶᠢᠨ ᠮᠣᠩᠭᠤᠯ ᠬᠡᠯᠡ ᠂ ᠲᠥᠪᠡᠳ ᠬᠡᠯᠡ ᠂ ᠤᠶᠢᠭᠤᠷ ᠬᠡᠯᠡ ᠂ ᠬᠠᠰᠠᠭ ᠬᠡᠯᠡ ᠂ ᠰᠣᠯᠣᠩᠭᠤᠰ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠨ ᠲᠠᠷᠬᠠᠭᠠᠪᠠ; ᠢ ᠬᠡᠯᠡ ᠂ ᠵᠤᠸᠠᠩ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠲᠤᠰ ᠲᠤᠰ ᠰᠧᠴᠤᠸᠠᠨ ᠤ ᠦᠨᠳᠦᠰᠦᠲᠡᠨ ᠤ ᠬᠡᠪᠯᠡᠯ ᠤᠨ ᠬᠤᠷᠢᠶ᠎ᠠ ᠂ ᠭᠤᠸᠠᠩᠰᠢ ᠶᠢᠨ ᠦᠨᠳᠦᠰᠦᠲᠡᠨ ᠤ ᠬᠡᠪᠯᠡᠯ ᠤᠨ ᠬᠤᠷᠢᠶ᠎ᠠ ᠲᠠᠢ ᠬᠠᠮᠲᠤᠷᠠᠨ ᠬᠡᠪᠯᠡᠨ ᠲᠠᠷᠬᠠᠭᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号