ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠵᠠᠩ ᠰᠢᠨ︶ 9 ᠳ᠋ᠦ᠋ᠭᠡᠷ ᠰᠠᠷ᠎ᠠ ᠶᠢᠨ 7 ᠤ ᠡᠳᠦᠷ᠂ | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠰᠢᠷᠢᠰ ᠶᠠᠷᠢᠶᠠᠨ ᠤ | ᠲᠠᠪᠴᠠᠩ — ᠭᠤᠸᠠᠩᠳᠦ᠋ᠩ ᠤᠨ ᠠᠷᠠᠯᠵᠢᠶᠠᠨ ᠤ ᠪᠥᠬᠦ ᠤᠯᠤᠰ ︵ᠥᠪᠥᠷ ᠮᠣᠩᠭᠤᠯ︶ ᠤᠨ ᠠᠵᠤ ᠠᠬᠤᠶ | ᠠᠷᠠᠯᠵᠢᠶᠠᠨ ᠤ ᠰᠣᠯᠢᠯᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ᠭᠤᠸᠠᠩᠳᠦ᠋ᠩ᠂ | ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠤᠨ ᠭᠡᠷ᠎ᠡ ᠲᠣᠭᠲᠠᠵᠤ ᠪᠠᠯᠠ ᠣᠷᠣᠭᠤᠯᠬᠤ ᠪᠠ | ᠬᠤᠳᠠᠯᠳᠤᠨ ᠠᠪᠬᠤ ᠪᠣᠷᠣᠯᠠᠭᠤᠯᠬᠤ ᠲᠥᠷᠥᠯ ᠵᠦᠢᠯ 26 ᠪᠠᠶᠢᠵᠤ᠂ ᠵᠣᠭᠤᠰ ᠤᠨ ᠲᠤᠭ᠎ᠠ ᠨᠢ 153.74 | ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠪᠡᠯᠡ ᠣᠷᠣᠭᠤᠯᠤᠨ ᠬᠠᠮᠲᠤᠷᠠᠯᠴᠠᠬᠤ ᠲᠥᠷᠥᠯ ᠵᠦᠢᠯ 6 | ᠪᠠᠶᠢᠵᠤ᠂ ᠰᠠᠨᠠᠮᠵᠢ ᠶᠢᠨ ᠲᠤᠭ᠎ᠠ 61.94 ᠳ᠋ᠦᠩᠰᠢᠭᠤᠷ ᠲᠥᠭᠦᠷᠢᠭ᠂ ᠬᠤᠳᠠᠯᠳᠤᠨ ᠠᠪᠴᠤ ᠪᠣᠷᠣᠯᠠᠭᠤᠯᠬᠤ | ᠬᠠᠮᠲᠤᠷᠠᠯᠴᠠᠭᠠᠨ ᠤ ᠲᠥᠷᠥᠯ ᠵᠦᠢᠯ 20 ᠪᠠᠶᠢᠵᠤ᠂ ᠰᠠᠨᠠᠮᠵᠢ ᠶᠢᠨ ᠲᠤᠭ᠎ᠠ 91.8 ᠳ᠋ᠦᠩᠰᠢᠭᠤᠷ ᠲᠥᠭᠦᠷᠢᠭ | ᠪᠠᠶᠢᠨ᠎ᠠ᠃ ᠲᠥᠷᠥᠯ ᠵᠦᠢᠯ ᠨᠢ ᠡᠨᠧᠷᠭᠢ ᠠᠭᠤᠷᠬᠠᠢ ᠶᠢᠨ ᠭᠠᠷᠤᠯᠲᠠ᠂ ᠣᠨᠴᠠᠯᠢᠭᠲᠤ ᠢᠳᠡᠭᠡᠨ᠂ ᠬᠤᠳᠠᠯᠳᠤᠭᠠᠨ ᠤ | ᠪᠡᠯᠡ ᠣᠷᠣᠭᠤᠯᠤᠯᠲᠠ ᠵᠡᠷᠭᠡ ᠣᠯᠠᠨ ᠬᠦᠷᠢᠶ᠎ᠡ ᠶᠢ ᠬᠠᠮᠤᠷᠴᠠᠶ᠃ | | | | | | ︽ᠥᠪᠥᠷ ᠮᠣᠩᠭᠤᠯ ᠪᠣᠯᠤᠨ ᠭᠤᠸᠠᠩᠳᠦ᠋ᠩ ᠮᠤᠵᠢ ᠶᠢᠨ ᠡᠯ᠎ᠡ ᠬᠦᠷᠢᠶᠡᠨ ᠳᠤ ᠢᠮᠠᠭᠲᠠ ᠨᠢᠭᠲᠠ | ᠬᠠᠮᠲᠤᠷᠠᠯᠴᠠᠭ᠎ᠠ ᠪᠠᠨ ᠪᠠᠲᠤᠯᠠᠭᠰᠠᠭᠠᠷ ᠢᠷᠡᠵᠡᠢ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠪᠣᠯᠤᠨ | ᠭᠤᠸᠠᠩᠳᠦ᠋ᠩ ᠬᠠᠮᠲᠤ ᠪᠠᠷ 2023 ᠭᠤᠸᠠᠩᠳᠦ᠋ᠩ ᠥᠪᠥᠷ ᠮᠣᠩᠭᠤᠯ ᠤᠨ ︿ᠵᠠᠭᠤᠨ ᠲᠦᠮᠡᠨ ᠬᠥᠮᠦᠨ ᠤ | ᠬᠠᠷᠢᠯᠴᠠᠨ ᠵᠤᠭᠠᠴᠠᠯ﹀ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠮᠢᠳᠤ ᠪᠣᠳᠠᠰ ᠤᠨ ᠴᠠᠭᠢᠮ᠂ ᠬᠡᠰᠡᠭ | ᠣᠷᠣᠨ ᠤ ᠬᠡᠯᠬᠢᠶ᠎ᠡ ᠵᠡᠷᠭᠡ ᠬᠦᠷᠢᠶᠡᠨ ᠳᠤ ᠬᠠᠮᠲᠤᠪᠡᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠬᠠᠮᠲᠤ ᠪᠠᠷ ᠥᠷᠨᠢᠭᠦᠯᠵᠦ᠂ 2023 ᠭᠤᠸᠠᠩᠳᠦ᠋ᠩ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠶ ᠶᠢᠨ | ᠠᠵᠤ ᠦᠢᠯᠡᠰ ᠤᠨ ᠶᠡᠭᠡ ᠬᠤᠷᠠᠯ ᠢ ᠬᠤᠷᠠᠯᠳᠤᠭᠤᠯᠵᠤ᠂ ᠰᠤᠷᠭᠠᠨ ᠬᠥᠮᠦᠵᠢᠯ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠨ ᠳᠠᠬᠢ ᠴᠢᠳᠠᠪᠤᠷᠢᠲᠠᠨ ᠤ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ | ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢᠭᠡᠨᠲᠡ ᠲᠠᠪᠤᠨ ᠵᠢᠯ ᠳᠠᠷᠠᠭᠠᠯᠠᠨ | ᠭᠤᠸᠠᠩᠳᠦ᠋ᠩ ᠳᠤ ︿ᠥᠪᠥᠷ ᠮᠣᠩᠭᠤᠯ ᠤᠨ ᠦᠨᠦᠷ ᠠᠮᠲᠠ﹀ ᠶᠢᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ ᠢ | ᠵᠣᠬᠢᠶᠠᠨ ᠪᠠᠶᠢᠭᠤᠯᠵᠤ᠂ ᠳᠠᠷᠠᠭ᠎ᠠ ᠰᠠᠷ᠎ᠠ ᠳᠤ ᠪᠠᠰᠠ ᠭᠤᠸᠠᠩᠳᠦ᠋ᠩ ᠰᠢᠶᠠᠩᠭᠠᠩ ᠣᠣᠮᠧᠨ ᠶᠡᠭᠡ ᠣᠷᠣᠨ ᠤ ᠲᠤᠰᠬᠠᠶ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃︾ ᠭᠡᠵᠦ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ | ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ ᠭᠡᠵᠡᠢ᠃ ᠤᠢᠢᠷ᠎ᠠ ᠶᠢᠨ | ᠵᠢᠯ ᠠᠴᠠ᠂ ᠥᠪᠥᠷ ᠮᠣᠩᠭᠤᠯ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ | ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠪᠠ᠃ ᠪᠣᠬᠢᠷᠳᠦᠯ ᠦᠭᠡᠢ ᠠᠵᠦ ᠦᠢᠯᠡᠰ ᠤᠨ ᠳᠡᠪᠡᠭᠤᠯᠢᠭ ᠢᠶᠠᠨ ᠳᠠᠰᠣᠷᠡᠯᠳᠡ ᠦᠭᠡᠢ ᠪᠠᠬᠢᠵᠢᠬᠦᠯᠥᠨ | ᠳᠡᠭᠡᠭᠰᠢᠯᠡᠬᠦᠯᠵᠦ᠂ ᠣᠯᠠᠮᠵᠢᠯᠠᠯᠳᠣ ᠠᠵᠦ ᠦᠢᠯᠡᠳᠪᠦᠷᠢ ᠶᠢᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ | ᠳᠦᠷᠭᠡᠳᠭᠡᠨ᠂ ᠣᠳᠣ ᠦᠶ᠎ᠠ ᠶᠢᠨ ᠦᠢᠯᠡᠴᠢᠯᠡᠭᠡᠨ ᠤ ᠦᠢᠯᠡᠰ ᠢ ᠶᠡᠭᠡᠪᠡᠷ ᠬᠦᠭᠵᠢᠬᠦᠯᠵᠦ᠂ ᠲᠣᠭᠠᠴᠠᠯᠬᠠᠰᠠᠨ ᠦᠪᠤᠷ | ᠮᠣᠩᠭᠤᠯ ᠤᠨ ᠪᠦᠳᠦᠭᠡᠨ ᠪᠠᠶᠢᠭᠤᠯᠥᠯᠳᠡ ᠶᠢ ᠠᠬᠢᠭᠤᠯᠥᠨ᠎ᠠ᠃ ᠪᠣᠬᠢᠷᠳᠦᠯ ᠦᠭᠡᠢ ᠠᠵᠦ ᠦᠢᠯᠡᠰ ᠤᠨ | ᠳᠡᠪᠡᠭᠤᠯᠢᠭ ᠢᠶᠠᠨ ᠳᠠᠰᠣᠷᠡᠯᠳᠡ ᠦᠭᠡᠢ ᠪᠠᠬᠢᠵᠢᠬᠦᠯᠥᠨ ᠳᠡᠭᠡᠭᠰᠢᠯᠡᠬᠦᠯᠵᠦ᠂ ᠣᠯᠠᠮᠵᠢᠯᠠᠯᠳᠣ ᠠᠵᠦ ᠦᠢᠯᠡᠳᠪᠦᠷᠢ ᠶᠢᠨ | ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠳᠦᠷᠭᠡᠳᠭᠡᠨ᠂ ᠣᠳᠣ ᠦᠶ᠎ᠠ ᠶᠢᠨ ᠦᠢᠯᠡᠴᠢᠯᠡᠭᠡᠨ ᠤ | ᠦᠢᠯᠡᠰ ᠢ ᠶᠡᠭᠡᠪᠡᠷ ᠬᠦᠭᠵᠢᠬᠦᠯᠵᠦ᠂ ᠲᠣᠭᠠᠴᠠᠯᠬᠠᠰᠠᠨ ᠦᠪᠤᠷ ᠮᠣᠩᠭᠤᠯ ᠤᠨ ᠪᠦᠳᠦᠭᠡᠨ ᠪᠠᠶᠢᠭᠤᠯᠥᠯᠳᠡ ᠶᠢ | ᠠᠬᠢᠭᠤᠯᠥᠨ᠎ᠠ︔ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ ᠬᠡᠯᠬᠢᠶ᠎ᠡ ᠶᠢ ᠠᠯᠬᠤᠮ ᠠᠯᠬᠤᠮ ᠢᠶᠠᠷ | ᠤᠷᠲᠤᠳᠬᠠᠵᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠡᠯᠬᠢᠶᠡᠵᠢᠭᠰᠡᠨ ᠮᠠᠶ᠋ᠢᠭ ᠢᠶᠠᠷ | ᠬᠤᠳᠠᠯᠳᠤᠭᠠᠴᠢᠨ ᠤᠷᠢᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠠᠯᠠᠲᠤ ᠬᠠᠮᠲᠤᠷᠠᠯᠴᠠᠭᠠᠨ ᠤ ᠵᠠᠬ᠎ᠠ | ᠳᠡᠯᠭᠡᠭᠦᠷ ᠢ ᠥᠷᠭᠡᠳᠬᠡᠨ᠎ᠡ︔ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠬᠦᠴᠦᠯᠡᠨ ᠪᠤᠢ ᠪᠣᠯᠭᠠᠵᠤ᠂ ᠡᠯ᠎ᠡ ᠵᠦᠢᠯ ᠤᠨ ᠠᠵᠢᠯ ᠳᠤ ᠴᠥᠮ ᠮᠠᠰᠢ ᠰᠠᠶᠢᠨ ᠦᠷ᠎ᠡ ᠪᠦᠲᠦᠮᠵᠢ ᠤᠯᠪᠠ᠃ ᠲᠣᠰ | ᠤᠳᠠᠭᠠᠨ ᠤ ᠠᠵᠢᠯᠯᠠᠭ᠎ᠠ ᠨᠢ ᠰᠢᠨ᠎ᠡ ᠱᠠᠲᠤ ᠦᠶ᠎ᠡ ᠶᠢᠨ ᠭᠤᠸᠠᠩᠳᠦ᠋ᠩ ᠥᠪᠥᠷ ᠮᠣᠩᠭᠤᠯ ᠤᠨ ᠬᠠᠮᠵᠢᠯᠴᠠᠭ᠎ᠠ ᠳᠤ | ᠨᠠᠩ ᠨᠡᠭᠡᠭᠡᠯᠲᠡᠲᠡᠶ᠂ ᠪᠣᠳᠠᠲᠠᠶ ᠶᠢ ᠡᠷᠬᠢᠮᠯᠡᠬᠦ᠂ ᠬᠠᠷᠢᠯᠴᠠᠨ ᠠᠰᠢᠭᠲᠠᠶ ᠬᠠᠮᠲᠤᠷᠠᠯᠴᠠᠨ ᠵᠣᠯᠭᠠᠭᠤᠯᠬᠤ ᠲᠠᠪᠴᠠᠩ ᠢ | ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠨᠡᠩ ᠥᠷᠭᠡᠨ ᠬᠦᠷᠢᠶ᠎ᠡ᠂ ᠨᠡᠩ ᠳᠡᠭᠡᠳᠦ ᠳᠡᠰ ᠳᠠᠪᠬᠤᠷᠭ᠎ᠠ ᠶᠢᠨ ᠲᠠᠯ᠎ᠠ ᠪᠠᠷ | ᠠᠵᠤ ᠦᠢᠯᠡᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠤᠨ᠎ᠠ᠃ ᠥᠪᠥᠷ | ᠮᠣᠩᠭᠤᠯ ᠨᠠᠩ ᠨᠡᠭᠡᠭᠡᠯᠲᠡᠲᠡᠶ ᠳᠦᠷᠢ ᠲᠥᠷᠬᠦ᠂ ᠨᠠᠩ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠪᠠ ᠨᠠᠩ | ᠰᠢᠯᠢᠳᠡᠭ ᠦᠢᠯᠡᠴᠢᠯᠡᠭᠡ ᠪᠠᠷ ᠭᠤᠸᠠᠩᠳᠦ᠋ᠩ ᠤᠨ ᠡᠯ᠎ᠡ ᠡᠲᠡᠭᠡᠳ ᠤᠨ ᠬᠥᠮᠦᠰ ᠢᠷᠡᠵᠦ ᠲᠣᠭᠤᠷᠢᠨ ᠦᠵᠡᠵᠦ᠂ | ᠵᠥᠪᠳᠡᠯᠴᠡᠨ ᠬᠠᠮᠲᠤᠷᠠᠯᠴᠠᠵᠤ᠂ ᠪᠡᠯᠡ ᠣᠷᠣᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠪᠠᠶᠠᠷᠯᠠᠨ | ᠤᠭᠲᠤᠵᠤ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠪᠥᠬᠦ ᠶᠠᠪᠤᠴᠠ ᠶᠢᠨ | ᠨᠠᠷᠢᠯᠢᠬᠵᠢᠭᠤᠯᠤᠭᠰᠠᠨ ᠪᠠᠲᠤᠯᠠᠭ᠎ᠠ ᠶᠢᠨ ᠦᠢᠯᠡᠴᠢᠯᠡᠭᠡ ᠶᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ | ᠬᠢᠵᠦ᠂ ᠭᠤᠸᠠᠩᠳᠦ᠋ᠩ ᠥᠪᠥᠷ ᠮᠣᠩᠭᠤᠯ ᠤᠨ ᠬᠠᠮᠵᠢᠯᠴᠠᠭ᠎ᠠ ᠶᠢ ᠨᠠᠩ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠢ | ᠨᠠᠩ ᠡᠯᠪᠡᠭ ᠪᠠᠶᠠᠯᠢᠭ ᠪᠣᠯᠭᠠᠨ᠎ᠠ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠦᠵᠢᠶᠠᠩ ᠮᠥᠷᠡᠨ ᠤ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠶᠢᠨ ᠪᠦᠯᠦᠭᠯᠡᠯ᠂ ᠸᠧᠢ ᠷᠦᠢ ᠰᠢᠨᠵᠢᠯᠡᠬᠦ ᠤᠬᠠᠭᠠᠨ ᠮᠡᠷᠭᠡᠵᠢᠯ᠂ ᠶᠦᠩ ᠯᠢ ᠵᠢᠶᠠᠨ ᠬᠦᠩᠭᠡᠨᠴᠠᠭᠠᠨ ᠤ | ᠦᠢᠯᠡᠰ ᠵᠡᠷᠭᠡ ᠨᠡᠷᠡᠳᠦ ᠭᠤᠸᠠᠩᠳᠦ᠋ᠩ ᠤᠨ ᠠᠵᠤ ᠠᠬᠤᠶᠢᠯᠠᠯ ᠢᠳᠡᠪᠬᠢᠲᠡᠢ ᠪᠠᠷ ᠤᠬᠠᠭᠤᠯᠤᠨ ᠲᠠᠨᠢᠯᠴᠠᠭᠤᠯᠵᠤ᠂ | ᠭᠦᠨᠵᠡᠭᠡᠢ ᠤᠯᠤᠯᠴᠠᠬᠤ᠂ ᠵᠥᠪᠳᠡᠯᠴᠡᠬᠦ ᠪᠠᠷ ᠳᠠᠮᠵᠢᠭᠤᠯᠵᠤ᠂ ᠭᠤᠸᠠᠩᠳᠦ᠋ᠩ ᠤᠨ ᠠᠵᠤ ᠦᠢᠯᠡᠰ ᠤᠨ | ᠬᠥᠭᠵᠢᠯᠲᠡ ᠶᠢᠨ ᠢᠷᠡᠭᠡᠳᠦᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠳᠠᠪᠠᠭᠤᠯᠢᠭ ᠪᠣᠯᠤᠨ ᠠᠵᠤ | ᠠᠬᠤᠶᠢᠯᠠᠯ ᠤᠨ ᠬᠥᠭᠵᠢᠯᠲᠡ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠮᠢᠳᠤᠯᠢᠭ ᠢᠶᠠᠷ ᠢᠯᠡᠷᠡᠭᠦᠯᠵᠦ᠂ | ᠭᠤᠸᠠᠩᠳᠦ᠋ᠩ ᠤᠨ ᠴᠢᠨᠠᠷ ᠰᠠᠶᠢᠲᠠᠢ ᠬᠥᠭᠵᠢᠯᠲᠡ ᠪᠣᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠢᠲᠡᠭᠡᠯ ᠵᠣᠷᠢᠭ ᠢ ᠨᠡᠩ ᠪᠠᠲᠤᠳᠬᠠᠪᠠ᠃ | | | | | | ᠬᠤᠷᠠᠯ ᠳᠤ ᠣᠷᠣᠯᠴᠠᠭᠰᠠᠨ ᠬᠤᠳᠠᠯᠳᠤᠭᠠᠴᠢᠳ ᠠᠰᠢᠭᠲᠠᠢ ᠴᠠᠭ ᠲᠣᠬᠢᠶᠠᠯ ᠢ ᠠᠮᠵᠢᠵᠤ᠂ ᠲᠦᠷᠦ ᠶᠢᠨ | ᠪᠤᠳᠤᠯᠭ᠎ᠠ ᠶᠢᠨ ᠠᠰᠢᠭ ᠲᠤᠰᠠ ᠪᠣᠯᠤᠨ ᠡᠯᠧᠮᠧᠨ᠋ᠲ ᠤᠨ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠬᠠᠮᠲᠤᠪᠠᠷ ᠭᠦᠨᠵᠡᠭᠡᠢ ᠨᠡᠭᠡᠭᠡᠵᠦ᠂ ᠬᠥᠭᠵᠢᠯᠲᠡ ᠶᠢᠨ | ᠰᠢᠨ᠎ᠡ ᠳᠠᠪᠠᠭᠤᠯᠢᠭ ᠢ ᠡᠭᠦᠳᠦᠨ᠎ᠡ ᠭᠡᠵᠦ ᠢᠯᠡᠳᠬᠡᠵᠡᠭᠡᠪᠡ᠃ | | | | | | ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠭᠤᠣᠯ ᠵᠣᠴᠢᠨ | ᠮᠣᠵᠢ ᠪᠣᠯᠤᠭᠰᠠᠨ ᠤ ᠬᠤᠪᠢ ᠳᠤ᠂ ᠭᠤᠸᠠᠩᠳᠦ᠋ᠩ ᠤᠨ ᠬᠢᠨ ︽ᠪᠦᠬᠦ ᠤᠯᠤᠰ ᠤᠨ ᠭᠤᠸᠠᠩᠳᠦ᠋ᠩ ᠠᠷᠠᠯᠵᠢᠶ᠎ᠠ ᠂ | ᠭᠤᠸᠠᠩᠳᠦ᠋ᠩ ᠤᠨ ᠦᠢᠯᠡᠳᠬᠦᠨ ᠭᠤᠸᠠᠩᠳᠦ᠋ᠩ ᠤᠨ ᠭᠤᠶᠤ ᠰᠠᠶᠢᠬᠠᠨ︾ ᠢᠶᠠᠷ ᠭᠤᠣᠯ ᠰᠡᠳᠦᠪ ᠪᠣᠯᠭᠠᠵᠤ᠂ ᠯᠢᠩ | ᠨᠠᠨ ᠤ ᠣᠨᠴᠠᠯᠢᠭ ᠪᠦᠬᠦᠢ ᠭᠤᠸᠠᠩᠳᠦ᠋ᠩ ᠣᠷᠳᠣᠨ ᠢ ᠪᠠᠶᠢᠭᠤᠯᠵᠤ᠂ ᠦᠵᠡᠭᠦᠯᠦᠯᠭᠡ ᠳᠤ ᠣᠷᠣᠯᠴᠠᠭᠰᠠᠨ | ᠲᠠᠯᠠᠪᠠᠢ ᠨᠢ 500 ᠳᠥᠷᠪᠡᠯᠵᠢᠨ ᠮᠧᠲᠷ ᠲᠤ ᠬᠦᠷᠴᠦ᠂ ︽ᠳᠡᠭᠡᠳᠦ᠂ ᠰᠢᠨ᠎ᠡ᠂ ᠰᠢᠯᠢᠳᠡᠭ᠂ ᠣᠨᠴᠠᠭᠠᠢ︾ | ᠰᠢᠯᠢᠳᠡᠭ ᠭᠤᠸᠠᠩᠳᠦ᠋ᠩ ᠪᠠᠷᠠᠭ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠪᠥᠭᠡᠳ ᠥᠩᠭᠡᠷᠡᠭᠰᠡᠨ ᠵᠢᠯ ᠤᠨ | ᠰᠠᠭᠤᠷᠢᠨ ᠳᠡᠭᠡᠷ᠎ᠡ ᠲᠣᠭᠠᠴᠢᠯᠠᠭᠰᠠᠨ ᠬᠦᠷᠢᠶ᠎ᠡ ᠬᠡᠪᠴᠢᠶᠡᠨ ᠳᠠᠬᠢ ᠬᠥᠳᠡᠯᠭᠡᠭᠡᠨᠲᠦ ᠡᠯᠧᠮᠧᠨ᠋ᠲ ᠢ ᠨᠡᠮᠡᠨ ᠪᠠᠶᠢᠭᠤᠯᠵᠤ᠂ | ᠳᠡᠯᠭᠡᠨ ᠦᠵᠡᠭᠦᠯᠦᠭᠰᠡᠨ ᠪᠦᠲᠦᠭᠡᠭᠳᠡᠬᠦᠨ ᠨᠢ ᠲᠡᠷᠢᠭᠦᠨ ᠤ ᠦᠢᠯᠡᠳᠬᠡᠯ᠂ ᠡᠯᠧᠺᠲᠷᠣᠨ ᠮᠡᠳᠡᠭᠡ ᠵᠠᠩᠭᠢ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠳᠡᠭᠡᠳᠦ ᠳᠡᠰ ᠤᠨ ᠬᠡᠷᠡᠭᠯᠡᠭᠡᠨ ᠤ ᠵᠦᠢᠯ᠂ ᠬᠠᠭᠤᠴᠢᠨ ᠨᠡᠷᠡᠲᠦ᠂ ᠭᠡᠷ ᠤᠨ ᠴᠠᠬᠢᠯᠭᠠᠨ | ᠬᠡᠷᠡᠭᠰᠡᠯ᠂ ᠴᠠᠭ ᠤᠨ ᠤᠷᠤᠰᠬᠠᠯ ᠤᠨ ᠠᠮᠢᠳᠤᠷᠠᠯ᠂ ᠤᠯᠤᠰ ᠤᠨ ᠤᠷᠤᠰᠬᠠᠯ ᠲᠠᠸᠠᠷ ᠵᠡᠷᠭᠡ ᠣᠯᠠᠨ ᠬᠦᠷᠢᠶ᠎ᠡ | ᠬᠡᠪᠴᠢᠶ᠎ᠡ ᠶᠢ ᠬᠠᠮᠤᠷᠴᠤ᠂ ᠭᠤᠸᠠᠩᠵᠧᠦ ᠶᠢᠨ ᠮᠠᠰᠢᠨ ᠲᠡᠷᠭᠡᠨ ᠤ ᠠᠢ ᠠᠨ ᠬᠤᠤ ᠪᠦᠸᠧ GT ᠰᠢᠨ᠎ᠡ | ᠡᠨᠧᠷᠭᠢ ᠶᠢᠨ ᠮᠠᠰᠢᠨ ᠲᠡᠷᠭᠡ᠂ ᠮᠧᠢ ᠳ᠋ᠢ ᠭᠡᠷ ᠤᠨ ᠴᠠᠬᠢᠯᠭᠠᠨ ᠬᠡᠷᠡᠭᠰᠡᠯ ᠤᠨ ᠰᠢᠷᠢᠰ ᠦᠢᠯᠡᠳᠬᠦᠨ᠂ OPPO | ᠣᠶᠤᠨᠲᠤ ᠭᠠᠷ ᠤᠲᠠᠰᠤ᠂ ᠵᠦᠵᠢᠶᠠᠩ ᠲᠡᠭᠦᠯᠳᠡᠷ ᠬᠤᠭᠤᠷ ᠴᠢᠩ ᠫᠢᠩ ᠭᠦᠸᠧ ᠮᠦ GDK180T | ᠣᠨᠴᠠᠯᠢᠭᠲᠤ ᠲᠡᠭᠦᠯᠳᠡᠷ ᠬᠤᠭᠤᠷ᠂ ᠱᠢᠨ ᠪᠤᠤ ᠳᠠᠩ ᠰᠾᠢ ᠾᠦᠢ ᠬᠠᠭᠤᠴᠢᠨ ᠨᠡᠷᠡᠲᠦ ᠴᠧᠨ ᠫᠢ ᠵᠡᠷᠭᠡ ᠨᠢ | ᠬᠥᠮᠥᠰ ᠤᠨ ᠠᠩᠬᠠᠷᠤᠯ ᠢ ᠲᠠᠲᠠᠪᠠ᠃ | | | | | | ᠵᠠᠯᠭᠠᠭᠠᠳ᠂ ᠭᠤᠸᠠᠩᠳᠦ᠋ᠩ ᠤᠨ ᠬᠢᠨ ︽ᠪᠦᠬᠦ ᠤᠯᠤᠰ ᠤᠨ ᠭᠤᠸᠠᠩᠳᠦ᠋ᠩ ᠠᠷᠠᠯᠵᠢᠶ᠎ᠠ︾ ᠶᠢᠨ ᠰᠢᠷᠢᠰ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠯ᠎ᠡ ᠮᠤᠵᠢ ᠣᠷᠣᠨ ᠬᠤᠲᠠ ᠯᠤᠭ᠎ᠠ ᠶᠢᠨ ᠠᠵᠤ ᠦᠢᠯᠡᠰ ᠤᠨ | ᠭᠦᠢᠯᠭᠡᠭᠡᠨ ᠪᠠ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠤᠸᠠᠩᠳᠦ᠋ᠩ ᠤᠨ ᠦᠢᠯᠡᠳᠬᠦᠨ᠂ | ᠦᠢᠯᠡᠴᠢᠯᠡᠭᠡ᠂ ᠮᠡᠷᠭᠡᠵᠢᠯ᠂ ᠪᠠᠷᠢᠮᠵᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠳᠤ ᠣᠷᠣᠯᠴᠠᠬᠤ ᠶᠢ | ᠤᠯᠠᠮ ᠨᠢᠭᠡ ᠠᠯᠬᠤᠮ ᠠᠬᠢᠭᠤᠯᠵᠤ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠵᠠᠬ᠎ᠠ ᠳᠡᠯᠭᠡᠭᠦᠷ ᠢ | ᠥᠷᠭᠡᠳᠬᠡᠨ᠂ ᠭᠤᠸᠠᠩᠳᠦ᠋ᠩ ᠮᠤᠵᠢ ᠶᠢᠨ ᠠᠷᠠᠯᠵᠢᠶ᠎ᠠ᠂ ᠬᠤᠳᠠᠯᠳᠤᠭᠠᠴᠢᠨ ᠤᠷᠢᠬᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ᠲᠣᠰ ᠤᠳᠠᠭᠠᠨ ᠤ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠭᠤᠸᠠᠩᠳᠦ᠋ᠩ ᠮᠤᠵᠢ ᠶᠢᠨ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠭᠤᠸᠠᠩᠳᠦ᠋ᠩ ᠮᠤᠵᠢ ᠶᠢᠨ | ᠡᠨᠧᠷᠭᠢ ᠶᠢᠨ ᠲᠣᠪᠴᠢᠶ᠎ᠠ ᠠᠴᠠ ᠭᠤᠤᠯᠯᠠᠨ ᠡᠷᠭᠢᠯᠡᠪᠡ᠃ ᠬᠤᠶᠠᠷ ᠮᠤᠵᠢ ᠣᠷᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ᠂ ᠭᠤᠣᠯᠳᠠᠯᠭ᠎ᠠ ᠲᠠᠢ ᠦᠢᠯᠡᠳᠬᠦ ᠦᠢᠯᠡᠰ ᠤᠨ ᠠᠵᠤ ᠠᠬᠤᠶᠢᠯᠠᠯ᠂ ᠮᠤᠵᠢ ᠶᠢᠨ ᠳᠣᠲᠣᠨ᠎ᠠ ᠭᠠᠳᠠᠨᠠᠬᠢ | ᠭᠦᠢᠯᠭᠡᠭᠡᠨ ᠤ ᠠᠵᠤ ᠠᠬᠤᠶᠢᠯᠠᠯ᠂ ᠬᠤᠳᠠᠯᠳᠤᠨ ᠠᠪᠬᠤ ᠬᠤᠳᠠᠯᠳᠤᠭᠠᠴᠢᠨ᠂ ᠲᠤᠰᠬᠠᠢ ᠣᠷᠣᠨ ᠬᠤᠳᠠ ᠶᠢᠨ | ᠲᠥᠯᠥᠭᠡᠯᠡᠭᠴᠢ ᠨᠡᠶᠢᠳᠡ 200 ᠭᠠᠷᠤᠢ ᠬᠥᠮᠥᠰ ᠬᠤᠷᠠᠯ ᠳᠤ ᠣᠷᠣᠯᠴᠠᠪᠠ᠃ | |