2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ | ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠤᠤᠯᠳᠠᠯᠭ᠎ᠠ ᠶᠢᠨ ᠲᠣᠬᠢᠷᠠᠭᠤᠯᠤᠯᠲᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠳᠡᠭᠡᠷ᠎ᠡ ᠬᠠᠭᠠᠰ ᠵᠢᠯ ᠤᠨ 8 ᠤᠳᠠᠭᠠᠨ ᠤ ᠴᠢᠬᠤᠯᠠ ᠶᠡᠭᠡ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢᠨ ᠭᠡᠷ᠎ᠡ ᠲᠣᠭᠲᠠᠭᠰᠠᠨ 515 ᠲᠥᠷᠥᠯ ᠵᠦᠢᠯ ᠢ | ᠲᠦᠷᠭᠡᠳᠬᠡᠨ ᠨᠠᠶᠢᠳᠠᠪᠤᠷᠢᠵᠢᠭᠤᠯᠵᠤ᠂ ᠠᠵᠢᠯ ᠤᠨ ᠲᠣᠭᠤᠷᠢᠨ ᠳᠤ᠂ ᠭᠤᠤᠯᠳᠠᠯᠭ᠎ᠠ ᠲᠠᠢ ᠭᠡᠷ᠎ᠡ ᠲᠣᠭᠲᠠᠭᠰᠠᠨ | ᠲᠥᠷᠥᠯ ᠵᠦᠢᠯ ᠤᠨ ᠪᠥᠬᠦ ᠬᠡᠯᠬᠢᠶ᠎ᠡ᠂ ᠪᠥᠬᠦ ᠲᠠᠯ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠲᠥᠷᠥᠯ | ᠵᠦᠢᠯ ᠢ ᠳᠠᠩᠰᠠᠯᠠᠬᠤ᠂ ᠭᠠᠵᠠᠷ ᠬᠡᠷᠡᠭᠯᠡᠬᠦ᠂ ᠡᠨᠧᠷᠭᠢ ᠠᠷᠪᠢᠯᠠᠬᠤ ᠵᠡᠷᠭᠡ 8 ᠨᠠᠶᠢᠳᠠᠪᠤᠷᠢᠵᠢᠭᠤᠯᠬᠤ ᠶᠢ | ᠪᠣᠳᠠᠲᠠᠶᠢᠵᠢᠭᠤᠯᠤᠭᠰᠠᠨ ᠬᠦᠴᠦᠨ ᠵᠦᠢᠯ ᠳᠤ ᠴᠢᠭᠯᠡᠭᠦᠯᠦᠨ᠂ 8 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠵᠡᠷᠭᠡ 6 | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠭᠡᠷ᠎ᠡ ᠲᠣᠭᠲᠠᠭᠰᠠᠨ | ᠲᠥᠷᠥᠯ ᠵᠦᠢᠯ ᠤᠨ ᠠᠵᠤ ᠠᠬᠤᠶᠢᠯᠠᠯ ᠪᠠ ᠡᠯ᠎ᠡ ᠠᠶᠢᠮᠠᠭ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠶᠢᠨ | ᠲᠥᠯᠥᠭᠡ ᠠᠵᠢᠯᠲᠠᠳ ᠲᠤ ᠵᠠᠯᠭᠠᠭ᠎ᠠ ᠪᠠᠷ 8 ᠤᠳᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠲᠥᠷᠥᠯ | ᠵᠦᠢᠯ ᠢ ᠨᠠᠶᠢᠳᠠᠪᠤᠷᠢᠵᠢᠭᠤᠯᠬᠤ ᠲᠤᠬᠠᠯᠠᠭᠰᠠᠨ ᠠᠵᠢᠯ ᠤᠨ ᠮᠡᠳᠡᠯᠭᠡ ᠶᠢᠨ ᠰᠢᠷᠢᠰ ᠪᠣᠯᠪᠠᠰᠤᠷᠠᠯ ᠢ ᠥᠷᠭᠦᠯᠵᠢᠯᠡᠨ | ᠥᠷᠨᠢᠭᠦᠯᠪᠡ᠃ ᠣᠲᠣ ᠪᠣᠯᠲᠠᠯ᠎ᠠ᠂ 2030 ᠭᠠᠷᠤᠶ ᠬᠥᠮᠦᠨ ᠤᠳᠠᠭ᠎ᠠ ᠶᠢᠨ ᠪᠣᠯᠪᠠᠰᠤᠷᠠᠯ ᠢ ᠪᠡᠶᠡᠯᠡᠭᠦᠯᠵᠦ᠂ ᠭᠡᠷ᠎ᠡ | ᠲᠣᠭᠲᠠᠭᠰᠠᠨ 150 ᠲᠥᠷᠥᠯ ᠵᠦᠢᠯ ᠤᠨ ᠢᠨᠵᠧᠨᠧᠷᠢᠩ ᠶᠢ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠳᠥᠯᠭᠢᠨ | ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠲᠠᠷᠠᠭᠠᠴᠢ ᠶᠢᠨ ᠴᠢᠬᠤᠯᠠ ᠶᠡᠭᠡ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯᠯᠠᠭ᠎ᠠ ᠶᠢᠨ ᠭᠡᠷ᠎ᠡ ᠲᠣᠭᠲᠠᠬᠤ ᠲᠥᠷᠥᠯ ᠵᠦᠢᠯ ᠳᠤ ᠴᠢᠭᠯᠡᠭᠦᠯᠦᠨ᠂ ᠮᠥᠷᠳᠡᠨ | ᠦᠢᠯᠡᠴᠢᠯᠡᠬᠦ ᠪᠠᠨ ᠴᠢᠩᠭᠠᠳᠬᠠᠵᠤ᠂ ᠣᠯᠠᠨ ᠡᠭᠡᠯᠵᠢ ᠶᠢᠨ ᠬᠡᠯᠪᠡᠷᠢ ᠣᠯᠠᠨ ᠶᠠᠩᠵᠤ ᠶᠢᠨ ᠲᠥᠷᠥᠯ ᠵᠦᠢᠯ ᠢ | ᠨᠠᠶᠢᠳᠠᠪᠤᠷᠢᠵᠢᠭᠤᠯᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠢᠷᠢᠰ ᠪᠣᠯᠪᠠᠰᠤᠷᠠᠯ ᠢ ᠥᠷᠨᠢᠭᠦᠯᠵᠦ᠂ ᠨᠠᠩ ᠢᠯᠡ | ᠲᠣᠳᠣ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠪᠠ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠴᠢᠳᠠᠪᠤᠷᠢ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |