ᠬᠤᠶᠠᠳᠤᠭᠠᠷ ᠪᠦᠯᠦᠭ ᠳᠤᠮᠳᠠᠳᠤ ᠶᠢᠨ ᠰᠣᠶᠤᠯ ᠢ ᠮᠡᠳᠡᠷᠡᠬᠦ ᠪᠠ ᠰᠣᠶᠤᠯ ᠢ ᠤᠯᠠᠮᠵᠢᠯᠠᠬᠤ ᠶᠠᠪᠤᠳᠠᠯ ᠢ | ᠠᠬᠢᠭᠤᠯᠤᠨ᠎ᠠ | ᠠᠷᠪᠠᠨ ᠬᠤᠶᠠᠳᠤᠭᠠᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ | ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠵᠦ᠂ | ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ | ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ᠂ | ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠥᠯᠢ ᠪᠠᠷ ᠵᠠᠰᠠᠬᠤ ᠤᠬᠠᠮᠰᠠᠷ ᠢ | ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠣᠶᠣᠯ ᠤᠨ | ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠲᠠᠢ ᠪᠠᠷ | ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ᠃ ᠬᠤᠪᠢᠰᠬᠠᠯᠲᠤ ᠰᠤᠶᠤᠯ ᠢ ᠵᠠᠯᠭᠠᠮᠵᠢᠯᠠᠵᠤ᠂ ᠨᠡᠶᠢᠭᠡᠮ ᠵᠢᠷᠤᠮ ᠤᠨ ᠲᠡᠷᠢᠭᠦᠨ ᠤ | ᠰᠤᠶᠤᠯ ᠢ ᠬᠥᠭᠵᠢᠭᠦᠯᠵᠦ᠂ ᠰᠣᠶᠣᠯ ᠢ ᠬᠠᠮᠠᠭᠠᠯᠠᠨ ᠵᠠᠯᠭᠠᠮᠵᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ | ᠠᠷᠪᠠᠨ ᠳᠥᠷᠪᠡᠳᠦᠭᠡᠷ ᠵᠦᠢᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠵᠠᠯᠠᠭᠤᠴᠤᠳ | ᠪᠠᠭᠠᠴᠤᠳ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠳᠤ ᠣᠷᠣᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠦᠨ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ | ᠦᠨᠳᠦᠰᠦᠲᠡᠨ ᠪᠣᠯ ᠤᠯᠤᠰ ᠲᠦᠷᠦ ᠶᠢᠨ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ᠂ | ᠰᠣᠶᠣᠯ ᠤᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠶ | ᠲᠠᠨᠢᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠢ | ᠬᠡᠪᠰᠢᠭᠦᠯᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠶᠣᠰᠣ | ᠮᠣᠷᠠᠯ ᠤᠨ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠤᠷᠠᠯᠢᠭ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ᠂ | ᠨᠡᠶᠢᠭᠡᠮ ᠤᠨ ᠦᠢᠯᠡᠳᠦᠯᠭᠡ ᠶᠢᠨ ᠰᠤᠷᠭᠠᠨ ᠬᠥᠮᠦᠵᠢᠯ ᠳᠤ ᠠᠭᠤᠰᠤᠯᠴᠠᠭᠤᠯᠵᠤ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠠᠩᠬ᠎ᠠ ᠵᠡᠷᠭᠡ ᠶᠢᠨ ᠰᠤᠷᠭᠠᠨ ᠬᠥᠮᠦᠵᠢᠯ᠂ ᠳᠤᠮᠳᠠ ᠵᠡᠷᠭᠡ ᠶᠢᠨ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠳᠤᠮᠳᠠᠳᠤ ᠶᠢᠨ ᠦᠨᠳᠦᠰᠦᠲᠡᠨ ᠤ ᠡᠬᠡ ᠣᠷᠣᠨᠴᠢ ᠦᠵᠡᠯ ᠢᠶᠠᠷ ᠭᠤᠣᠯ | ᠪᠣᠯᠭᠠᠭᠰᠠᠨ ᠪᠥᠯᠬᠦᠮᠳᠡᠯ ᠨᠢᠭᠡᠳᠦᠯ᠂ ᠡᠩᠬᠡ ᠲᠠᠶᠢᠪᠤᠩ ᠢ ᠡᠷᠬᠢᠮᠯᠡᠳᠡᠭ᠂ ᠠᠵᠢᠯᠴᠢ ᠬᠥᠳᠡᠯᠮᠦᠷᠢᠴᠢ ᠪᠠᠭᠠᠲᠤᠷᠯᠢᠭ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠨᠠᠮ ᠪᠣᠯᠤᠨ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠳᠤ ᠪᠦᠷᠢᠯᠳᠦᠭᠰᠡᠨ ᠠᠭᠤᠤ ᠶᠡᠭᠡ ᠲᠡᠮᠡᠴᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠠᠶᠤᠯ | ᠲᠦᠭᠰᠢᠭᠦᠷᠢ ᠠᠴᠠ ᠠᠪᠤᠷᠠᠨ ᠲᠤᠰᠠᠯᠠᠬᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠨᠠᠰᠤᠲᠠᠨ ᠢᠶᠠᠨ | ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠵᠡᠷᠭᠡ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ | ᠠᠬᠢᠭᠤᠯᠤᠨ᠎ᠠ᠃ | ᠠᠷᠪᠠᠨ ᠳᠣᠯᠣᠳᠤᠭᠠᠷ ᠵᠦᠢᠯ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ | ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠮᠣᠩᠭᠤᠯ ᠮᠤᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ | ᠲᠡᠰᠪᠦᠷᠢ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠶᠢᠨ ᠬᠢᠯᠢ ᠶᠢ | ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ | ᠱᠠᠲᠤᠨ ᠳᠤ ᠭᠦᠨᠵᠡᠭᠡᠶᠢᠷᠡᠬᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠪᠠᠷᠢᠮᠲᠠᠯᠠᠨ᠂ ᠤᠳᠭ᠋᠎ᠠ | ᠤᠷᠠᠯᠢᠭ ᠢᠶᠠᠷ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠲᠠᠯᠠᠵᠤ᠂ ᠨᠡᠩ | ᠤᠯᠠᠨ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠲᠦᠷᠦᠯ | ᠲᠡᠮᠳᠡᠭ ᠢ ᠡᠭᠦᠳᠴᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ | ᠰᠣᠶᠣᠯ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠳᠤ | ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ | ᠠᠷᠪᠠ ᠶᠢᠰᠦᠳᠦᠭᠡᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠢᠴᠢᠶᠡᠯ ᠢ ᠪᠦᠬᠦ ᠲᠠᠯ᠎ᠠ ᠪᠠᠷ ᠴᠢᠩᠭᠠᠳᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠤ ᠪᠠᠨ ᠡᠵᠡᠮᠰᠢᠬᠦ ᠪᠠ ᠬᠡᠷᠡᠭᠯᠡᠬᠦ ᠶᠢ ᠦᠨᠡᠨ ᠬᠦ | ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ | ᠰᠤᠷᠤᠯᠴᠠᠬᠤ ᠪᠠ ᠬᠡᠷᠡᠭᠯᠡᠬᠦ ᠶᠢ ᠬᠦᠨᠳᠦᠳᠬᠡᠨ ᠳᠡᠮᠵᠢᠵᠦ᠂ ᠡᠯ᠎ᠡ ᠦᠨᠳᠦᠰᠦᠲᠡᠨ ᠤ ᠬᠠᠷᠢᠯᠴᠠᠨ ᠦᠭᠡ ᠬᠡᠯᠡ | ᠦᠰᠦᠭ ᠪᠢᠴᠢᠭ ᠢ ᠬᠠᠷᠢᠯᠴᠠᠨ ᠰᠤᠷᠤᠯᠴᠠᠬᠤ ᠶᠢ ᠵᠣᠷᠢᠭᠵᠢᠭᠤᠯᠵᠤ᠂ ᠦᠨᠳᠦᠰᠦᠲᠡᠨ ᠨᠦᠭᠦᠳ ᠤᠨ | ᠰᠤᠷᠤᠭᠴᠢᠳ ᠤᠨ ᠬᠠᠮᠲᠤ ᠪᠠᠷ ᠬᠠᠮᠲᠤᠪᠠᠷ ᠠᠩᠭᠢ ᠨᠢᠭᠡᠳᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | ᠬᠤᠷᠢᠳᠤᠭᠠᠷ ᠵᠦᠢᠯ ᠡᠬᠡ ᠣᠷᠣᠨ ᠤ ᠨᠢᠭᠡᠳᠦᠯ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ᠂ ᠬᠤᠪᠢᠰᠬᠠᠯ ᠤᠨ ᠲᠡᠦᠬᠡ ᠶᠢ ᠲᠤᠰᠬᠠᠭᠰᠠᠨ ᠪᠠᠭᠤᠷᠢ ᠪᠣᠯᠤᠨ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠳᠤᠮᠳᠠᠳᠤ ᠶᠢᠨ ᠲᠡᠦᠬᠡ ᠶᠢᠨ | ᠨᠡᠷᠡᠳᠦ ᠬᠥᠮᠦᠰ ᠢ ᠳᠤᠷᠠᠰᠬᠠᠬᠤ ᠠᠵᠢᠯᠯᠠᠭ᠎ᠠ᠂ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ᠂ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠡᠳᠦᠷ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ᠂ | ᠲᠡᠦᠬᠡ ᠶᠢᠨ ᠦᠯᠡᠳᠡᠭᠳᠡᠯ ᠵᠡᠷᠭᠡ ᠶᠢ ᠭᠦᠢᠴᠡᠳ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ | ᠰᠠᠨᠠᠭ᠎ᠠ ᠶᠢ ᠪᠤᠶᠢᠵᠢᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ᠎ᠠ᠃ | ᠬᠤᠷᠢᠨ ᠨᠢᠭᠡᠳᠦᠭᠡᠷ ᠵᠦᠢᠯ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠴᠢᠩᠭᠠᠳᠬᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ | ᠶᠠᠪᠤᠳᠠᠯ ᠢ ᠠᠭᠤᠳᠠᠯᠤᠨ ᠡᠮᠬᠢᠳᠬᠡᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠥᠪᠥᠷ | ᠮᠣᠩᠭᠤᠯ ᠤᠨ ᠣᠨᠴᠠᠯᠢᠭ ᠢ ᠲᠤᠰᠬᠠᠭᠰᠠᠨ᠂ ᠤᠳᠤ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ᠂ ᠤᠯᠠᠨ | ᠲᠦᠮᠡᠨ ᠤ ᠦᠵᠡᠵᠦ ᠰᠣᠨᠣᠰᠬᠤ ᠳᠤᠷᠠᠲᠠᠢ ᠪᠦᠲᠦᠭᠡᠯ ᠢ ᠳᠡᠯᠭᠡᠷᠡᠭᠦᠯᠬᠦ ᠬᠡᠷᠡᠭᠲᠡᠢ᠃ | ᠣᠯᠠᠨ ᠨᠡᠶᠢᠲᠡ ᠶᠢᠨ ᠵᠠᠭᠤᠴᠢᠯᠠᠭᠤᠷ᠂ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠨᠢ ᠠᠴᠢᠶᠠᠯᠠᠪᠤᠷᠢ ᠪᠣᠯᠤᠨ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠰᠢᠨ᠎ᠡ ᠮᠡᠷᠭᠡᠵᠢᠯ ᠢ ᠭᠦᠢᠴᠡᠳ ᠠᠰᠢᠭᠯᠠᠨ᠂ ᠠᠳᠠᠯᠢ ᠪᠤᠰᠤ ᠡᠲᠡᠭᠡᠳ | ᠪᠣᠯᠤᠨ ᠬᠦᠯᠢᠶᠡᠨ ᠠᠪᠤᠭᠴᠢᠳ ᠤᠨ ᠣᠨᠴᠠᠯᠢᠭ ᠲᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠤᠨ ᠮᠡᠳᠡᠭᠡᠯᠡᠬᠦ ᠠᠵᠢᠯᠯᠠᠭ᠎ᠠ ᠶᠢ ᠣᠯᠠᠨ ᠠᠷᠭ᠎ᠠ ᠵᠠᠮ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ᠂ | ᠲᠡᠦᠬᠡ ᠰᠣᠶᠣᠯ ᠤᠨ ᠵᠡᠭᠡᠯᠢ ᠲᠣᠭᠤᠷᠢᠭ᠂ ᠨᠡᠷᠡᠲᠦ ᠬᠥᠮᠦᠰ ᠤᠨ ᠬᠠᠭᠤᠴᠢᠨ ᠣᠷᠣᠨ ᠰᠠᠭᠤᠴᠠ ᠶᠢᠨ | ᠬᠠᠮᠠᠭᠠᠯᠠᠯᠲᠠ ᠶᠢ ᠴᠢᠩᠭᠠᠳᠬᠠᠨ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ᠂ ᠲᠡᠦᠬᠡ ᠶᠢᠨ ᠪᠠᠷᠢᠯᠭ᠎ᠠ᠂ | ᠲᠠᠷᠢᠶᠠᠯᠠᠩ ᠮᠠᠯ ᠠᠵᠤ ᠠᠬᠤᠶ ᠶᠢᠨ ᠰᠣᠶᠣᠯ ᠤᠨ ᠥᠪ᠂ ᠠᠵᠤ ᠦᠢᠯᠡᠳᠪᠦᠷᠢ ᠶᠢᠨ ᠥᠪ ᠬᠥᠷᠥᠩᠭᠡ᠂ | ᠪᠠᠶᠢᠭᠠᠯᠢ ᠶᠢᠨ ᠥᠪ ᠤᠨ ᠬᠠᠮᠠᠭᠠᠯᠠᠯᠲᠠ ᠶᠢ ᠰᠠᠶᠢᠲᠤᠷ ᠬᠢᠨ᠎ᠡ᠃ | ᠬᠤᠷᠢᠨ ᠭᠤᠷᠪᠠᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠡᠯ᠎ᠡ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠵᠠᠩ ᠳᠠᠳᠬᠠᠯ᠂ ᠤᠯᠠᠮᠵᠢᠯᠠᠯᠲᠤ | ᠪᠠᠶᠠᠷ᠂ ᠤᠯᠠᠮᠵᠢᠯᠠᠯᠲᠤ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ ᠶᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠶᠢ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠬᠤ ᠳᠤᠮᠳᠠ ᠬᠥᠭᠵᠢᠭᠦᠯᠬᠦ ᠶᠢ | ᠠᠬᠢᠭᠤᠯᠵᠤ᠂ ᠬᠥᠭᠵᠢᠭᠦᠯᠬᠦ ᠳᠤᠮᠳᠠ ᠵᠠᠯᠭᠠᠮᠵᠢᠯᠠᠵᠤ᠂ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ | ᠪᠠ ᠰᠢᠨ᠎ᠡ ᠶᠢ ᠡᠭᠦᠳᠴᠦ ᠠᠭᠤᠰᠤᠯᠴᠠᠬᠤ ᠶᠢ ᠠᠬᠢᠭᠤᠯᠤᠨ᠎ᠠ᠃ | ᠬᠤᠷᠢᠨ ᠳᠥᠷᠪᠡᠳᠦᠭᠡᠷ ᠵᠦᠢᠯ ᠥᠪᠥᠷ ᠮᠣᠩᠭᠤᠯ ᠤᠨ ᠰᠢᠯᠢᠳᠡᠭ ᠤᠳᠬ᠎ᠠ ᠵᠣᠬᠢᠶᠠᠯ᠂ ᠳᠠᠭᠤᠤ ᠬᠥᠭᠵᠢᠮ᠂ | ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂ ᠰᠢ ᠵᠦᠴᠦᠭᠡ᠂ ᠤᠯᠠᠮᠵᠢᠯᠠᠯᠲᠤ ᠵᠦᠴᠦᠭᠡ ᠶᠢᠨ ᠭᠠᠷᠴᠠᠭ ᠵᠡᠷᠭᠡ ᠶᠢ | ᠠᠭᠤᠳᠠᠯᠤᠨ ᠡᠮᠬᠢᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ ᠬᠠᠮᠠᠭᠠᠯᠠᠬᠤ᠂ | ᠰᠤᠳᠤᠯᠬᠤ᠂ ᠠᠰᠢᠭᠯᠠᠬᠤ ᠶᠢ ᠴᠢᠩᠭᠠᠳᠬᠠᠨ᠂ ᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠪᠠᠳᠠᠷᠠᠭᠤᠯᠤᠨ᠂ ᠡᠯ᠎ᠡ ᠦᠨᠳᠦᠰᠦᠲᠡᠨ ᠤ ᠰᠣᠩᠭᠤᠳᠠᠭ | ᠲᠤᠯᠭᠤᠷ ᠪᠢᠴᠢᠭ ᠢ ᠬᠠᠷᠢᠯᠴᠠᠨ ᠣᠷᠴᠢᠭᠤᠯᠵᠤ ᠬᠡᠪᠯᠡᠭᠦᠯᠬᠦ ᠠᠵᠢᠯ ᠢ ᠰᠠᠶᠢᠲᠤᠷ ᠬᠢᠨ᠎ᠡ᠃ | ᠬᠤᠷᠢᠨ ᠲᠠᠪᠤᠳᠤᠭᠠᠷ ᠵᠦᠢᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠬᠥᠭᠵᠢᠭᠦᠯᠵᠦ᠂ ᠨᠠᠭᠠᠳᠤᠮ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠰᠠᠶᠢᠲᠤᠷ | ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠳᠥᠷᠪᠡᠨ ᠵᠢᠯ ᠳᠤ ᠨᠢᠭᠡ | ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ | ᠡᠷᠬᠢᠯᠡᠵᠦ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠪᠣᠯᠤᠨ | ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠣᠷᠪᠤᠰ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠥᠪᠥᠷ ᠮᠣᠩᠭᠤᠯ ᠤᠨ ᠡᠯᠪᠡᠭ ᠪᠠᠶᠠᠯᠢᠭ ᠲᠡᠤᠬᠡ ᠰᠣᠶᠣᠯ ᠤᠨ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ | ᠦᠨᠳᠦᠰᠦᠲᠡᠨ ᠤ ᠵᠠᠩ ᠦᠢᠯᠡ ᠶᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠥᠯᠢᠭᠡᠷ ᠢ ᠰᠠᠶᠢᠲᠤᠷ ᠶᠠᠷᠢᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠵᠠᠮ | ᠱᠤᠭᠤᠮ ᠢ ᠪᠣᠶ ᠪᠣᠯᠭᠠᠨ᠎ᠠ᠃ | ᠭᠤᠷᠪᠠᠳᠤᠭᠠᠷ ᠪᠦᠯᠦᠭ ᠦᠨᠳᠦᠰᠦᠲᠡᠨ ᠨᠦᠭᠦᠳ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ | ᠬᠤᠷᠢᠨ ᠳᠣᠯᠣᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢᠨ ᠲᠣᠭᠤᠷᠢᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠶ ᠶᠢᠨ | ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ | ᠠᠭᠤᠰᠤᠯᠴᠠᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ | ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠂ ᠨᠠᠩ ᠠᠮᠤᠷ | ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠭᠦᠨᠵᠡᠭᠡᠢ ᠠᠭᠤᠰᠤᠯᠴᠠᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠣᠷᠣᠰ ᠮᠣᠩᠭᠤᠯ ᠲᠠᠢ ᠬᠤᠯᠪᠣᠯᠳᠤᠭᠰᠠᠨ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠡᠬᠢ | ᠪᠠᠶᠠᠯᠢᠭ ᠤᠨ ᠡᠯᠧᠮᠧᠨ᠋ᠲ ᠤᠨ ᠲᠤᠬᠢᠷᠠᠭᠤᠯᠤᠯᠳᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ | ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢᠨ ᠰᠢᠨ᠎ᠡ | ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠬᠤᠷᠢ ᠶᠢᠰᠦᠳᠦᠭᠡᠷ ᠵᠦᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠲᠦᠷᠭᠡᠨ ᠬᠥᠭᠵᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠮᠠᠯ ᠠᠵᠤ ᠠᠬᠤᠢ | ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ | ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ ᠬᠦᠳᠡᠭᠡ | ᠲᠤᠰᠬᠤᠨ ᠮᠠᠯᠵᠢᠬᠤ ᠤᠷᠤᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠤᠯᠠᠨ ᠨᠡᠶᠢᠳᠡ ᠶᠢᠨ | ᠦᠢᠯᠡᠴᠢᠯᠡᠭᠡ ᠶᠢ ᠴᠢᠩᠭᠠᠳᠬᠠᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠤᠤᠭᠤᠬᠤ ᠤᠰᠤᠨ ᠤ ᠠᠮᠤᠷ | ᠲᠦᠪᠰᠢᠨ ᠢ ᠪᠠᠳᠤᠯᠠᠬᠤ ᠪᠠ ᠵᠠᠮ ᠨᠡᠪᠳᠡᠷᠡᠯᠭᠡ ᠶᠢᠨ ᠰᠠᠭᠠᠳ ᠦᠬᠡᠢ ᠨᠡᠪᠳᠡᠷᠡᠬᠦ ᠶᠢ ᠲᠡᠬᠡᠭᠰᠢᠯᠡᠬᠦᠯᠦᠨ᠂ ᠬᠦᠳᠡᠭᠡ | ᠲᠤᠰᠬᠤᠨ ᠮᠠᠯᠵᠢᠬᠤ ᠤᠷᠤᠨ ᠤ ᠪᠠᠷᠠᠭᠠᠨ ᠤ ᠭᠦᠢᠯᠬᠡᠬᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠲᠠᠷᠢᠶᠠᠯᠠᠩ ᠤᠨ | ᠤᠯᠠᠨ ᠡᠬᠢᠳᠤ ᠪᠤᠬᠢᠷᠳᠤᠯ ᠢ ᠰᠡᠷᠬᠡᠶᠢᠯᠡᠨ ᠵᠠᠰᠠᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠤ ᠮᠡᠳᠡᠯᠬᠡ ᠶᠢ | ᠲᠦᠬᠡᠮᠡᠯᠵᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠵᠤᠷᠯᠤᠩ ᠢ ᠦᠬᠡᠷᠡᠴᠢᠯᠡᠬᠦ᠂ ᠠᠮᠢᠳᠤᠷᠠᠯ ᠤᠨ ᠬᠤᠭ | ᠨᠤᠪᠰᠢ ᠶᠢ ᠰᠶᠢᠳᠪᠦᠷᠢᠯᠡᠬᠦ ᠪᠠ ᠪᠤᠬᠢᠷ ᠤᠰᠤ ᠶᠢ ᠵᠠᠰᠠᠬᠤ ᠶᠢ ᠭᠠᠵᠠᠷ ᠤᠷᠤᠨ ᠤ ᠪᠠᠶᠢᠳᠠᠯ ᠳᠤ ᠨᠢ ᠲᠤᠬᠢᠷᠠᠭᠤᠯᠵᠦ | ᠠᠬᠢᠭᠤᠯᠤᠨ᠂ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠰᠠᠶᠢᠵᠢᠷᠠᠭᠤᠯᠵᠦ᠂ ᠠᠮᠤᠷ ᠠᠮᠤᠭᠤᠯᠠᠩ ᠭᠦᠳᠡᠭᠡ | ᠲᠤᠰᠬᠤᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠤᠨ᠂ ᠭᠦᠳᠡᠭᠡ ᠲᠤᠰᠬᠤᠨ ᠢ ᠵᠠᠰᠠᠬᠤ ᠠᠷᠭ᠎ᠠ ᠮᠠᠶ᠋ᠢᠭ ᠲᠤ | ᠰᠢᠨ᠎ᠠ ᠶᠢ ᠡᠭᠦᠳᠴᠤ᠂ ᠭᠦᠳᠡᠭᠡ ᠲᠤᠰᠬᠤᠨ ᠢ ᠴᠢᠳᠠᠮᠠᠭᠠᠢ ᠵᠠᠰᠠᠬᠤ ᠬᠢᠷᠢ ᠲᠦᠪᠰᠢᠨ ᠢ ᠲᠡᠬᠡᠭᠰᠢᠯᠡᠬᠦᠯᠬᠦ ᠬᠡᠷᠡᠭᠳᠡᠢ᠃ | ᠭᠤᠴᠢᠳᠤᠭᠠᠷ ᠵᠦᠢᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠪᠡᠶᠡᠯᠡᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠪᠠ | ᠬᠥᠭᠵᠢᠭᠡᠳᠦᠶ ᠭᠠᠵᠠᠷ ᠣᠷᠣᠨ ᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ | ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ | ᠲᠣᠰᠬᠤᠨ ᠤ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠳᠣᠲᠣᠭᠠᠳᠤ | ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠣᠷᠣᠯᠭ᠎ᠠ ᠪᠠᠨ | ᠨᠡᠮᠡᠭᠳᠡᠭᠦᠯᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠪᠦᠬᠦ ᠲᠠᠯ᠎ᠠ ᠪᠠᠷ ᠬᠥᠭᠵᠢᠨ | ᠴᠡᠴᠡᠭᠯᠡᠬᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠤᠨ᠎ᠠ᠃ | ᠭᠤᠴᠢᠨ ᠨᠢᠭᠡᠳᠦᠭᠡᠷ ᠵᠦᠢᠯ ᠬᠢᠯᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠯᠢ | ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ | ᠪᠠᠬᠢᠵᠢᠭᠦᠯᠬᠦ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ | ᠭᠠᠵᠠᠷ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠭᠠᠵᠠᠷ ᠣᠷᠣᠨ ᠪᠣᠯᠤᠨ | ᠦᠨᠳᠦᠰᠦᠲᠡᠨ ᠤ ᠣᠨᠴᠠᠯᠢᠭᠲᠤ ᠠᠵᠤ ᠦᠢᠯᠡᠰ᠂ ᠦᠢᠯᠡᠳᠪᠦᠷᠢᠯᠡᠵᠦ ᠡᠳ᠋ᠰᠢᠭᠦᠯᠬᠦ ᠠᠷᠠᠯᠵᠢᠶᠠᠨ ᠤ ᠠᠵᠤ ᠠᠬᠤᠶᠢᠯᠠᠯ᠂ | ᠵᠢᠭᠤᠯᠴᠢᠯᠠᠯ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠵᠦ᠂ ᠣᠷᠣᠨ ᠨᠤᠲᠤᠭ ᠪᠣᠯᠤᠨ | ᠦᠨᠳᠦᠰᠦᠲᠡᠨ ᠤ ᠣᠨᠴᠠᠯᠢᠭ ᠲᠠᠢ᠂ ᠵᠠᠬ᠎ᠠ ᠳᠡᠯᠭᠡᠭᠦᠷ ᠲᠤ ᠥᠷᠢᠰᠥᠯᠳᠦᠬᠦ ᠴᠢᠳᠠᠯ ᠲᠠᠢ ᠲᠦᠷᠦᠯ ᠲᠡᠮᠳᠡᠭ ᠢ ᠪᠣᠶ | ᠪᠣᠯᠭᠠᠬᠤ ᠬᠡᠷᠡᠭᠲᠡᠶ᠃ | ᠬᠢᠯᠢ ᠶᠢᠨ ᠣᠷᠣᠨ ᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠢᠯᠢ ᠶᠢᠨ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢᠶᠠᠨ | ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠳᠤ ᠬᠦᠷᠬᠦ ᠬᠤᠲᠠ ᠪᠠᠯᠭᠠᠰᠤ ᠶᠢᠨ ᠢᠵᠢ | ᠪᠦᠷᠢᠳᠦᠭᠦᠯᠬᠦ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠣᠯᠤᠨ ᠠᠵᠤ | ᠦᠢᠯᠡᠰ ᠤᠨ ᠲᠠᠪᠴᠠᠩ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ | ᠭᠤᠴᠢᠨ ᠬᠤᠶᠠᠳᠤᠭᠠᠷ ᠵᠦᠢᠯ ᠠᠵᠤ ᠠᠬᠤᠶ ᠶᠢᠨ ᠨᠥᠬᠦᠪᠥᠷᠢ ᠥᠭᠬᠦ᠂ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠡᠬᠢ ᠪᠠᠶᠠᠯᠢᠭ ᠢ ᠬᠠᠷᠠᠭᠠᠯᠵᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠬᠥᠮᠦᠨ ᠠᠮᠠ | ᠨᠡᠯᠢᠶᠡᠳ ᠴᠥᠭᠡᠨ ᠦᠨᠳᠦᠰᠦᠲᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ | ᠬᠥᠮᠦᠨ ᠠᠮᠠ ᠨᠡᠯᠢᠶᠡᠳ ᠴᠥᠭᠡᠨ ᠦᠨᠳᠦᠰᠦᠲᠡᠨ ᠤ ᠣᠨᠴᠠᠯᠢᠭ ᠲᠠᠢ ᠲᠣᠰᠬᠤᠨ ᠪᠠᠯᠭᠠᠰᠤ ᠶᠢ ᠬᠠᠮᠠᠭᠠᠯᠠᠨ | ᠬᠥᠭᠵᠢᠭᠦᠯᠵᠦ᠂ ᠬᠥᠮᠦᠨ ᠠᠮᠠ ᠨᠡᠯᠢᠶᠡᠳ ᠴᠥᠭᠡᠨ ᠦᠨᠳᠦᠰᠦᠲᠡᠨ ᠤ ᠤᠯᠠᠮᠵᠢᠯᠠᠯᠲᠤ ᠠᠵᠤ ᠦᠢᠯᠡᠰ ᠢ ᠬᠠᠮᠠᠭᠠᠯᠠᠨ | ᠤᠯᠠᠮᠵᠢᠯᠠᠨ᠎ᠠ᠃ | ᠭᠤᠴᠢᠨ ᠭᠤᠷᠪᠠᠳᠤᠭᠠᠷ ᠵᠦᠢᠯ ᠤᠯᠤᠰ ᠤᠨ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠠᠬᠤ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠢᠶᠠᠷ ᠭᠤᠤᠯ ᠴᠣᠭᠴᠠ ᠪᠣᠯᠭᠠᠭᠰᠠᠨ | ᠶᠡᠷᠦᠩᠬᠡᠶᠢᠯᠡᠭᠰᠡᠨ ᠪᠡᠶᠡᠲᠦ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠦᠷᠭᠡᠳᠬᠡᠨ ᠪᠣᠶ ᠪᠣᠯᠭᠠᠵᠤ᠂ ᠰᠠᠭᠤᠷᠢ | ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃ | ᠬᠤᠲᠠ ᠬᠥᠳᠡᠭᠡ ᠶᠢ ᠬᠠᠮᠤᠷᠤᠭᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠭᠦᠷᠢᠰᠢᠭᠦᠯᠬᠦ᠂ ᠲᠣᠬᠢᠷᠠᠬᠤ ᠴᠢᠨᠠᠷ᠂ | ᠪᠣᠯᠤᠮᠵᠢᠲᠤ ᠴᠢᠨᠠᠷ ᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠶᠢ ᠨᠢᠭᠡ ᠴᠤᠭᠴᠠᠵᠢᠭᠤᠯᠤᠭᠰᠠᠨ ᠪᠠᠶᠢᠭᠤᠯᠤᠯᠲᠠ ᠶᠢ ᠬᠡᠷᠡᠭᠵᠢᠭᠦᠯᠵᠦ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠨ ᠳᠣᠷᠣᠭᠰᠢ ᠪᠠᠭᠤᠯᠭᠠᠬᠤ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠤᠲᠠ ᠬᠥᠳᠡᠭᠡ ᠶᠢᠨ | ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ᠂ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠪᠠ ᠬᠡᠤᠬᠡᠳ ᠤᠨ ᠠᠰᠠᠷᠠᠮᠵᠢ ᠶᠢᠨ ᠪᠡᠯᠡᠳᠬᠡᠮᠵᠢ ᠶᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ | ᠪᠠᠶᠢᠭᠤᠯᠤᠨ᠎ᠠ᠃ | ᠦᠨᠳᠦᠰᠦᠲᠡᠨ ᠤ ᠤᠯᠠᠮᠵᠢᠯᠠᠯᠲᠤ ᠡᠮ ᠡᠮᠨᠡᠯᠭᠡ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ | ᠠᠰᠢᠭᠯᠠᠬᠤ ᠶᠢ ᠴᠢᠩᠭᠠᠳᠬᠠᠨ᠂ ᠦᠨᠳᠦᠰᠦᠲᠡᠨ ᠤ ᠡᠮ ᠡᠮᠨᠡᠯᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠶᠢ | ᠡᠭᠦᠳᠦᠨ ᠬᠥᠭᠵᠢᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ | ᠭᠤᠴᠢᠨ ᠳᠥᠷᠪᠡᠳᠦᠭᠡᠷ ᠵᠦᠢᠯ ᠠᠵᠢᠯ ᠣᠯᠭᠤᠬᠤ ᠴᠢᠳᠠᠪᠤᠷᠢ ᠶᠢ ᠶᠡᠭᠡ ᠪᠠᠷ ᠪᠤᠶᠢᠵᠢᠭᠤᠯᠤᠨ | ᠳᠡᠭᠡᠭᠰᠢᠯᠡᠭᠦᠯᠵᠦ᠂ ᠤᠯᠠᠨ ᠠᠷᠭ᠎ᠠ ᠵᠠᠮ ᠢᠶᠠᠷ ᠵᠠᠬ᠎ᠠ ᠳᠡᠯᠭᠡᠭᠦᠷ ᠲᠤ ᠠᠵᠢᠯ ᠣᠯᠭᠤᠬᠤ ᠶᠢ ᠠᠬᠢᠭᠤᠯᠵᠤ᠂ ᠤᠷ᠎ᠠ | ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢᠯᠠᠩᠭᠤᠶ᠎ᠠ ᠮᠠᠯᠴᠢᠨ | ᠲᠠᠷᠢᠶᠠᠴᠢᠨ ᠤ ᠠᠵᠢᠯ ᠤᠯᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠢᠩᠭᠡᠭᠡᠨ | ᠠᠪᠴᠤ ᠠᠵᠢᠯ ᠣᠯᠭᠤᠬᠤ ᠶᠢ ᠵᠣᠷᠢᠭᠵᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠷᠠᠨ | ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃ | ᠨᠥᠬᠦᠴᠡᠯ ᠪᠦᠷᠢᠯᠳᠦᠭᠦᠯᠵᠦ ᠪᠠᠶᠢᠭᠠᠳ ᠦᠨᠳᠦᠰᠦᠲᠡᠨ ᠨᠦᠭᠦᠳ ᠤᠨ ᠶᠡᠭᠡ ᠰᠤᠷᠭᠠᠭᠤᠯᠢ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠦᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠬᠡ ᠲᠡᠭᠰᠢ ᠪᠠᠷ ᠠᠵᠢᠯ ᠣᠯᠵᠤ᠂ ᠭᠦᠢᠴᠡᠳ ᠠᠵᠢᠯ ᠣᠯᠬᠤ ᠶᠢ | ᠠᠬᠢᠭᠤᠯᠤᠨ᠎ᠠ᠃ | ᠭᠤᠴᠢᠨ ᠲᠠᠪᠤᠳᠤᠭᠠᠷ ᠵᠦᠢᠯ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠨᠤᠲᠤᠭ ᠪᠡᠯᠴᠢᠭᠡᠷ᠂ ᠤᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢ ᠲᠡᠷᠢᠭᠦᠨ | ᠴᠢᠬᠤᠯᠠ ᠡᠭᠦᠷᠭᠡ ᠪᠣᠯᠭᠠᠵᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠠᠮᠢ | ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠢᠮ᠎ᠡ ᠶᠣᠰᠣ ᠶᠢ ᠵᠢᠷᠤᠮᠯᠠᠵᠤ᠂ ᠴᠢᠬᠤᠯᠠ ᠠᠮᠢ ᠠᠬᠤᠢ ᠶᠢᠨ | ᠰᠢᠰᠲ᠋ᠧᠮ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ | ᠬᠡᠷᠡᠭᠵᠢᠭᠦᠯᠵᠦ᠂ ᠤᠯᠠᠨ ᠡᠰᠢᠴᠢᠯᠡᠭᠰᠡᠨ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠵᠤ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ | ᠤᠯᠤᠰ ᠤᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠤᠨ᠂ ᠠᠮᠢ | ᠠᠬᠤᠶ ᠶᠢᠨ ᠡᠬᠢ ᠪᠠᠶᠠᠯᠢᠭ ᠪᠣᠯᠤᠨ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠵᠤ᠂ ᠡᠬᠢ | ᠪᠠᠶᠠᠯᠢᠭ ᠢ ᠨᠡᠭᠡᠭᠡᠨ ᠠᠰᠢᠭᠯᠠᠵᠤ ᠪᠠᠶᠢᠭᠠᠳ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠢᠯᠡᠭᠦᠦ ᠠᠰᠢᠭ | ᠬᠦᠷᠲᠡᠭᠡᠬᠦ ᠶᠢ ᠠᠬᠢᠭᠤᠯᠤᠨ᠎ᠠ᠃ | ᠳᠥᠷᠪᠡᠳᠦᠭᠡᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠭᠤᠴᠢᠨ ᠵᠢᠷᠭᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠵᠦ᠂ ᠡᠩ ᠤᠨ ᠴᠠᠭ ᠲᠤ ᠰᠡᠳᠬᠢᠯ ᠵᠢᠷᠦᠬᠡ ᠪᠠᠨ ᠬᠤᠯᠪᠣᠬᠤ᠂ ᠰᠡᠳᠬᠢᠯ ᠰᠠᠨᠠᠭ᠎ᠠ ᠪᠠᠨ | ᠰᠣᠯᠢᠯᠴᠠᠬᠤ᠂ ᠦᠢᠯᠡ ᠠᠵᠢᠯᠯᠠᠭ᠎ᠠ ᠪᠠᠷ ᠢᠶᠠᠨ ᠭᠤᠣᠯᠳᠠᠯᠭ᠎ᠠ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ | ᠬᠥᠮᠦᠨ ᠤ ᠰᠣᠶᠣᠯ ᠢ ᠦᠨᠳᠦᠰᠦᠯᠡᠬᠦ᠂ ᠪᠣᠳᠠᠲᠤ ᠴᠣᠭᠴᠠᠴᠢᠯᠠᠬᠤ᠂ ᠣᠯᠠᠨ ᠲᠦᠮᠡᠨᠴᠢᠯᠡᠬᠦ ᠶᠡᠷᠦᠩᠬᠡᠶ ᠱᠠᠭᠠᠷᠳᠠᠯᠭ᠎ᠠ | ᠶᠣᠰᠣᠭᠠᠷ᠂ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠦᠨ᠎ᠡ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠲᠥᠯᠥᠪᠵᠢᠭᠦᠯᠭᠡ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ | ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠲᠣᠤᠷ ᠰᠦᠯᠵᠢᠶᠡᠨ ᠳᠤ ᠣᠷᠣᠭᠤᠯᠬᠤ ᠶᠢ | ᠲᠦᠯᠬᠢᠨ ᠠᠬᠢᠭᠤᠯᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ ᠨᠢ ᠨᠠᠮ ᠤᠨ ᠦᠨᠳᠦᠰᠦᠳᠡᠨ ᠤ ᠲᠦᠷᠦ ᠶᠢᠨ | ᠪᠤᠳᠤᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠤᠭᠳᠠᠭᠠᠯ ᠢ ᠲᠤᠭᠤᠰᠢᠯᠠᠭᠤᠯᠬᠤ ᠭᠦᠢᠴᠡᠳᠭᠡᠬᠦ | ᠴᠢᠳᠠᠪᠤᠷᠢ ᠪᠠᠨ ᠲᠡᠭᠡᠭᠰᠢᠯᠡᠭᠦᠯᠦᠨ᠂ ᠦᠨᠳᠦᠰᠦᠳᠡᠨ ᠤ ᠬᠡᠷᠡᠭ ᠶᠠᠪᠤᠳᠠᠯ ᠢ ᠬᠠᠤᠯᠢ ᠶᠤᠰᠤᠭᠠᠷ ᠵᠠᠰᠠᠬᠤ ᠴᠢᠳᠠᠪᠤᠷᠢ ᠪᠠᠨ | ᠲᠡᠭᠡᠭᠰᠢᠯᠡᠭᠦᠯᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠤᠮᠳᠠ | ᠲᠤᠤᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄ | ︵ᠨᠢᠭᠡ︶ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠶᠡᠭᠡ ᠲᠠᠯ᠎ᠠ ᠠᠴᠠ ᠦᠨᠳᠦᠰᠦᠲᠡᠨ ᠤ | ᠠᠵᠢᠯ ᠢ ᠲᠥᠯᠥᠪᠵᠢᠭᠦᠯᠦᠨ ᠠᠬᠢᠭᠤᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠪᠤᠶᠤ ᠠᠵᠢᠯ ᠢᠶᠠᠨ | ᠥᠷᠨᠢᠭᠦᠯᠬᠦ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ | ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠪᠦᠬᠦ ᠲᠠᠯ᠎ᠠ ᠪᠠᠷ ᠵᠥᠪ ᠣᠨᠣᠪᠴᠢᠲᠠᠢ ᠲᠤᠭᠤᠰᠢᠯᠠᠭᠤᠯᠤᠨ | ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ︔ | ︵ᠬᠤᠶᠠᠷ︶ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠭᠡᠨ᠂ ᠰᠠᠭᠤᠷᠢ ᠲᠥᠭᠦᠭᠡᠷᠦᠮᠵᠢ ᠪᠠ | ᠠᠮᠢᠳᠤᠷᠠᠯ ᠤᠨ ᠨᠥᠬᠦᠴᠡᠯ ᠢᠶᠠᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠤᠨ ᠢ ᠪᠦᠬᠦ ᠤᠯᠤᠰ ᠯᠤᠭ᠎ᠠ ᠶᠢᠨ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠵᠡᠷᠭᠡᠪᠡᠷ ᠪᠡᠶᠡᠯᠡᠭᠦᠯᠬᠦ ᠶᠢ ᠠᠬᠢᠭᠤᠯᠤᠨ᠎ᠠ︔ | ︵ᠭᠤᠷᠪᠠ︶ ᠠᠵᠢᠯ ᠤᠨ ᠲᠤᠨᠨᠳᠠᠴᠠ ᠶᠢᠨ ᠰᠢᠨ᠎ᠠ ᠶᠢ ᠡᠭᠦᠳᠴᠤ᠂ ᠦᠨᠳᠦᠰᠦᠳᠡᠨ ᠤ ᠪᠦᠯᠭᠦᠮᠳᠠᠯ | ᠲᠠᠪᠰᠢᠯᠳᠠ ᠶᠢᠨ ᠭᠦᠮᠦᠵᠢᠯ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠂ | ᠦᠨᠳᠦᠰᠦᠳᠡᠨ ᠨᠦᠭᠦᠳ ᠤᠨ ᠤᠯᠠᠨ ᠲᠦᠮᠡᠨ ᠢ ᠵᠤᠬᠢᠶᠠᠨ ᠪᠠᠶᠢᠭᠤᠯᠵᠦ ᠲᠦᠷᠦᠯ ᠬᠡᠯᠪᠡᠷᠢ ᠪᠠᠷ ᠤᠯᠠᠨ ᠶᠠᠩᠵᠦ ᠶᠢᠨ | ᠭᠤᠤᠯ ᠰᠡᠳᠦᠪᠳᠦ ᠭᠦᠮᠦᠵᠢᠯ ᠪᠠ ᠨᠡᠶᠢᠬᠡᠮ ᠤᠨ ᠦᠢᠯᠡᠳᠦᠯᠬᠡ ᠶᠢᠨ ᠠᠵᠢᠯᠯᠠᠭ᠎ᠠ ᠶᠢ ᠦᠷᠨᠢᠬᠦᠯᠦᠨ᠂ | ᠦᠨᠳᠦᠰᠦᠳᠡᠨ ᠨᠦᠭᠦᠳ ᠤᠨ ᠰᠤᠶᠤᠯ ᠢ ᠠᠭᠤᠰᠤᠯᠴᠠᠭᠤᠯᠤᠨ ᠭᠦᠭᠵᠢᠬᠦᠯᠬᠦ ᠪᠠ ᠰᠢᠨ᠎ᠠ ᠶᠢ ᠡᠭᠦᠳᠬᠦ ᠶᠢ | ᠠᠬᠢᠭᠤᠯᠤᠨ᠎ᠠ᠃ | ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠤᠮᠳᠠ ᠵᠢᠱᠢᠶᠡᠴᠢ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠡᠯ᠎ᠡ ᠲᠥᠷᠥᠯ ᠤᠨ ᠠᠵᠤ ᠠᠬᠤᠶᠢᠯᠠᠯ ᠢ ᠳᠠᠮᠵᠢᠵᠤ ᠪᠠᠶᠢᠭᠠᠳ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠰᠣᠶᠣᠯ ᠤᠨ | ᠪᠠᠶᠢᠭᠤᠯᠤᠯᠲᠠ ᠳᠤ ᠠᠭᠤᠰᠬᠠᠨ ᠣᠷᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠵᠤ | ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠂ ᠳᠣᠣᠷᠠᠬᠢ ᠮᠡᠲᠦ ᠨᠡᠶᠢᠭᠡᠮ ᠤᠨ ᠬᠠᠷᠢᠭᠤᠴᠠᠯᠭ᠎ᠠ ᠶᠢ | ᠭᠦᠢᠴᠡᠳᠭᠡᠨ᠎ᠡ᠄ | ︵ᠨᠢᠭᠡ︶ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠯᠲᠠ ᠶᠢ ᠢᠳᠡᠪᠬᠢᠲᠡᠢ ᠪᠠᠷ | ᠬᠦᠯᠢᠶᠡᠨ ᠠᠪᠴᠤ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ︔ | ︵ᠬᠤᠶᠠᠷ︶ ᠠᠵᠤ ᠦᠢᠯᠡᠰ ᠲᠣᠬᠢᠷᠠᠭᠤᠯᠬᠤ᠂ ᠨᠡᠶᠢᠭᠡᠮ ᠤᠨ ᠦᠢᠯᠡᠴᠢᠯᠡᠭᠡ ᠥᠷᠨᠢᠭᠦᠯᠬᠦ ᠳᠡᠭᠡᠨ ᠲᠤᠬᠠᠶ ᠶᠢᠨ | ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠲᠤᠰᠠ ᠶᠢ ᠭᠦᠢᠴᠡᠳ ᠪᠣᠳᠣᠯᠬᠢᠯᠠᠬᠤ ᠬᠡᠷᠡᠭᠲᠡᠶ᠃ | | ︵ᠭᠤᠷᠪᠠ︶ ᠶᠠᠳᠠᠭᠤ ᠶᠢ ᠲᠡᠳᠭᠦᠨ ᠬᠦᠴᠢᠷᠳᠡᠯᠲᠡᠶ ᠶᠢ ᠲᠤᠰᠠᠯᠠᠬᠤ᠂ ᠡᠳ᠋ ᠮᠥᠩᠭᠦ ᠪᠠᠷ ᠰᠤᠷᠤᠯᠭ᠎ᠠ ᠶᠢ | ᠲᠡᠳᠬᠦᠬᠦ᠂ ᠬᠥᠭᠦᠷᠭᠡ ᠪᠠᠶᠢᠭᠤᠯᠤᠨ ᠵᠠᠮ ᠵᠠᠰᠠᠬᠤ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ | ᠥᠷᠨᠢᠭᠦᠯᠦᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ᠂ ᠦᠨᠳᠦᠰᠦᠲᠡᠨ ᠤ | ᠪᠦᠯᠬᠦᠮᠳᠡᠯ ᠢ ᠠᠬᠢᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠶ᠃ | ᠳᠥᠴᠢᠳᠦᠭᠡᠷ ᠵᠦᠢᠯ ᠨᠡᠶᠢᠭᠡᠮ ᠲᠣᠭᠤᠷᠢᠭ ᠤᠨ ᠬᠠᠷᠢᠯᠴᠠᠨ ᠰᠢᠭᠢᠳᠬᠡᠭᠰᠡᠨ ᠮᠠᠶ᠋ᠢᠭ ᠤᠨ ᠨᠡᠶᠢᠭᠡᠮ ᠤᠨ | ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠪᠠᠶᠢᠭᠤᠯᠬᠤ ᠶᠢ ᠲᠦᠯᠬᠢᠨ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠰᠲ᠋ᠧᠮᠵᠢ ᠶᠢᠨ ᠴᠢᠬᠤᠯᠠ ᠠᠭᠤᠯᠭ᠎ᠠ ᠪᠣᠯᠭᠠᠵᠤ᠂ ᠳᠣᠣᠷᠠᠬᠢ ᠠᠵᠢᠯ ᠤᠳ ᠢ ᠥᠷᠨᠢᠭᠦᠯᠬᠦ ᠬᠡᠷᠡᠭᠲᠡᠶ᠄ | ︵ᠨᠢᠭᠡ︶ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ | ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠴᠡᠩᠭᠡᠬᠦ᠂ ᠬᠠᠮᠲᠤ ᠪᠠᠷ ᠡᠳ᠋ᠯᠡᠬᠦ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠠᠶᠢᠭᠠᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ ᠲᠠᠢ ᠬᠠᠮᠲᠤ ᠪᠠᠷ | ᠰᠠᠭᠤᠷᠢᠰᠢᠭᠤᠯᠤᠨ᠎ᠠ᠃ | ︵ᠬᠤᠶᠠᠷ︶ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠠᠵᠢᠯ ᠢ | ᠴᠢᠩᠭᠠᠳᠬᠠᠵᠤ᠂ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠬᠤᠲᠠ ᠳᠤ ᠨᠠᠩ ᠰᠠᠶᠢᠲᠤᠷ | ᠠᠭᠤᠰᠤᠯᠴᠠᠬᠤ ᠶᠢ ᠠᠬᠢᠭᠤᠯᠤᠨ᠎ᠠ᠃ | ︵ᠭᠤᠷᠪᠠ︶ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠨ ᠰᠠᠭᠤᠴᠠ᠂ | ᠡᠪᠡᠳᠴᠢᠨ ᠦᠵᠡᠭᠦᠯᠬᠦ᠂ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ | ᠬᠠᠪᠰᠤᠷᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠤᠬᠠᠭᠤᠯᠭ᠎ᠠ᠂ ᠠᠵᠢᠯ ᠣᠯᠭᠤᠯᠲᠠ ᠶᠢᠨ ᠵᠢᠯᠣᠭᠤᠳᠣᠯᠭ᠎ᠠ᠂ | ᠵᠥᠷᠢᠴᠡᠯ ᠢ ᠨᠠᠮᠳᠠᠭᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠶᠢ | ᠴᠢᠩᠭᠠᠳᠬᠠᠨ᠎ᠠ᠃ | ︵ᠲᠦᠷᠪᠡ︶ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠰᠤᠷᠲᠠᠯ ᠢ ᠪᠤᠢ | ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠩ ᠳᠠᠳᠬᠠᠯ ᠢ | ᠬᠠᠷᠢᠯᠴᠠᠨ ᠬᠦᠨᠳᠦᠳᠬᠡᠵᠦ᠂ ᠬᠥᠷᠰᠢ ᠵᠡᠷᠭᠡᠯᠡᠳᠡᠭᠡ ᠲᠠᠢ ᠪᠠᠨ ᠪᠦᠯᠬᠦᠮᠳᠡᠭᠰᠡᠨ᠂ ᠭᠡᠷ ᠪᠦᠯᠢ ᠪᠠ ᠭᠤᠶᠤ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ | ᠳᠥᠴᠢᠨ ᠨᠢᠭᠡᠳᠦᠭᠡᠷ ᠵᠦᠢᠯ ᠰᠤᠮᠤ ᠰᠢᠶᠠᠩ ᠪᠠᠯᠭᠠᠰᠤ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠡᠭᠦᠳᠦᠨ | ᠪᠠᠶᠢᠭᠤᠯᠬᠤ ᠠᠵᠢᠯ ᠤᠨ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠠᠵᠢᠯ ᠤᠨ | ᠪᠦᠲᠦᠮᠵᠢ ᠶᠢ ᠬᠢᠨᠠᠨ ᠰᠢᠯᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠳᠣᠣᠷᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠤ ᠠᠭᠤᠰᠤᠯᠴᠠᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠠᠵᠤ | ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ | ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ︔ | ︵ᠬᠤᠶᠠᠷ︶ ᠬᠠᠷᠢᠶᠠᠲᠤ ᠣᠷᠣᠨ ᠤ ᠳᠣᠲᠣᠷᠠᠬᠢ ᠬᠠᠷᠢᠴᠠᠩᠭᠤᠶ ᠬᠤᠴᠣᠷᠤᠩᠭᠤᠶ ᠴᠥᠭᠡᠨ ᠲᠣᠭᠠᠲᠤ | ᠦᠨᠳᠦᠰᠦᠲᠡᠨ ᠲᠥᠪᠯᠡᠷᠡᠨ ᠰᠠᠭᠤᠷᠢᠰᠢᠨᠨᠰᠠᠨ ᠭᠠᠴᠠᠭ᠎ᠠ ᠲᠣᠰᠬᠤᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠳᠠᠪᠠᠭᠤᠯᠢᠭ ᠤᠨᠴᠠᠯᠢᠭᠳᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ︔ | ︵ᠭᠤᠷᠪᠠ︶ ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢ ᠶᠢ ᠠᠬᠢᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠠᠵᠢᠯ | ᠣᠯᠬᠤ᠂ ᠰᠤᠷᠭᠠᠨ ᠬᠥᠮᠥᠵᠢᠯ᠂ ᠡᠮ ᠡᠮᠨᠡᠯᠭᠡ᠂ ᠣᠷᠤᠨ ᠰᠠᠭᠤᠴᠠ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ | ᠪᠠᠲᠤᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ | ︵ᠲᠦᠷᠪᠡ︶ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠪᠠ ᠨᠡᠭᠦᠳᠡᠯ ᠬᠥᠮᠦᠨ ᠠᠮᠠ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠬᠤ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃ | ︵ᠲᠠᠪᠤ︶ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠢᠳᠡᠪᠬᠢᠲᠡᠶ ᠥᠷᠨᠢᠭᠦᠯᠵᠦ᠂ | ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ ᠪᠠ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠬᠦ | ᠬᠡᠷᠡᠭᠲᠡᠶ᠃ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠳᠣᠤᠷᠠᠬᠢ ᠠᠵᠢᠯ ᠤᠳ ᠢ ᠥᠷᠨᠢᠭᠦᠯᠬᠦ ᠬᠡᠷᠡᠭᠲᠡᠶ᠄ | ︵ᠨᠢᠭᠡ︶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠨᠡᠶᠢᠭᠡᠮ ᠤᠨ ᠦᠢᠯᠡᠳᠦᠯᠭᠡ᠂ ᠭᠡᠷ ᠪᠦᠯᠢ ᠶᠢᠨ | ᠬᠥᠮᠦᠵᠢᠯ ᠢ ᠨᠢᠭᠡ ᠴᠤᠭᠴᠠᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠠᠪᠴᠠᠩ ᠢ | ᠪᠠᠶᠢᠭᠤᠯᠵᠤ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢᠨ ᠬᠥᠮᠦᠵᠢᠯ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠥᠮᠦᠵᠢᠯ᠂ ᠳᠤᠮᠳᠠᠳᠤ ᠶᠢᠨ ᠵᠡᠭᠦᠳᠦ ᠶᠢᠨ ᠬᠥᠮᠦᠵᠢᠯ ᠢ ᠭᠦᠨᠵᠡᠭᠡᠢ | ᠥᠷᠨᠢᠭᠦᠯᠦᠨ᠎ᠡ᠃ | ︵ᠬᠤᠶᠠᠷ︶ ᠦᠨᠳᠦᠰᠦᠲᠡᠨ ᠨᠦᠭᠦᠳ ᠤᠨ ᠰᠤᠷᠤᠭᠴᠢᠳ ᠤᠨ ᠬᠠᠮᠲᠤ ᠪᠠᠷ ᠣᠷᠣᠯᠴᠠᠭᠰᠠᠨ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠡᠳᠦᠷ | ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ | ︵ᠭᠤᠷᠪᠠ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠨᠢᠭᠡᠳᠦᠯᠲᠡᠶ ᠵᠢᠷᠤᠮᠵᠢᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠵᠦ᠂ ᠬᠢᠴᠢᠶᠡᠯ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠤᠨ᠂ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠶᠢ ᠪᠠᠭᠰᠢ ᠠᠵᠢᠯᠲᠠᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠡᠪᠴᠢᠶᠡᠨ ᠳᠤ | ᠣᠷᠣᠭᠤᠯᠤᠨ᠎ᠠ︔ | ︵ᠲᠦᠷᠪᠡ︶ ᠶᠡᠭᠡ ᠳᠡᠭᠡᠳᠦ ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠲᠡᠤᠬᠡ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ | ᠰᠤᠳᠤᠯᠤᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠵᠢᠭᠠᠨ | ᠰᠤᠳᠤᠯᠬᠤ ᠠᠵᠢᠯᠯᠠᠭ᠎ᠠ ᠪᠠ ᠰᠡᠳᠦᠪ ᠤᠨ ᠰᠤᠳᠤᠯᠭᠠᠨ ᠢ ᠥᠷᠨᠢᠭᠦᠯᠦᠨ᠎ᠡ᠃ | ᠳᠥᠴᠢᠨ ᠭᠤᠷᠪᠠᠳᠤᠭᠠᠷ ᠵᠦᠢᠯ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ | ᠤᠯᠠᠮᠵᠢᠯᠠᠯ ᠢ ᠪᠠᠳᠠᠷᠠᠭᠤᠯᠵᠤ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠬᠢᠯᠢ ᠶᠢᠨ ᠬᠠᠮᠠᠭᠠᠯᠠᠯᠲᠠ ᠶᠢᠨ | ᠬᠠᠷᠠᠭᠤᠯ ᠤᠨ ᠭᠠᠵᠠᠷ ᠵᠡᠷᠭᠡ ᠰᠠᠭᠤᠭ᠎ᠠ ᠭᠠᠵᠠᠷ ᠤᠨ ᠴᠡᠷᠢᠭ ᠠᠩᠭᠢ ᠲᠠᠢ ᠬᠠᠮᠲᠤᠷᠠᠨ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠴᠡᠷᠢᠭ ᠢᠶᠠᠨ ᠬᠦᠷᠢᠶᠡᠯᠡᠨ | ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ ᠶᠢ | ᠥᠷᠨᠢᠭᠦᠯᠦᠨ᠎ᠡ᠃ | ᠤᠯᠤᠰ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠰᠠᠬᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠯᠢ ᠶᠢᠨ | ᠠᠷᠠᠳ ᠤᠨ ᠬᠢᠯᠢ ᠬᠢᠵᠠᠭᠠᠷ ᠢᠶᠠᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠂ ᠬᠢᠯᠢ ᠶᠢᠨ ᠬᠠᠮᠠᠭᠠᠯᠠᠭᠴᠢ ᠶᠢ | ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ | ᠰᠠᠶᠢᠵᠢᠷᠠᠭᠤᠯᠤᠨ᠂ ᠬᠢᠯᠢ ᠬᠢᠵᠠᠭᠠᠷ ᠢᠶᠠᠨ ᠪᠠᠲᠤ ᠰᠠᠬᠢᠬᠤ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ | ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠨ᠎ᠠ᠃ | ᠳᠥᠴᠢᠨ ᠳᠥᠷᠪᠡᠳᠦᠭᠡᠷ ᠵᠦᠢᠯ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ᠂ ᠱᠠᠰᠢᠨ ᠰᠤᠷᠲᠠᠬᠤᠨ ᠤ ᠳᠡᠭᠡᠳᠦ ᠰᠤᠷᠭᠠᠭᠤᠯᠢ ᠨᠤᠭᠤᠳ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠪᠠᠷ | ᠠᠬᠢᠭᠤᠯᠬᠤ ᠬᠡᠷᠡᠭᠲᠡᠢ᠄ | ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ | ᠵᠢᠷᠤᠮᠲᠤ ᠪᠠᠶᠢᠭᠤᠯᠤᠯ ᠢ ᠬᠦᠷᠢᠶᠡᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠡᠬᠡ ᠤᠯᠤᠰ ᠤᠨ ᠨᠢᠭᠡᠳᠦᠯ᠂ ᠱᠠᠰᠢᠨ ᠰᠤᠷᠲᠠᠬᠤᠨ ᠤ | ᠡᠶ᠎ᠡ ᠵᠣᠬᠢᠴᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︔ | ︵ᠬᠤᠶᠠᠷ︶ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ | ᠬᠠᠤᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ | ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ | ︵ᠭᠤᠷᠪᠠ︶ ᠱᠠᠰᠢᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠦᠷᠢᠮ ᠳᠤᠮᠳᠠᠬᠢ ᠨᠡᠶᠢᠭᠡᠮ ᠤᠨ | ᠡᠶ᠎ᠡ ᠵᠣᠬᠢᠴᠠᠯ᠂ ᠴᠠᠭ ᠦᠶ᠎ᠡ ᠶᠢᠨ ᠳᠠᠪᠰᠢᠯᠲᠠ᠂ ᠡᠷᠡᠭᠦᠯ ᠪᠣᠯᠪᠠᠰᠤᠨ ᠠᠭᠤᠯᠭ᠎ᠠ ᠳᠤ ᠠᠰᠢᠭᠲᠠᠢ ᠠᠭᠤᠯᠭ᠎ᠠ ᠶᠢ | ᠠᠭᠤᠳᠠᠯᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠱᠠᠰᠢᠨ ᠤ | ᠳᠦᠷᠢᠮ ᠳᠤ ᠣᠳᠣ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠱᠠᠭᠠᠷᠳᠠᠯᠭ᠎ᠠ ᠳᠤ | ᠨᠡᠶᠢᠴᠡᠭᠰᠡᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠶᠢᠴᠡᠭᠰᠡᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠠᠶᠢᠯᠪᠤᠷᠢᠯᠠᠯᠲᠠ ᠬᠢᠪᠡ᠃ | ︵ᠲᠦᠷᠪᠡ︶ ᠱᠠᠰᠢᠨ ᠰᠤᠷᠲᠠᠬᠤᠨ ᠤ ᠪᠠᠭᠰᠢ ᠠᠵᠢᠯᠲᠠᠨ ᠪᠣᠯᠤᠨ ᠱᠠᠰᠢᠨ ᠰᠢᠲᠦᠳᠡᠭ ᠣᠯᠠᠨ ᠲᠦᠮᠡᠨ ᠤ | ᠡᠬᠡ ᠣᠷᠣᠨᠴᠢ ᠦᠵᠡᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠤᠯᠤᠰ ᠤᠨ ᠪᠠᠶᠢᠳᠠᠯ ᠤᠨ ᠬᠥᠮᠦᠵᠢᠯ | ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠤᠬᠠᠮᠰᠠᠷ᠂ ᠠᠷᠠᠳ | ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃ | ᠳᠥᠴᠢᠨ ᠲᠠᠪᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ | ᠰᠦᠯᠵᠢᠶᠡᠨ ᠤ ᠣᠷᠣᠨ ᠵᠠᠶ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠶᠢᠨ | ᠣᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ ᠪᠠᠶᠢᠭᠤᠯᠤᠨ᠎ᠠ᠄ | ︵ᠨᠢᠭᠡ︶ ᠪᠦᠯᠬᠦᠮᠳᠡᠯ ᠲᠣᠭᠲᠠᠭᠤᠨ ᠢᠶᠠᠷ ᠡᠷᠴᠢ ᠵᠣᠷᠢᠭ ᠢᠶᠠᠨ ᠬᠥᠪᠴᠢᠯᠡᠬᠦ᠂ ᠵᠥᠪ ᠲᠠᠯ᠎ᠠ ᠶᠢᠨ | ᠤᠬᠠᠭᠤᠯᠭ᠎ᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ | ᠵᠢᠭᠰᠠᠭᠠᠯ ᠤᠨ ᠭᠠᠵᠠᠷ ᠢ ᠬᠥᠭᠵᠢᠭᠦᠯᠦᠨ ᠪᠤᠵᠠᠭᠠᠶᠢᠷᠠᠭᠤᠯᠵᠤ᠂ ︽ᠢᠨᠲ᠋ᠧᠷ ᠰᠦᠯᠵᠢᠶᠡᠨ ᠤ ᠦᠨᠳᠦᠰᠦᠲᠡᠨ ᠤ | ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠵᠤ᠂ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠮ ᠵᠠᠭᠤᠴᠢᠯᠠᠭᠤᠷ ᠤᠨ | ᠤᠬᠠᠭᠤᠯᠭ᠎ᠠ᠂ ᠪᠥᠬᠦ ᠡᠵᠡᠩᠨᠡᠯᠲᠡ ᠶᠢᠨ ᠬᠡᠯᠪᠡᠷᠢ ᠶᠢᠨ ᠳᠠᠮᠵᠢᠭᠤᠯᠭ᠎ᠠ᠂ ᠪᠥᠬᠦ ᠲᠠᠪᠴᠠᠩ ᠢ ᠬᠠᠮᠤᠷᠤᠭᠰᠠᠨ | ᠰᠦᠯᠵᠢᠶᠡᠨ ᠤ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠶ︔ | ︵ᠬᠤᠶᠠᠷ︶ ᠭᠤᠣᠯ ᠤᠷᠤᠰᠬᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠨᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠤᠰᠬᠠᠶ ᠪᠤᠯᠤᠩ᠂ ᠲᠤᠰᠬᠠᠶ ᠰᠡᠳᠦᠪ ᠢ ᠨᠡᠭᠡᠭᠡᠵᠦ᠂ ᠴᠢᠨᠠᠷ ᠰᠠᠶᠢᠲᠠᠶ ᠠᠭᠤᠯᠭ᠎ᠠ | ᠭᠠᠷᠭᠠᠯᠲᠠ ᠶᠢᠨ ᠲᠣᠭᠲᠠᠴᠠ ᠶᠢ ᠪᠠᠶᠢᠭᠤᠯᠵᠤ᠂ ᠵᠢᠭᠰᠠᠭᠠᠯ ᠤᠨ ᠭᠠᠵᠠᠷ ᠤᠨ ᠳᠠᠪᠠᠭᠤᠯᠢᠭ᠂ ᠳᠠᠮᠵᠢᠭᠤᠯᠭ᠎ᠠ ᠶᠢᠨ | ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠨᠥᠯᠥᠭᠡᠯᠡᠬᠦ ᠬᠦᠴᠦᠨ ᠢᠶᠠᠷ ᠶᠡᠭᠡ᠂ ᠬᠠᠮᠤᠷᠬᠤ ᠬᠡᠪᠴᠢᠶ᠎ᠡ ᠪᠠᠷ ᠥᠷᠭᠡᠨ | ᠡᠷᠬᠡ ᠰᠦᠷᠲᠦ ᠬᠠᠮ ᠵᠠᠭᠤᠴᠢᠯᠠᠭᠤᠷ ᠤᠨ ᠪᠦᠲᠦᠭᠡᠯ ᠢ ᠪᠣᠶ ᠪᠣᠯᠭᠠᠵᠤ᠂ ᠣᠯᠠᠨ ᠲᠦᠮᠡᠨ ᠢ ᠨᠠᠩ ᠰᠠᠶᠢᠲᠤᠷ | ᠨᠢᠭᠲᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠬᠤ ᠬᠡᠷᠡᠭᠲᠡᠶ᠃ | ︵ᠭᠤᠷᠪᠠ︶ ᠢᠨᠲ᠋ᠧᠷ ᠰᠦᠯᠵᠢᠶᠡᠨ ᠤ ᠵᠠᠭᠤᠴᠢᠯᠠᠭᠤᠷ᠂ ᠢᠨᠲ᠋ᠧᠷ ᠰᠦᠯᠵᠢᠶᠡᠨ ᠤ ᠠᠵᠤ ᠠᠬᠤᠶᠢᠯᠠᠯ᠂ | ᠰᠦᠯᠵᠢᠶᠡᠨ ᠢᠷᠭᠡᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠢᠳᠡᠪᠬᠢᠲᠡᠶ ᠥᠷᠨᠢᠭᠦᠯᠬᠦ ᠶᠢ ᠵᠣᠷᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠳᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ︔ | ︵ᠲᠦᠷᠪᠡ︶ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠨᠢ ᠰᠦᠯᠵᠢᠶᠡᠨ ᠤ | ᠡᠬᠢ ᠪᠠᠶᠠᠯᠢᠭ ᠢ ᠭᠦᠢᠴᠡᠳ ᠠᠰᠢᠭᠯᠠᠨ᠂ ᠰᠦᠯᠵᠢᠶᠡᠨ ᠳᠡᠭᠡᠷᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠶᠠᠷᠢᠶᠠᠨ ᠤ ᠲᠠᠪᠴᠠᠩ ᠢ ᠪᠠᠶᠢᠭᠤᠯᠵᠤ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡ ᠠᠵᠢᠯᠯᠠᠭ᠎ᠠ ᠶᠢ ᠤᠬᠠᠭᠤᠯᠬᠤ | ᠬᠡᠷᠡᠭᠲᠡᠶ︔ | ︵ᠲᠠᠪᠤ︶ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ | ᠲᠠᠪᠴᠠᠩ ᠳᠤ ᠭᠠᠷᠤᠭᠰᠠᠨ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠬᠢᠯᠢ ᠬᠢᠵᠠᠭᠠᠷ ᠤᠨ ᠲᠣᠭᠲᠠᠭᠤᠨ | ᠪᠠᠶᠢᠳᠠᠯ ᠳᠤ ᠠᠰᠢᠭ ᠦᠭᠡᠶ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠶᠠᠷᠢᠶ᠎ᠠ ᠬᠡᠯᠡᠯᠭᠡ ᠶᠢ | ᠴᠠᠭ ᠲᠤᠬᠠᠶ ᠳᠤᠨᠢ ᠢᠯᠡᠷᠡᠭᠦᠯᠬᠦ ᠪᠠ ᠬᠤᠷᠢᠭᠯᠠᠨ ᠵᠣᠭᠰᠣᠭᠠᠵᠤ᠂ ᠡᠯ᠎ᠡ ᠵᠦᠢᠯ ᠤᠨ ᠪᠤᠷᠤᠭᠤ ᠦᠵᠡᠯᠲᠡ ᠶᠢ ᠲᠤᠭ | ᠲᠡᠮᠳᠡᠭ ᠲᠣᠳᠣᠷᠬᠠᠶ ᠡᠰᠡᠷᠭᠦᠴᠡᠨ ᠬᠤᠷᠢᠭᠯᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ | ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠬᠡᠮᠵᠢᠨ ᠲᠣᠭᠲᠠᠭᠠᠬᠤ ᠭᠦᠢᠴᠡᠳᠬᠡᠬᠦ ᠲᠤᠭ᠎ᠠ ᠶᠢ ᠲᠣᠭᠲᠠᠭᠠᠵᠤ᠂ | ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠶᠢᠮᠠᠭ ᠤᠨ ᠵᠠᠬᠢᠷᠭ᠎ᠠ᠂ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠱᠢᠶ᠎ᠡ ᠦᠵᠡᠭᠦᠯᠬᠦ ᠣᠷᠣᠨ᠂ ᠵᠢᠱᠢᠶ᠎ᠡ | ᠦᠵᠡᠭᠦᠯᠬᠦ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠬᠡᠮᠵᠢᠨ ᠲᠣᠭᠲᠠᠭᠠᠬᠤ ᠭᠦᠢᠴᠡᠳᠬᠡᠬᠦ | ᠲᠤᠭ᠎ᠠ ᠶᠢ ᠦᠨᠳᠦᠰᠦᠯᠡᠨ᠂ ᠪᠣᠳᠠᠲᠠᠶ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ | ᠳᠥᠴᠢᠨ ᠳᠣᠯᠣᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠡᠶᠢᠲᠡᠯᠢᠭ | ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ | ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠨᠢᠭᠡ ᠤᠳᠠᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠲᠠᠪᠤᠨ ᠵᠢᠯ ᠳᠤ ᠨᠢᠭᠡ ᠤᠳᠠᠭ᠎ᠠ | ᠬᠤᠷᠠᠯᠳᠤᠭᠤᠯᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ | ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠢᠯᠡᠳᠲᠡ ᠠᠮᠵᠢᠯᠲᠠ ᠭᠠᠷᠭᠠᠭᠰᠠᠨ ᠪᠠ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ | | ᠳᠥᠴᠢᠨ ᠨᠠᠢᠮᠠᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠵᠦ᠂ ᠵᠢᠯ ᠪᠦᠷᠢ ᠶᠢᠨ 5 ᠳ᠋ᠤᠭᠠᠷ ᠰᠠᠷ᠎ᠠ ᠳᠤ ᠪᠥᠬᠦ ᠣᠷᠣᠨ ᠤ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠭᠠᠵᠤ᠂ 5 ᠳ᠋ᠤᠭᠠᠷ ᠰᠠᠷ᠎ᠠ ᠶᠢᠨ ᠬᠠᠮᠤᠭ ᠰᠡᠭᠦᠯᠴᠢ ᠶᠢᠨ ᠨᠢᠭᠡ | ᠭᠠᠷᠠᠭ ᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠢᠶᠠᠷ ᠪᠣᠯᠭᠠᠨ᠎ᠠ︔ ᠵᠢᠯ ᠪᠦᠷᠢ ᠶᠢᠨ 9 | ᠳ᠋ᠦ᠋ᠭᠡᠷ ᠰᠠᠷ᠎ᠠ ᠳᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ | ᠪᠣᠯᠭᠠᠨ᠎ᠠ᠃ | ᠲᠠᠪᠤᠳᠤᠭᠠᠷ ᠪᠦᠯᠦᠭ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠨ᠎ᠠ | ᠳᠥᠴᠢ ᠶᠢᠰᠦᠳᠦᠭᠡᠷ ᠵᠦᠢᠯ ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠣᠶᠢᠯᠠᠭᠠᠯᠴᠠᠵᠤ᠂ | ᠬᠠᠷᠢᠯᠴᠠᠨ ᠬᠦᠨᠳᠦᠳᠭᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ | ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠪᠣᠯᠤᠨ | ᠠᠮᠢᠳᠤᠷᠠᠯ ᠤᠨ ᠠᠭᠤᠷ ᠠᠮᠢᠰᠬᠤᠯ ᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠬᠡᠷᠡᠭᠲᠡᠶ᠃ | ᠲᠠᠪᠢᠳᠤᠭᠠᠷ ᠵᠦᠢᠯ ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ | ᠣᠯᠠᠨ ᠲᠦᠮᠡᠨ ᠤ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯ ᠢ ᠪᠦᠲᠦᠭᠡᠯᠴᠢ ᠴᠢᠨᠠᠷᠲᠠᠶ ᠪᠠᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠠᠮᠲᠤᠪᠠᠷ ᠠᠬᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠠᠵᠢᠯᠴᠢᠨ ᠤ ᠡᠪᠯᠡᠯ ᠡᠯ᠎ᠡ ᠦᠨᠳᠦᠰᠦᠲᠡᠨ ᠤ ᠠᠵᠢᠯᠲᠠᠨ ᠠᠵᠢᠯᠴᠢᠨ ᠯᠤᠭ᠎ᠠ ᠬᠠᠷᠢᠯᠴᠠᠬᠤ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ | ᠡᠪ ᠬᠠᠮᠲᠤ ᠵᠠᠯᠠᠭᠤᠴᠤᠳ ᠤᠨ ᠡᠪᠯᠡᠯ ᠵᠠᠯᠠᠭᠤᠴᠤᠳ ᠪᠠᠭᠠᠴᠤᠳ ᠢ ᠬᠥᠲᠥᠯᠥᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠵᠠᠯᠠᠭᠤᠴᠤᠳ ᠲᠠᠢ ᠪᠦᠯᠬᠦᠮᠳᠡᠵᠦ᠂ ᠵᠠᠯᠠᠭᠤᠴᠤᠳ ᠢ ᠨᠢᠭᠲᠠᠷᠠᠭᠤᠯᠵᠤ᠂ | ᠵᠠᠯᠠᠭᠤᠴᠤᠳ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠢᠳᠡᠪᠬᠢᠲᠡᠢ | ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ | ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠠ ᠭᠡᠷ | ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ | ᠡᠮᠡᠭᠲᠡᠶᠢᠴᠦᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠲᠤ ᠢᠳᠡᠪᠬᠢᠲᠡᠶ ᠠᠵᠢᠯᠯᠠᠭᠤᠯᠤᠨ᠎ᠠ᠃ | ᠲᠠᠪᠢᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠭ᠎ᠠ ᠶᠢ ᠲᠣᠰᠬᠤᠨ ᠤ ᠲᠣᠭᠲᠠᠭᠠᠯ ᠠᠷᠠᠳ ᠤᠨ | ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠣᠷᠣᠭᠤᠯᠬᠤ ᠶᠢ ᠵᠣᠷᠢᠭᠵᠢᠭᠤᠯᠤᠨ᠎ᠠ᠃ | ᠲᠠᠪᠢᠨ ᠬᠤᠶᠠᠳᠤᠭᠠᠷ ᠵᠦᠢᠯ ᠭᠡᠷ ᠪᠦᠯᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ | ᠢᠳᠡᠪᠬᠢ ᠦᠢᠯᠡᠳᠦᠯ ᠢᠶᠠᠨ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ | ᠭᠡᠷ ᠤᠨ ᠰᠤᠷᠭᠠᠯ᠂ ᠭᠡᠷ ᠤᠨ ᠰᠤᠷᠲᠠᠯ ᠳᠤ ᠠᠭᠤᠰᠬᠠᠨ ᠣᠷᠣᠭᠤᠯᠵᠤ᠂ ᠭᠡᠷ ᠪᠦᠯᠢ ᠶᠢᠨ ᠪᠦᠷᠢᠯᠳᠦᠬᠦᠨ ᠨᠦᠭᠦᠳ ᠤᠨ | ᠬᠤᠭᠤᠷᠣᠨᠳᠣ ᠪᠠᠨ ᠬᠠᠷᠢᠯᠴᠠᠨ ᠬᠦᠨᠳᠦᠳᠬᠡᠨ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠦᠵᠢᠭᠦᠯᠵᠦ᠂ | ᠬᠠᠷᠢᠯᠴᠠᠨ ᠠᠬᠢᠭᠤᠯᠬᠤ ᠬᠡᠷᠡᠭᠲᠡᠶ᠃ | ᠲᠠᠪᠢᠨ ᠭᠤᠷᠪᠠᠳᠤᠭᠠᠷ ᠵᠦᠢᠯ ᠨᠣᠮ ᠤᠨ ᠰᠠᠩ᠂ ᠮᠦᠽᠧᠶ᠂ ᠦᠵᠡᠰᠬᠦᠯᠡᠩ ᠤᠨ ᠣᠷᠳᠣᠨ᠂ ᠰᠣᠶᠣᠯ ᠤᠨ | ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠪᠠᠭᠠᠴᠤᠳ ᠤᠨ ᠣᠷᠳᠣᠨ ᠵᠡᠷᠭᠡ ᠣᠯᠠᠨ | ᠨᠡᠶᠢᠲᠡ ᠶᠢᠨ ᠰᠣᠶᠣᠯ ᠤᠨ ᠭᠠᠵᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠢᠯᠡᠷᠡᠭᠦᠯᠬᠦ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ | ᠰᠠᠶᠢᠲᠤᠷ ᠬᠢᠬᠦ ᠬᠡᠷᠡᠭᠲᠡᠶ᠃ ᠴᠡᠴᠡᠷᠯᠢᠭ᠂ ᠠᠭᠤᠳᠠᠮ ᠲᠠᠯᠠᠪᠠᠶ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ | ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠢᠯᠡᠷᠡᠭᠦᠯᠬᠦ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠬᠠᠭᠤᠯᠭ᠎ᠠ | ᠬᠥᠮᠦᠵᠢᠯ ᠤᠨ ᠠᠭᠤᠯᠭ᠎ᠠ ᠶᠢ ᠳᠡᠯᠭᠡᠨ ᠦᠵᠡᠭᠦᠯᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠶᠢᠨ | ᠦᠢᠯᠡᠳᠬᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠶᠢᠨ ᠨᠡᠷᠡᠶᠢᠳᠦᠯ᠂ ᠠᠵᠤ | ᠠᠬᠤᠶᠢᠯᠠᠯ ᠤᠨ ᠨᠡᠷᠡᠶᠢᠳᠦᠯ᠂ ᠨᠡᠷᠡᠲᠦ ᠲᠡᠮᠳᠡᠭᠲᠦ ᠲᠠᠸᠠᠷ ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠬᠦ᠂ ᠦᠨᠳᠦᠰᠦᠲᠡᠨ ᠤ ᠵᠠᠩ ᠵᠠᠩᠰᠢᠯ ᠢ | ᠳᠣᠷᠣᠮᠵᠢᠯᠠᠬᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠬᠤ ᠵᠡᠷᠭᠡ ᠦᠨᠳᠦᠰᠦᠲᠡᠨ ᠤ ᠪᠦᠯᠬᠦᠮᠳᠡᠯ ᠢ | ᠨᠥᠯᠥᠭᠡᠯᠡᠬᠦ ᠠᠭᠤᠯᠭ᠎ᠠ ᠭᠠᠷᠬᠤ ᠶᠢ ᠴᠠᠭᠠᠵᠠᠯᠠᠨ᠎ᠠ᠃ | ᠲᠠᠪᠢᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ ᠤ | ᠪᠦᠯᠬᠦᠮᠳᠡᠯ ᠳᠤ ᠠᠰᠢᠭ ᠦᠭᠡᠢ ᠶᠠᠷᠢᠶ᠎ᠠ ᠬᠡᠯᠡᠯᠴᠡᠭᠡ ᠶᠢ ᠲᠠᠷᠬᠠᠭᠠᠵᠤ ᠪᠣᠯᠬᠤ ᠦᠭᠡᠢ︔ ᠦᠨᠳᠦᠰᠦᠲᠡᠨ ᠤ | ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠵᠣᠬᠢᠶᠠᠵᠤ᠂ ᠬᠠᠩᠭᠠᠵᠤ᠂ ᠤᠯᠠᠮᠵᠢᠯᠠᠭᠤᠯᠵᠤ | ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠬᠤᠷᠣᠰᠤᠯ ᠪᠠ ᠦᠨᠳᠦᠰᠦᠲᠡᠨ ᠤ | ᠭᠠᠳᠠᠭᠤᠷᠴᠢᠯᠠᠯ ᠢ ᠥᠳᠥᠭᠡᠬᠦ ᠠᠵᠢᠯᠯᠠᠭ᠎ᠠ ᠬᠢᠵᠦ ᠪᠣᠯᠬᠤ ᠦᠭᠡᠢ᠃ | ᠲᠠᠪᠢᠨ ᠵᠢᠷᠭᠤᠳᠤᠭᠠᠷ ᠵᠦᠢᠯ ᠨᠡᠪᠴᠢᠯᠲᠡ ᠬᠢᠵᠦ ᠨᠤᠷᠠᠭᠠᠬᠤ ᠠᠵᠢᠯᠯᠠᠭ᠎ᠠ᠂ ᠬᠦᠴᠦᠷᠬᠡᠭᠯᠡᠯ | ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠤ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ | ᠬᠡᠲᠦᠷᠡᠮᠡᠬᠡᠢ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠴᠦ᠂ ᠤᠯᠤᠰ ᠣᠷᠣᠨ ᠤ ᠨᠢᠭᠡᠳᠦᠯ᠂ | ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠡᠶᠢᠳᠠᠯ ᠢ ᠬᠠᠮᠠᠭᠠᠯᠠᠨ᠎ᠠ᠃ | |