ᠥᠪᠥᠷ ᠮᠤᠩᠭᠤᠯ ᠤᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 5 ᠰᠠᠯᠠᠭ᠎ᠠ | ᠮᠥᠴᠢᠷ ᠤᠨ ᠮᠡᠳᠡᠭᠳᠡᠯ︾ ᠢ ᠦᠨᠳᠦᠰᠦᠯᠡᠨ᠂ 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠨᠥᠬᠦᠴᠡᠯ ᠳᠤ | ᠨᠡᠶᠢᠴᠡᠬᠦ ᠮᠠᠰᠢᠨ ᠲᠡᠷᠭᠡ ᠶᠢ ᠨᠡᠶᠢᠯᠡᠭᠦᠯᠦᠨ ᠬᠤᠳᠠᠯᠳᠤᠨ ᠠᠪᠬᠤ ᠨᠥᠬᠦᠴᠡᠯ ᠳᠤ ᠨᠡᠶᠢᠴᠡᠬᠦ ᠬᠤᠪᠢ ᠬᠥᠮᠦᠨ ᠤ | ᠬᠡᠷᠡᠭᠯᠡᠭᠴᠢᠳ᠂ 2025 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ︽ᠪᠥᠬᠦ ᠤᠯᠤᠰ ᠤᠨ | ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠰᠦᠯᠵᠢᠶᠡᠨ | ᠥᠷᠲᠡᠭᠡ᠂ ︽ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠵᠢᠭ ᠫᠷᠤᠭ᠍ᠷᠡᠮ ᠢᠶᠠᠷ ᠳᠠᠮᠵᠢᠭᠤᠯᠤᠨ | ᠨᠥᠬᠦᠪᠥᠷᠢ ᠭᠤᠶᠤᠴᠢᠯᠠᠵᠤ ᠪᠣᠯᠤᠨ᠎ᠠ᠃ | ᠨᠦᠬᠦᠪᠦᠷᠢ ᠦᠭᠬᠦ ᠬᠡᠪᠴᠢᠶ᠎ᠡ ᠪᠠ ᠪᠠᠷᠢᠮᠵᠢᠶ᠎ᠠ | ᠬᠤᠪᠢ ᠬᠦᠮᠦᠨ ᠤ ᠬᠡᠷᠡᠭᠯᠡᠭᠴᠢᠳ | ᠨᠢᠭᠡ ᠤᠳᠠᠭ᠎ᠠ ᠳᠤ 12000 ᠲᠥᠭᠦᠷᠢᠭ ᠤᠨ ᠨᠥᠬᠦᠪᠦᠷᠢ ᠥᠭᠭᠦᠨ᠎ᠡ | ᠲᠣᠰ ᠬᠥᠮᠦᠨ ᠤ ᠨᠡᠷ᠎ᠡ ᠳᠣᠤᠷ᠎ᠠ ᠳᠤᠮᠳᠠᠳᠤ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ | ᠭᠠᠳᠠᠭᠰᠢᠯᠠᠭᠤᠯᠬᠤ ᠪᠠᠷᠢᠮᠵᠢᠶ᠎ᠠ ᠵᠢᠴᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠬᠡᠷᠡᠭᠯᠡᠭᠡᠨ ᠤ | ᠲᠡᠷᠭᠡ ᠪᠤᠶᠤ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ︵ᠲᠣᠰ ᠡᠳᠦᠷ ᠢ | ᠪᠠᠭᠲᠠᠭᠠᠨ᠎ᠠ︶ ᠳᠠᠩᠰᠠᠯᠠᠭᠤᠯᠤᠨ ᠲᠡᠮᠳᠡᠭᠯᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ | ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠬᠠᠭᠤᠴᠢᠨ ᠲᠡᠷᠭᠡ ᠶᠢ ᠬᠤᠳᠠᠯᠳᠤᠨ ᠠᠪᠴᠤ ᠨᠡᠶᠢᠯᠡᠭᠦᠯᠦᠨ | ᠬᠤᠳᠠᠯᠳᠤᠨ ᠠᠪᠬᠤ ᠶᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠲᠡᠷᠭᠡ ᠬᠥᠰᠬᠡ | ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ | ᠭᠠᠷᠴᠠᠭ︾ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠳᠤ ᠨᠢᠭᠡ ᠤᠳᠠᠭ᠎ᠠ ᠳᠤ 9000 ᠲᠥᠭᠦᠷᠢᠭ ᠤᠨ ᠨᠥᠬᠦᠪᠦᠷᠢ | ᠥᠭᠭᠦᠨ᠎ᠡ᠃ | ᠬᠠᠶᠠᠭᠳᠠᠮᠠᠯ ᠳᠤᠮᠳᠠᠳᠤ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠭᠠᠳᠠᠭᠰᠢᠯᠠᠭᠤᠯᠬᠤ | ᠪᠠᠷᠢᠮᠵᠢᠶ᠎ᠠ ᠵᠢᠴᠢ ᠰᠢᠲᠠᠭᠠᠯᠭ᠎ᠠ ᠶᠢᠨ ᠲᠣᠰᠣ ᠭᠠᠷᠭᠠᠬᠤ ᠪᠠᠷᠢᠮᠵᠢᠶᠠᠲᠤ ᠮᠠᠰᠢᠨ | 2.0L ︵ᠪᠠᠭᠲᠠᠭᠠᠨ᠎ᠠ︶ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠰᠢᠲᠠᠭᠠᠯᠭ᠎ᠠ ᠶᠢᠨ ᠲᠣᠰᠣᠨ ᠤ | ᠮᠠᠰᠢᠨ ᠲᠡᠷᠭᠡ ᠬᠤᠳᠠᠯᠳᠤᠨ ᠠᠪᠬᠤ | ᠰᠠᠭᠤᠳᠠᠯ ᠤᠨ ᠮᠠᠰᠢᠨ ᠭᠡᠳᠡᠭ ᠨᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠤ | ᠳᠠᠩᠰᠠᠯᠠᠭᠤᠯᠤᠭᠰᠠᠨ ᠵᠢᠵᠢᠭ ᠬᠡᠯᠪᠡᠷᠢ ᠶᠢᠨ᠂ ᠵᠢᠵᠢᠭ ᠬᠡᠯᠪᠡᠷᠢ ᠶᠢᠨ ᠠᠶᠠᠨᠴᠢᠨ ᠤ ᠮᠠᠰᠢᠨ ᠲᠡᠷᠭᠡ ᠶᠢ ᠵᠢᠭᠠᠵᠤ ᠪᠤᠶ᠃ | ᠤᠯᠤᠰ ᠤᠨ ᠱᠠᠲᠤᠨ ᠤ ᠮᠠᠰᠢᠨ ᠲᠡᠷᠭᠡᠨ ᠤ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠲᠡᠷᠭᠡ ᠨᠢ 2011 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠴᠢᠶ᠋ᠢᠦ ᠲᠣᠰᠣ᠂ 2013 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠴᠠᠶᠢᠶ᠋ᠢᠤ ᠲᠣᠰᠣᠨ ᠤ ᠮᠠᠰᠢᠨ ᠲᠡᠷᠭᠡ ᠪᠣᠯᠤᠨ | ᠪᠤᠰᠤᠳ ᠲᠦᠯᠡᠰᠢ ᠶᠢᠨ ᠲᠥᠷᠥᠯ ᠵᠦᠢᠯ ᠤᠨ ᠲᠡᠷᠭᠡ ᠶᠢ ᠵᠢᠭᠠᠵᠤ ᠪᠤᠶ᠃ | ᠪᠡᠯᠡ ᠮᠦᠩᠭᠦ ᠶᠢᠨ ᠨᠥᠬᠦᠪᠥᠷᠢ ᠭᠤᠶᠤᠴᠢᠯᠠᠬᠤ ᠵᠢᠷᠤᠮ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠬᠡᠷᠡᠭᠯᠡᠭᠴᠢ 2025 ᠣᠨ ᠤ 1 | ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠥᠷᠲᠡᠭᠡ ᠪᠤᠶᠤ ︽ᠮᠠᠰᠢᠨ ᠲᠡᠷᠭᠡ ᠶᠢ | ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠵᠢᠭ ᠫᠷᠤᠭ᠍ᠷᠠᠮ ᠳᠤ᠂ ᠨᠥᠬᠦᠪᠥᠷᠢ ᠶᠢ ᠭᠥᠯᠢᠶᠡᠨ ᠠᠪᠴᠤ ᠰᠢᠢᠳᠪᠦᠷᠢᠯᠡᠬᠦ | ᠭᠠᠵᠠᠷ ︵ᠲᠤᠬᠠᠶᠢᠯᠠᠪᠠᠯ ︽ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠨᠢᠭᠡᠳᠦᠯᠲᠡᠶ ᠪᠠᠷᠢᠮᠲᠠ︾ ᠶᠢ ᠭᠠᠷᠭᠠᠵᠤ | ᠥᠭᠭᠦᠭᠰᠡᠨ ᠭᠠᠵᠠᠷ︶ ᠲᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠭᠤᠶᠤᠴᠢᠯᠠᠬᠤ ᠪᠥᠭᠡᠳ ᠳᠣᠤᠷᠠᠬᠢ | ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | 1. ᠬᠤᠪᠢ ᠬᠥᠮᠦᠨ ᠤ ᠬᠢᠷᠢ ᠬᠡᠮ ᠤᠨ ᠮᠡᠳᠡᠭᠡ ᠵᠠᠩᠭᠢ᠄ | ᠬᠠᠶᠠᠭᠳᠠᠮᠠᠯ ᠮᠠᠰᠢᠨ ᠲᠡᠷᠭᠡᠨ ᠤ ᠲᠡᠷᠭᠡ ᠶᠢ ᠢᠯᠭᠠᠨ ᠲᠠᠨᠢᠬᠤ ᠣᠷᠣᠯᠠᠬᠤ ᠨᠣᠮᠧᠷ︔ ︽ᠬᠠᠶᠠᠭᠳᠠᠮᠠᠯ ᠮᠠᠰᠢᠨ | ᠲᠡᠷᠭᠡ ᠶᠢ ᠬᠤᠷᠢᠶᠠᠨ ᠠᠪᠤᠭᠰᠠᠨ ᠭᠡᠷᠡᠴᠢ ᠪᠢᠴᠢᠭ︾ ᠪᠠ ︽ᠮᠠᠰᠢᠨ ᠲᠡᠷᠭᠡ ᠶᠢ ᠬᠦᠴᠦᠨ ᠦᠭᠡᠢ ᠪᠣᠯᠭᠠᠭᠰᠠᠨ | ᠭᠡᠷᠡᠴᠢ︾ ᠶᠢᠨ ᠤᠭ ᠭᠡᠷᠡᠯ ᠵᠢᠷᠤᠭ ᠪᠤᠶᠤ ᠰᠢᠷᠪᠢᠭᠰᠡᠨ ᠮᠠᠲ᠋ᠧᠷᠢᠶᠠᠯ︔ ᠰᠢᠨ᠎ᠡ ᠪᠠᠷ ᠬᠤᠳᠠᠯᠳᠤᠨ ᠠᠪᠤᠭᠰᠠᠨ | ᠲᠡᠷᠭᠡᠨ ᠳᠤ ᠬᠡᠷᠡᠭᠯᠡᠬᠦ ᠲᠡᠷᠭᠡ ᠶᠢ ᠢᠯᠭᠠᠨ ᠲᠠᠨᠢᠬᠤ ᠣᠷᠣᠯᠠᠬᠤ ᠳ᠋ᠤᠭᠠᠷ᠂ ︽ᠮᠠᠰᠢᠨ ᠲᠡᠷᠭᠡ ᠪᠣᠷᠣᠯᠠᠭᠤᠯᠬᠤ | ᠨᠢᠭᠡᠳᠦᠯᠲᠡᠶ ᠪᠠᠷᠢᠮᠲᠠ︾᠂ ︽ᠮᠠᠰᠢᠨ ᠲᠡᠷᠭᠡᠨ ᠤ ᠳᠠᠩᠰᠠᠯᠠᠭᠤᠯᠤᠭᠰᠠᠨ ᠦᠨᠡᠮᠯᠡᠯ ᠤᠨ ᠪᠢᠴᠢᠭ︾᠂ ︽ᠮᠠᠰᠢᠨ | ᠲᠡᠷᠭᠡᠨ ᠤ ᠵᠠᠮ ᠳᠤ ᠭᠠᠷᠬᠤ ᠦᠨᠡᠮᠯᠡᠯ︾ ᠤᠨ ᠤᠭ ᠭᠡᠷᠡᠯ ᠵᠢᠷᠤᠭ ᠪᠤᠶᠤ ᠰᠢᠷᠪᠢᠬᠦ ᠵᠦᠢᠯᠡᠰ ᠵᠡᠷᠭᠡ᠃ | 2. ᠲᠣᠰ ᠬᠥᠮᠦᠨ ᠤ ᠠᠪᠴᠤ ᠪᠠᠶᠢᠭ᠎ᠠ ᠪᠠᠩᠬᠢ ᠶᠢᠨ ᠵᠢᠭᠡᠯᠡᠨ ᠲᠡᠮᠳᠡᠭᠯᠡᠬᠦ ᠺᠠᠷᠲ ᠤᠨ ᠨᠣᠮᠧᠷ︔ ᠬᠡᠪ ᠤᠨ | ᠪᠠᠶᠢᠳᠠᠯ ᠢᠶᠠᠷ ᠣᠬᠤᠷ ᠮᠡᠳᠡᠭᠡ ᠶᠢ ᠬᠦᠯᠢᠶᠡᠨ ᠠᠪᠬᠤ ᠭᠠᠷ ᠤᠲᠠᠰᠤᠨ ᠤ ᠵᠢᠯᠣᠭᠤᠳᠬᠤ ᠨᠣᠮᠧᠷ ᠨᠢ ᠳᠡᠭᠡᠷ᠎ᠡ | ᠳᠤᠷᠠᠳᠤᠭᠰᠠᠨ ᠭᠤᠶᠤᠴᠢᠯᠠᠭᠴᠢ ᠶᠢᠨ ᠲᠤᠰᠢᠶᠠᠭᠰᠠᠨ ᠪᠠᠶᠢᠨ᠎ᠠ᠄ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ | ᠪᠠᠩᠬᠢ ᠶᠢᠨ ᠺᠠᠷᠲ ᠤᠨ ᠮᠡᠳᠡᠭᠡ ᠵᠠᠩᠭᠢ᠂ ᠪᠠᠷᠢᠮᠲᠠ ᠶᠢᠨ ᠮᠡᠳᠡᠭᠡ ᠵᠠᠩᠭᠢ ᠪᠠ ᠲᠡᠷᠭᠡ ᠬᠥᠰᠬᠡ ᠶᠢᠨ ᠳᠠᠩᠰᠠᠯᠠᠨ | ᠲᠡᠮᠳᠡᠭᠯᠡᠭᠰᠡᠨ ᠮᠡᠳᠡᠭᠡ ᠵᠠᠩᠭᠢ ᠶᠢ ᠨᠢᠭᠡᠳᠦᠯᠲᠡᠶ ᠪᠠᠶᠢᠯᠭᠠᠬᠤ ᠬᠡᠷᠡᠭᠲᠡᠶ᠃ | ᠭᠤᠶᠤᠴᠢᠯᠠᠬᠤ ᠮᠠᠲ᠋ᠧᠷᠢᠶᠠᠯ ᠢ ᠬᠢᠨᠠᠨ ᠬᠠᠷᠭᠤᠭᠤᠯᠬᠤ | ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠭᠠᠳ ᠠᠮᠵᠢᠯᠲᠠ ᠣᠯᠤᠭᠰᠠᠨ ᠤ ᠳᠠᠷᠠᠭ᠎ᠠ᠂ ᠨᠥᠬᠦᠪᠥᠷᠢ ᠶᠢ | ᠭᠥᠯᠢᠶᠡᠨ ᠠᠪᠴᠤ ᠰᠢᠢᠳᠪᠦᠷᠢᠯᠡᠬᠦ ᠭᠠᠵᠠᠷ ︵ᠳᠠᠷᠤᠶ ︽ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠨᠢᠭᠡᠳᠦᠯᠲᠡᠶ | ᠪᠠᠷᠢᠮᠲᠠ︾ ᠶᠢ ᠭᠠᠷᠭᠠᠵᠤ ᠥᠭᠭᠦᠭᠰᠡᠨ ᠭᠠᠵᠠᠷ︶ ᠲᠤ ᠬᠦᠷᠭᠡᠵᠦ ᠥᠭᠭᠦᠨ᠎ᠡ︔ ᠣᠷᠣᠨ ᠨᠤᠲᠤᠭ ᠤᠨ | ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ | ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠣᠷᠣᠨ ᠨᠤᠲᠤᠭ ᠤᠨ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠨᠠᠨ ᠬᠠᠷᠭᠤᠭᠤᠯᠤᠨ᠎ᠠ︔ ᠮᠠᠰᠢᠨ ᠲᠡᠷᠭᠡ ᠪᠠᠷ ᠳᠠᠮᠵᠢᠭᠤᠯᠤᠨ | ᠬᠠᠭᠤᠴᠢᠨ ᠢᠶᠠᠷ ᠰᠢᠨ᠎ᠡ ᠶᠢ ᠰᠤᠯᠢᠬᠤ ᠲᠠᠪᠴᠠᠩ ︵︽ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶ᠎ᠡ︾ ᠪᠤᠶᠤ ︽ᠮᠠᠰᠢᠨ ᠲᠡᠷᠭᠡ ᠶᠢ ᠬᠠᠭᠤᠴᠢᠨ ᠢᠶᠠᠷ | ᠰᠢᠨ᠎ᠡ ᠶᠢ ᠰᠣᠯᠢᠬᠤ︾ ᠵᠢᠵᠢᠭ ᠫᠷᠤᠭ᠍ᠷᠠᠮ ᠢ ᠵᠢᠭᠠᠵᠤ ᠪᠣᠶ︶ ᠢᠶᠠᠷ ᠳᠠᠮᠵᠢᠭᠤᠯᠤᠨ ᠬᠢᠨᠠᠨ ᠬᠠᠷᠭᠤᠭᠤᠯᠤᠭᠰᠠᠨ ᠦᠷ᠎ᠡ | ᠳ᠋ᠦᠩ ᠢ ᠬᠠᠷᠢᠭᠤ ᠲᠤᠰᠬᠠᠨ᠎ᠠ᠃ | |