ᠲᠦᠩᠯᠢᠶᠣᠤ ᠬᠤᠲᠠ ︽ᠰᠢᠨ᠎ᠡ ᠶᠢ ᠡᠭᠦᠳᠬᠦ ᠰᠢᠪᠲᠤᠯᠤᠯᠲᠠ︾ ᠶᠢᠨ ᠤᠳᠤᠷᠢᠳᠤᠮᠵᠢ ᠶᠢ ᠪᠠᠷᠢᠮᠲᠠᠯᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠠᠬᠢᠨ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/3/20
  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠨᠢ ᠲᠦᠩᠯᠢᠶᠣᠤ ᠬᠤᠲᠠ ᠶᠢᠨ ᠲᠡᠦᠬᠡᠨ ᠣᠷᠣᠨ ᠪᠠᠶᠢᠷᠢ᠂ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠭᠰᠡᠨ ᠪᠠᠶᠢᠨ᠎ᠠ᠃ ᠲᠦᠩᠯᠢᠶᠣᠤ ᠬᠤᠲᠠ ︽ᠪᠥᠬᠦ ᠲᠠᠯ᠎ᠠ ᠪᠠᠷ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠥᠬᠦ ᠲᠠᠯ᠎ᠠ ᠳᠤ ᠦᠢᠯᠡᠴᠢᠯᠡᠬᠦ︾ ᠶᠢ ᠪᠠᠷᠢᠮᠲᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠴᠠᠭ ᠲᠤᠬᠠᠶ ᠳᠤᠨᠢ ᠬᠤᠷᠠᠯᠳᠤᠭᠤᠯᠵᠤ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠰᠢᠨ᠎ᠡ ᠶᠢ ᠡᠭᠦᠳᠦᠨ ᠰᠢᠪᠲᠤᠯᠤᠯᠲᠠ ᠬᠢᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠪᠥᠬᠦ ᠣᠷᠣᠨ ᠤ ︽ᠨᠢᠭᠡᠳᠦᠭᠡᠷ ᠴᠢᠭᠯᠡᠯᠲᠡ︾ ᠢ ᠪᠠᠲᠤ ᠰᠠᠬᠢᠵᠤ᠂ ᠪᠥᠬᠦ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠥᠬᠦ ᠬᠦᠴᠦᠨ ᠢᠶᠠᠷ ᠢᠶᠠᠨ ᠲᠦᠩᠯᠢᠶᠣᠤ  ᠳᠤ ᠬᠦᠴᠦᠨ ᠴᠢᠳᠠᠯ ᠢᠶᠠᠨ ᠡᠷᠭᠦᠪᠡ᠃  ᠨᠢᠭᠡ ᠳᠤ᠂ ᠦᠵᠦ ᠲᠥᠯᠥᠪᠯᠡᠭᠡ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠯ᠎ᠠ ᠪᠠᠷ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ 2024 ᠣᠨ ᠳᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠰᠢᠪᠲᠤᠯᠤᠯᠲᠠ ᠶᠢᠨ ᠣᠨ ᠢᠶᠠᠷ ᠲᠣᠭᠲᠠᠭᠠᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠪᠠᠷ ᠭᠤᠤᠯ ᠰᠡᠳᠦᠪ ᠪᠣᠯᠭᠠᠨ᠂ ︽ 1+5︾ ᠶᠢᠨ ᠰᠢᠨ᠎ᠡ ᠶᠢ ᠡᠭᠦᠳᠬᠦ ᠠᠵᠢᠯ ᠤᠨ ᠲᠥᠰᠦᠯ ᠢ ᠲᠥᠯᠥᠪᠯᠡᠨ ᠲᠣᠭᠲᠠᠭᠠᠪᠠ᠂ ᠲᠤᠬᠠᠶᠢᠯᠠᠪᠠᠯ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠣᠨ ᠤ ᠠᠵᠢᠯᠯᠠᠭᠠᠨ ᠤ ᠲᠥᠰᠦᠯ ᠢ ᠰᠢᠯᠢᠳᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠤᠳᠠᠯᠳᠤᠭ᠎ᠠ ᠡᠷᠭᠢᠯᠡᠬᠦ ᠬᠢᠨᠠᠯᠲᠠ ᠲᠠᠯᠪᠢᠬᠤ᠂ ᠬᠠᠤᠯᠢ ᠪᠠᠷ ᠵᠠᠰᠠᠬᠤ ᠪᠠᠲᠤᠯᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ᠂ ᠠᠳᠠᠯᠢᠳᠬᠠᠨ ᠦᠨᠡᠯᠡᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ 5 ᠢᠵᠢ ᠪᠥᠷᠢᠳᠦᠭᠦᠯᠬᠦ ᠲᠥᠰᠦᠯ ᠢ ᠬᠡᠷᠡᠭᠵᠢᠭᠦᠯᠦᠨ᠂ ᠪᠥᠬᠦ ᠲᠠᠯ᠎ᠠ ᠶᠢᠨ ᠲᠥᠯᠥᠪᠵᠢᠭᠦᠯᠭᠡ ᠶᠢᠨ ᠰᠢᠰᠲ᠋ᠧᠮ᠂ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠬᠠᠷᠠᠯᠲᠠ ᠶᠢᠨ ᠰᠢᠰᠲ᠋ᠧᠮ ᠢ ᠪᠠᠶᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ︽ᠦᠨ᠎ᠡ ᠴᠠᠨ᠎ᠠ︾ ᠶᠢ ᠬᠥᠭᠵᠢᠯᠲᠡ ᠶᠢᠨ ︽ᠪᠣᠳᠠᠲᠤ ᠪᠣᠳᠠᠰ︾ ᠪᠣᠯᠭᠠᠨ ᠬᠤᠪᠢᠷᠠᠭᠤᠯᠵᠤ᠂ ᠰᠢᠨ᠎ᠡ ᠶᠢ ᠡᠭᠦᠳᠬᠦ ᠲᠣᠪᠴᠢᠶ᠎ᠠ ᠶᠢᠨ ︽ᠦᠨᠡᠨᠴᠢ ᠢᠲᠡᠭᠡᠮᠵᠢ᠂ ᠲᠤᠭ᠎ᠠ ᠪᠠᠷᠢᠮᠲᠠ᠂ ᠬᠤᠳᠠᠯᠳᠤᠭᠠᠴᠢᠨ ᠳᠤ ᠲᠣᠬᠢᠷᠠᠬᠤ᠂ ᠰᠡᠳᠬᠢᠯ ᠢ ᠳᠤᠯᠠᠭᠠᠴᠠᠭᠤᠯᠬᠤ︾ ᠲᠦᠩᠯᠢᠶᠣᠤ ᠶᠢ ᠲᠦᠷᠭᠡᠳᠬᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠶ᠃  ᠬᠤᠶᠠᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠰᠢᠰᠲ᠋ᠧᠮ ᠢ ᠨᠢᠭᠡᠳᠬᠡᠬᠦ ᠲᠠᠯ᠎ᠠ ᠪᠠᠷ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ︽ᠰᠢᠨ᠎ᠡ ᠶᠢ ᠡᠭᠦᠳᠬᠦ ᠰᠢᠪᠲᠤᠯᠤᠯᠲᠠ︾ ᠶᠢᠨ ᠤᠳᠤᠷᠢᠳᠤᠮᠵᠢ᠂ ᠶᠡᠷᠦᠩᠬᠡᠶᠢᠯᠡᠭᠰᠡᠨ ᠴᠢᠨᠠᠷᠲᠠᠶ ᠥᠭᠡᠷᠡᠴᠢᠯᠡᠯᠲᠡ ᠪᠠ ᠪᠢᠴᠢᠯ ᠥᠭᠡᠷᠡᠴᠢᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠡᠷᠢᠭᠦᠨ ᠤ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠲᠠᠢ ᠬᠠᠷᠢᠴᠠᠭᠤᠯᠵᠤ᠂ ᠪᠥᠬᠦ ᠣᠷᠣᠨ ᠤ ᠲᠠᠪᠤᠨ ᠲᠡᠷᠢᠭᠦᠨ ᠵᠡᠷᠭᠡ ᠶᠢᠨ ᠣᠷᠴᠢᠨ ᠲᠣᠭᠤᠷᠢᠨ ᠢ ᠪᠣᠶ ᠪᠣᠯᠭᠠᠬᠤ᠂ ᠲᠠᠪᠤᠨ ᠶᠡᠭᠡ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠣᠭᠤᠷᠢᠨ ᠳᠤ᠂ ︽ᠲᠣᠭᠠᠴᠢᠯᠠᠭᠰᠠᠨ ᠣᠶᠤᠨᠴᠢ ᠲᠦᠩᠯᠢᠶᠣᠤ︾᠂ ︽ᠨᠢᠭᠡ ᠯᠡ ᠬᠦᠰᠦᠨᠦᠭᠲᠦ︾ ᠵᠡᠷᠭᠡ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠵᠤ᠂ ︽ᠨᠢᠭᠤᠷ ᠰᠢᠷᠪᠢᠵᠦ ᠨᠡᠶᠢᠲᠡ ᠶᠢᠨ ᠮᠠᠰᠢᠨ ᠳᠤ ᠰᠠᠭᠤᠬᠤ︾᠂ ︽ᠲᠣᠭᠠᠴᠢᠯᠠᠭᠰᠠᠨ ᠡᠭᠦᠳᠡᠨ ᠫᠠᠶᠢᠰᠠ︾ ᠵᠡᠷᠭᠡ ᠠᠯᠢ ᠣᠯᠠᠨ ᠰᠢᠨ᠎ᠡ ᠶᠢ ᠡᠭᠦᠳᠬᠦ ᠴᠢᠨᠠᠷᠲᠠᠶ ᠪᠢᠴᠢᠯ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠲᠣᠭᠠᠴᠢᠯᠠᠭᠰᠠᠨ ᠵᠠᠰᠠᠯᠲᠠ ᠪᠠ ᠪᠦᠬᠦᠯᠢ ᠴᠣᠭᠴᠠ ᠶᠢᠨ ᠣᠶᠤᠨᠴᠢ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠲᠤ ︽ᠵᠤᠭᠰᠤᠬᠤ ᠳᠤ ᠲᠦᠪ᠂ ᠳᠤᠤᠭᠠᠷᠬᠤ ᠳᠤ ᠬᠠᠩᠭᠢᠨᠠᠬᠤ︾ ᠥᠪᠡᠷᠮᠢᠴᠡ ᠢᠯᠭᠠᠨ ᠲᠠᠨᠢᠬᠤ ᠨᠡᠶᠢᠲᠡᠯᠢᠭ ᠦᠷ᠎ᠡ ᠪᠦᠲᠦᠭᠡᠯ ᠢ ᠬᠦᠴᠦᠯᠡᠨ ᠪᠣᠶ ᠪᠣᠯᠭᠠᠵᠤ᠂ ᠲᠦᠩᠯᠢᠶᠣᠤ ᠬᠥᠲᠥᠯᠦᠨ ᠳᠠᠭᠠᠭᠤᠯᠬᠤ᠂ ᠲᠦᠩᠯᠢᠶᠣᠤ ᠶᠢᠨ ᠵᠢᠱᠢᠶ᠎ᠡ ᠦᠵᠡᠭᠦᠯᠬᠦ ᠰᠠᠶᠢᠨ ᠣᠷᠴᠢᠯ ᠢ ᠴᠢᠷᠮᠠᠶᠢᠨ ᠪᠣᠶ ᠪᠣᠯᠭᠠᠨ᠎ᠠ᠃  ᠭᠤᠷᠪᠠ ᠳᠤ᠂ ᠪᠦᠬᠦ ᠬᠤᠳᠠ ᠶᠢᠨ ᠬᠡᠪᠴᠢᠶᠡᠨ ᠳᠤ ᠠᠭᠤᠰᠤᠯᠴᠠᠬᠤ᠂ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ︽1+ 9᠂ 1 ᠪᠦᠰᠡ 9︾ ᠬᠢᠨᠠᠨ ᠵᠢᠯᠣᠭᠤᠳᠬᠤ ᠳᠠᠪᠠᠭᠤᠯᠢᠭ ᠲᠠᠢ ᠪᠠᠶᠢᠬᠤ ᠶᠢ ᠪᠠᠬᠢᠵᠢᠭᠦᠯᠵᠦ᠂ ᠬᠡᠮᠵᠢᠶᠡᠵᠢᠭᠦᠯᠵᠦ ᠪᠣᠯᠬᠤ᠂ ᠪᠢᠳᠡᠭᠦᠮᠵᠢᠯᠡᠬᠦ᠂ ᠲᠣᠭᠠᠴᠢᠯᠠᠭᠰᠠᠨ ᠨᠠᠷᠢᠯᠢᠭ ᠣᠨᠣᠴᠠᠲᠠᠶ ᠪᠠᠷ ᠬᠢᠨᠠᠨ ᠵᠢᠯᠣᠭᠤᠳᠬᠤ ᠵᠠᠭᠪᠤᠷ ᠢ ᠤᠯᠠᠮ ᠨᠢᠭᠡ ᠠᠯᠬᠤᠮ ᠪᠠᠶᠢᠭᠤᠯᠤᠨ ᠬᠦᠴᠦᠷᠬᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠤᠳᠠᠯᠳᠤᠭ᠎ᠠ ᠡᠷᠭᠢᠯᠡᠬᠦ ᠲᠥᠷᠥ ᠶᠢᠨ ᠪᠣᠳᠣᠯᠭ᠎ᠠ᠂ ᠰᠢᠨ᠎ᠡ ᠶᠢ ᠡᠭᠦᠳᠬᠦ ᠶᠢᠨ ᠭᠤᠤᠯᠳᠠᠯᠭ᠎ᠠ ᠲᠠᠢ ᠡᠭᠦᠷᠭᠡ᠂ ᠬᠢᠯᠠᠰ ᠴᠡᠭ ᠢ ᠪᠣᠶ ᠪᠣᠯᠭᠠᠬᠤ᠂ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠵᠢᠯᠴᠠᠨ ᠬᠦᠴᠦᠯᠡᠬᠦ ᠶᠢ ᠠᠬᠢᠭᠤᠯᠤᠨ᠎ᠠ᠃ ᠲᠦᠷᠦᠭᠦᠯᠡᠨ ᠬᠢᠬᠦ ᠪᠠ ᠡᠭᠦᠳᠦᠨ ᠪᠦᠲᠦᠭᠡᠬᠦ ᠶᠢ ᠳᠣᠪᠤᠶᠢᠯᠭᠠᠵᠤ᠂ ᠡᠯ᠎ᠡ ᠭᠠᠵᠠᠷ ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠵᠤ᠂ ︽ᠳᠠᠩ ᠵᠦᠢᠯ ᠤᠨ ᠮᠠᠩᠯᠠᠢ︾ ᠶᠢ ᠪᠣᠶ ᠪᠣᠯᠭᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ︽ᠨᠢᠭᠡ ᠭᠠᠵᠠᠷ ᠨᠢᠭᠡ ᠪᠦᠲᠦᠭᠡᠭᠳᠡᠬᠦᠨ︾ ᠢ ᠵᠢᠯᠣᠭᠤᠳᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠲᠥᠰᠦᠯ ᠢ ᠲᠣᠭᠲᠠᠭᠠᠵᠤ᠂ ᠣᠯᠠᠨ ᠲᠠᠯ᠎ᠠ ᠪᠠᠷ ᠬᠦᠴᠦᠯᠡᠬᠦ᠂ ᠬᠤᠯᠪᠣᠭᠠᠯᠠᠨ ᠬᠥᠳᠡᠯᠦᠯᠴᠡᠬᠦ ᠨᠡᠶᠢᠯᠡᠮᠡᠯ ᠬᠦᠴᠦᠨ ᠢᠶᠠᠷ ᠳᠠᠮᠵᠢᠭᠤᠯᠤᠨ᠂ ᠵᠦᠷᠢᠶᠡᠴᠢᠯᠡᠭᠰᠡᠨ᠂ ᠣᠨᠣᠪᠴᠢᠯᠠᠭᠰᠠᠨ᠂ ᠣᠨᠴᠠᠯᠢᠬᠵᠢᠭᠤᠯᠤᠭᠰᠠᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠪᠠᠶᠢᠳᠠᠯ ᠢ ᠠᠬᠢᠭᠤᠯᠵᠤ᠂ ᠲᠦᠩᠯᠢᠶᠣᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠨᠳᠥᠷ ᠢᠯᠭᠠᠭ᠎ᠠ ᠲᠠᠢ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠲᠤᠰᠢᠶᠠᠨ᠎ᠠ᠃  ᠢᠷᠡᠯᠳᠡ᠄ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 
 
ᠢᠷᠡᠯᠲᠡ᠄ ᠪᠡᠯᠡ ᠣᠷᠣᠭᠤᠯᠵᠤ ᠬᠠᠮᠲᠤᠷᠠᠨ ᠠᠵᠢᠯᠯᠠᠬᠤ ᠶᠢ ᠵᠣᠬᠢᠴᠠᠭᠤᠯᠬᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号