3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ | ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠤᠮᠳᠠ ᠣᠷᠣᠨ ᠤ ᠬᠥᠭᠵᠢᠯ ᠮᠠᠨᠳᠤᠯ ᠢ | ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠲᠣᠨᠣᠭᠯᠠᠯ ᠦᠢᠯᠡᠳᠬᠦ᠂ | ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠲᠠᠯ᠎ᠠ ᠪᠠᠷ | ᠪᠦᠭᠦ ᠲᠠᠯ᠎ᠠ ᠪᠠᠷ ᠬᠦᠴᠦᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠬᠡᠷᠡᠭᠲᠡᠢ᠃ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠰᠠᠶᠢᠨ ᠦᠷ᠎ᠡ ᠶᠢ ᠪᠣᠶᠢᠵᠢᠭᠤᠯᠤᠨ | ᠳᠡᠯᠭᠡᠷᠡᠭᠦᠯᠬᠦ ᠶᠢ ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ | ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠡᠯ᠎ᠡ ᠳᠡᠳ᠋ ᠲᠡᠷᠢᠭᠦᠯᠡᠭᠴᠢ ᠲᠦᠷᠦᠭᠦᠯᠡᠨ | ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠡᠷᠢᠵᠦ᠂ ᠠᠵᠢᠯᠴᠢᠨ ᠬᠡᠷᠡᠭᠯᠡᠵᠦ᠂ ᠵᠠᠬᠢᠶᠠᠯᠠᠭ᠎ᠠ ᠶᠢᠨ | ᠬᠠᠭᠤᠳᠠᠰᠤ ᠡᠷᠢᠵᠦ᠂ ᠵᠠᠬ᠎ᠠ ᠳᠡᠯᠭᠡᠭᠦᠷ ᠡᠷᠢᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠷᠤᠯᠳᠤᠭᠠᠨ ᠤ ᠵᠠᠮ ᠤᠨ ᠴᠡᠭ ᠢ ᠣᠨᠣᠪᠴᠢᠲᠠᠢ | ᠡᠷᠢᠵᠦ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ᠂ ᠠᠵᠤ ᠠᠬᠤᠶᠢᠯᠠᠯ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠨᠢᠭᠡ | ᠪᠦᠯᠦᠭ ᠤᠯᠠᠷᠢᠭᠤᠯᠤᠨ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠡᠷᠭᠡ | ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠵᠤ᠂ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠴᠢᠬᠤᠯᠠ | ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠡᠬᠢ ᠡᠭᠦᠰᠦᠯ ᠠᠴᠠ ᠨᠢ ᠴᠡᠪᠡᠷᠰᠢᠭᠦᠯᠬᠦ᠂ ᠭᠤᠣᠯᠳᠠᠯᠭ᠎ᠠ ᠲᠠᠢ ᠭᠠᠵᠠᠷ | ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ︽ᠥᠷᠭᠡᠨ ᠲᠡᠨᠢᠭᠡᠷ ᠲᠠᠯ᠎ᠠ | ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ | ᠰᠠᠶᠢᠬᠠᠨ ᠦᠨᠦᠷ ᠠᠮᠲᠠ︾ ᠶᠢᠨ ᠲᠥᠷᠥᠯ ᠲᠡᠮᠳᠡᠭ ᠤᠨ ᠳᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ︽ᠨᠠᠢᠮᠠᠨ ᠪᠤᠯᠬᠤ ᠦᠭᠡᠢ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠥᠷᠢ ᠥᠭᠴᠡᠭᠡ ᠶᠢ ᠦᠨᠡᠨ ᠪᠣᠳᠠᠲᠠᠢ | ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ | ᠲᠣᠬᠢᠷᠠᠭᠤᠯᠬᠤ ᠲᠥᠰᠥᠯ ᠢ ᠰᠤᠳᠤᠯᠵᠤ᠂ ᠠᠵᠤ ᠦᠢᠯᠡᠰ ᠤᠨ ᠲᠦᠷᠦᠯ ᠵᠦᠢᠯ ᠢ ᠤᠨᠢᠨ ᠳᠡᠭᠡᠷ᠎ᠡ ᠨᠢ ᠬᠡᠷᠡᠭᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢ ᠳᠤ ᠲᠠᠯᠠᠷᠬᠠᠬᠤ ᠰᠡᠳᠬᠢᠯᠭᠡ ᠪᠠᠷ ᠬᠤᠪᠣᠷ ᠨᠠᠨᠳᠢᠨ ᠪᠡᠯᠡ | ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ᠭᠡᠮ ᠰᠣᠭᠤᠭ ᠲᠠᠢ ᠠᠵᠢᠯᠯᠠᠬᠤ︾ ᠶᠢ | ᠲᠤᠰᠬᠠᠢ ᠴᠡᠭᠴᠡᠯᠡᠨ ᠵᠠᠰᠠᠬᠤ ᠲᠥᠰᠥᠯ ᠢ ᠬᠢᠨᠠᠨ ᠵᠥᠪᠯᠡᠵᠦ ᠪᠠᠲᠤᠯᠠᠵᠤ᠂ ᠰᠢᠰᠲ᠋ᠧᠮᠲᠦ ᠰᠡᠳᠬᠢᠬᠦᠢ ᠶᠢ | ᠪᠠᠷᠢᠮᠲᠠᠯᠠᠵᠤ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠭᠠᠵᠠᠷ | ᠳᠡᠭᠡᠷᠡᠬᠢ ᠪᠠ ᠭᠠᠵᠠᠷ ᠳᠣᠣᠷᠠᠬᠢ᠂ ᠠᠰᠠᠷ ᠤᠨ ᠳᠣᠲᠣᠷ᠎ᠠ ᠭᠠᠳᠠᠨᠠᠬᠢ᠂ ᠲᠣᠨᠤᠭ ᠲᠥᠬᠦᠭᠡᠷᠦᠮᠵᠢ ᠤᠭᠰᠠᠷᠠᠭ᠎ᠠ | ᠲᠣᠨᠤᠭ ᠢ ᠨᠢᠭᠡ ᠴᠣᠭᠴᠠᠵᠢᠭᠤᠯᠤᠨ ᠵᠢᠭᠰᠠᠭᠠᠨ ᠪᠠᠶᠢᠴᠠᠭᠠᠵᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠ ᠨᠠᠷᠢᠯᠢᠭ | ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠳᠬᠡᠨ ᠲᠠᠭᠢᠨ ᠪᠠᠶᠢᠭᠤᠯᠬᠤ | ᠵᠡᠷᠭᠡ ᠵᠦᠢᠯ ᠢ ᠰᠤᠳᠤᠯᠵᠠᠢ᠃ | |