ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠤᠨ ᠲᠡᠷᠢᠭᠦᠯᠡᠭᠴᠢ ᠰᠪᠧᠯᠢᠶᠠᠯᠢᠼ ᠲᠠᠢ ᠠᠭᠤᠯᠵᠠᠪᠠ ᠃ | | | | | | ᠰᠢ ᠶᠢᠨ ᠫᠢᠩ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠪᠠᠶᠢᠭᠤᠯᠤᠭᠳᠠᠭᠰᠠᠨ 160 ᠵᠢᠯ ᠤᠨ | ᠲᠤᠷᠰᠢ ᠤᠯᠠᠨ ᠤᠯᠤᠰ ᠤᠨ ᠬᠥᠮᠦᠯᠢᠭ ᠦᠵᠡᠯ ᠤᠨ ᠲᠠᠯ᠎ᠠ ᠪᠠᠷ ᠬᠢᠭᠰᠡᠨ ᠦᠷ᠎ᠡ ᠪᠦᠲᠦᠮᠵᠢᠲᠡᠢ ᠠᠵᠢᠯ ᠢ ᠳᠡᠭᠡᠳᠦ | ᠬᠡᠮᠵᠢᠶ᠎ᠡ ᠪᠠᠷ ᠦᠨᠡᠯᠡᠵᠦ ᠂ ᠤᠯᠠᠭᠠᠨ ᠵᠠᠭᠠᠯᠮᠠᠶᠢᠳᠠᠨ ᠤ ᠤᠯᠠᠨ ᠤᠯᠤᠰ ᠤᠨ ᠵᠥᠪᠯᠡᠯ ᠤᠨ ᠳᠡᠯᠡᠬᠡᠢ ᠶᠢᠨ ᠡᠩᠬᠡ | ᠲᠠᠶᠢᠪᠤᠩ ᠪᠣᠯᠣᠨ ᠲᠠᠪᠰᠢᠯᠳᠠ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠮᠠᠭᠲᠠᠨ ᠰᠠᠶᠢᠰᠢᠶᠠᠪᠠ ᠃ | ᠰᠢ ᠶᠢᠨ ᠫᠢᠩ ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ ᠂ ᠬᠥᠮᠥᠨ ᠲᠥᠷᠥᠯᠬᠢᠲᠡᠨ ᠤ ᠨᠡᠶᠢᠭᠡᠮ ᠮᠠᠰᠢ ᠤᠯᠠᠨ ᠥᠷᠢᠰᠦᠯᠳᠦᠭᠡᠨ ᠳᠤ | ᠲᠤᠯᠭᠠᠷᠠᠵᠤ ᠪᠠᠶᠢᠨ᠎ᠠ ᠂ ᠵᠠᠷᠢᠮ ᠨᠢ ᠥᠩᠭᠡᠷᠡᠭᠡᠭᠰᠡᠨ ᠤ ᠬᠢ ᠲᠠᠢ ᠢᠯᠭᠠᠭ᠎ᠠ ᠦᠭᠡᠢ ᠂ ᠵᠠᠷᠢᠮ ᠨᠢ ᠰᠢᠨ᠎ᠡ | ᠥᠷᠢᠰᠦᠯᠳᠦᠭᠡᠨ ᠪᠣᠯᠣᠨ᠎ᠠ ᠃ ᠡᠨᠡ ᠬᠦ ᠪᠠᠶᠢᠳᠠᠯ ᠳᠣᠣᠷ᠎ᠠ ᠂ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ | ᠬᠠᠶᠢᠬᠤᠷᠤᠭᠰᠠᠨ ᠦᠭᠡᠢ ᠪᠢᠰᠢ ᠂ ᠬᠠᠷᠢᠨ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ | ᠰᠢᠢᠳᠪᠦᠷᠢᠯᠡᠬᠦ ᠠᠷᠭ᠎ᠠ ᠵᠠᠮ ᠢ ᠬᠠᠮᠲᠤ ᠪᠠᠷ ᠡᠷᠢᠯᠬᠢᠯᠡᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ ᠃ ᠮᠢᠨᠤ ᠳᠤᠷᠠᠳᠤᠭᠰᠠᠨ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠨᠢ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠠᠵᠤ ᠠᠬᠤᠢ ᠶᠢᠨ ᠬᠥᠭᠵᠢᠯᠲᠡ ᠶᠢ | ᠪᠡᠶᠡᠯᠡᠭᠦᠯᠵᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠲᠡᠭᠦ ᠶᠢ ᠪᠡᠶᠡᠯᠡᠭᠦᠯᠵᠦ ᠂ ᠪᠦᠭᠦ ᠪᠥᠮᠪᠥᠷᠴᠡᠭ ᠤᠨ ᠵᠠᠰᠠᠯᠲᠠ ᠪᠣᠯᠣᠨ ᠬᠥᠮᠦᠯᠢᠭ ᠦᠵᠡᠯ ᠤᠨ ᠠᠰᠠᠭᠤᠳᠠᠯ ᠤᠨ | ᠵᠠᠰᠠᠯᠲᠠ ᠶᠢ ᠴᠢᠩᠭᠠᠳᠬᠠᠬᠤ ᠳᠤ ᠳᠤᠮᠳᠠᠳᠤ ᠤᠯᠤᠰ ᠤᠨ ᠣᠶᠢᠯᠠᠭᠠᠭᠳᠠᠬᠤᠨ ᠂ ᠳᠤᠮᠳᠠᠳᠤ ᠤᠯᠤᠰ ᠤᠨ ᠲᠥᠰᠥᠯ ᠢ | ᠬᠠᠩᠭᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠵᠠᠢ ᠃ | | | | | | ᠰᠢ ᠶᠢᠨ ᠫᠢᠩ ᠂ ᠬᠥᠮᠦᠯᠢᠭ ᠦᠵᠡᠯ ᠪᠣᠯ ᠠᠳᠠᠯᠢ ᠪᠤᠰᠤ ᠪᠣᠯᠪᠠᠰᠤᠨ ᠢ ᠨᠢᠭᠲᠠᠷᠠᠭᠤᠯᠵᠤ ᠳᠡᠶᠢᠯᠭᠦ ᠬᠠᠮᠤᠭ ᠤᠨ | ᠶᠡᠭᠡ ᠬᠠᠮᠲᠤ ᠶᠢᠨ ᠲᠠᠨᠢᠯᠲᠠ ᠮᠥᠨ ᠃ ᠳᠤᠮᠳᠠᠳᠤ ᠶᠢᠨ ᠤᠯᠠᠮᠵᠢᠯᠠᠯᠲᠤ ᠰᠣᠶᠣᠯ ᠳᠤ ᠠᠭᠤᠯᠤᠭᠳᠠᠬᠤ ︽ | ᠥᠷᠥᠰᠢᠶᠡᠯᠲᠦ ᠬᠥᠮᠥᠨ ᠪᠤᠰᠤᠳ ᠢ ᠬᠠᠶᠢᠷᠠᠯᠠᠨ᠎ᠠ︾ ᠂ ︽ ᠥᠪᠡᠷ ᠤᠨ ᠳᠤᠷ᠎ᠠ ᠦᠭᠡᠢ ᠵᠦᠢᠯ ᠢᠶᠠᠨ ᠪᠤᠰᠤᠳ ᠲᠤ | ᠲᠤᠬᠤᠬᠤ ᠦᠭᠡᠢ︾ ᠵᠡᠷᠭᠡ ᠦᠵᠡᠯ ᠰᠠᠨᠠᠭ᠎ᠠ ᠨᠢ ᠳᠡᠯᠡᠬᠡᠢ ᠶᠢᠨ ᠤᠯᠠᠭᠠᠨ ᠵᠠᠭᠠᠯᠮᠠᠶᠢᠳᠠᠨ ᠤ ᠬᠥᠳᠡᠯᠭᠡᠭᠡᠨ ᠤ | ᠵᠣᠷᠢᠯᠲᠠ ᠲᠠᠢ ᠠᠭᠤᠰᠤᠯᠴᠠᠨ ᠨᠡᠪᠲᠡᠷᠡᠯᠴᠡᠵᠦ ᠪᠠᠶᠢᠳᠠᠭ ᠃ ᠳᠤᠮᠳᠠᠳᠤ ᠤᠯᠤᠰ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠪᠠᠷᠢᠮᠲᠠᠯᠠᠵᠤ ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ | ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ ᠲᠤᠰ ᠤᠯᠤᠰ ᠤᠨ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠭᠰᠠᠨ ᠢᠶᠠᠷ ᠪᠠᠷᠠᠬᠤ | ᠦᠭᠡᠢ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠪᠦᠭᠦ ᠪᠥᠮᠪᠥᠷᠴᠡᠭ ᠤᠨ ᠬᠥᠮᠦᠯᠢᠭ ᠦᠵᠡᠯ ᠤᠨ | ᠲᠤᠰᠠᠯᠠᠮᠵᠢ ᠶᠢᠨ ᠠᠵᠢᠯᠯᠠᠭ᠎ᠠ ᠶᠢ ᠥᠷᠨᠢᠭᠦᠯᠪᠡ ᠃ ᠳᠤᠮᠳᠠᠳᠤ ᠤᠯᠤᠰ ᠪᠣᠯ ᠳᠡᠯᠡᠬᠡᠢ ᠶᠢᠨ ᠬᠥᠮᠦᠯᠢᠭ ᠦᠵᠡᠯ ᠤᠨ | ᠦᠢᠯᠡᠰ ᠤᠨ ᠢᠳᠡᠪᠬᠢᠲᠡᠢ ᠬᠦᠷᠢᠶᠡᠯᠡᠭᠴᠢ ᠂ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ ᠭᠡᠳᠡᠭ ᠢ | ᠪᠣᠳᠠᠲᠤ ᠬᠡᠷᠡᠭ ᠭᠡᠷᠡᠴᠢᠯᠡᠭᠰᠡᠨ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠤᠯᠠᠭᠠᠨ ᠵᠠᠭᠠᠯᠮᠠᠶᠢᠲᠠᠨ ᠤ ᠣᠯᠠᠨ | ᠤᠯᠤᠰ ᠤᠨ ᠵᠥᠪᠯᠡᠯ ᠲᠠᠢ ᠤᠯᠠᠮ ᠨᠢᠭᠲᠠ ᠬᠠᠮᠲᠤᠷᠠᠯᠴᠠᠵᠤ ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠵᠠᠢ ᠃ | ᠰᠪᠧᠯᠢᠶᠠᠯᠢᠼ ᠂ ᠳᠤᠮᠳᠠᠳᠤ ᠤᠯᠤᠰ ᠤᠨ 49 ᠳ᠋ᠦ᠋ᠭᠡᠷ ᠬᠤᠭᠤᠴᠠᠭᠠᠨ ᠤ ᠨᠠᠨᠲ᠋ᠢᠩᠧᠯ ᠱᠠᠩᠨᠠᠯ ᠢ ᠭᠥᠷᠳᠡᠭᠰᠡᠨ | ᠬᠥᠮᠥᠨ ᠤ ᠲᠤᠭ᠎ᠠ ᠪᠠᠷ ᠬᠠᠮᠤᠭ ᠤᠨ ᠣᠯᠠᠨ ᠤᠯᠤᠰ ᠪᠣᠯᠤᠭᠰᠠᠨ ᠳᠤ ᠪᠠᠶᠠᠷ ᠬᠦᠷᠭᠡᠵᠦ ᠪᠠᠶᠢᠨ᠎ᠠ ᠂ ᠡᠨᠡ ᠨᠢ ᠤᠯᠠᠭᠠᠨ | ᠵᠠᠭᠠᠯᠮᠠᠶᠢᠲᠠᠨ ᠤ ᠣᠯᠠᠨ ᠤᠯᠤᠰ ᠤᠨ ᠵᠥᠪᠯᠡᠯ ᠪᠣᠯᠣᠨ ᠳᠡᠯᠡᠬᠡᠢ ᠨᠡᠶᠢᠲᠡ ᠶᠢᠨ ᠬᠢᠨ ᠳᠤᠮᠳᠠᠳᠤ ᠤᠯᠤᠰ ᠤᠨ | ᠬᠥᠮᠦᠯᠢᠭ ᠦᠵᠡᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠮᠡᠳᠡᠷᠡᠵᠦ | ᠪᠠᠶᠢᠬᠤ ᠶᠢ ᠬᠠᠷᠠᠭᠤᠯᠵᠤ ᠪᠠᠶᠢᠨ᠎ᠠ ᠃ ᠳᠤᠮᠳᠠᠳᠤ ᠤᠯᠤᠰ ᠤᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ | ᠢᠮᠠᠭᠲᠠ ᠬᠦᠨᠳᠦᠳᠬᠡᠨ ᠬᠡᠷᠡᠭᠵᠢᠭᠦᠯᠦᠭᠰᠡᠭᠡᠷ ᠢᠷᠡᠵᠠᠢ ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠨᠢ ᠳᠡᠯᠡᠬᠡᠢ ᠶᠢᠨ ᠬᠥᠭᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠮᠦᠯᠢᠭ ᠦᠵᠡᠯ ᠤᠨ | ᠦᠢᠯᠡᠰ ᠲᠤ ᠬᠦᠴᠦᠨ ᠨᠡᠮᠡᠷᠢᠯᠡᠪᠡ ᠃ ᠤᠯᠠᠨ ᠤᠯᠤᠰ ᠤᠨ ᠬᠥᠮᠦᠯᠢᠭ ᠦᠵᠡᠯ ᠤᠨ ᠦᠢᠯᠡᠰ ᠲᠤ ᠦᠵᠡᠭᠦᠯᠦᠭᠰᠡᠨ | ᠳᠤᠮᠳᠠᠳᠤ ᠤᠯᠤᠰ ᠤᠨ ᠢᠳᠡᠪᠬᠢᠲᠡᠢ ᠦᠢᠯᠡᠳᠦᠯ ᠪᠣᠯᠣᠨ ᠴᠢᠬᠤᠯᠠ ᠬᠤᠪᠢ ᠨᠡᠮᠡᠷᠢ ᠶᠢ ᠤᠯᠠᠭᠠᠨ ᠵᠠᠭᠠᠯᠮᠠᠶᠢᠳᠠᠨ ᠤ | ᠤᠯᠠᠨ ᠤᠯᠤᠰ ᠤᠨ ᠵᠥᠪᠯᠡᠯ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠵᠢᠴᠢ ᠤᠯᠠᠨ | ᠤᠯᠤᠰ ᠤᠨ ᠬᠥᠮᠦᠯᠢᠭ ᠦᠵᠡᠯ ᠤᠨ ᠦᠢᠯᠡᠰ ᠢ ᠠᠬᠢᠭᠤᠯᠬᠤ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠬᠤ ᠪᠠᠨ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | |