ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/5/6
  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ᠃  ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ 4 ᠳ᠋ᠦ᠋ᠭᠡᠷ ᠰᠠᠷ᠎ᠠ ᠶᠢᠨ 15 ᠤ ᠡᠳᠦᠷ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠨᠥᠬᠦᠷ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠥᠬᠦ ᠨᠠᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠢᠩᠬᠢᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠡᠭᠦᠷᠭᠡ ᠪᠠ ᠬᠠᠷᠠᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃
5.6-1.jpg
  ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠪᠡ᠃ 4 ᠳ᠋ᠤᠭᠡᠷ ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ︾ ᠶᠢ ᠡᠷᠬᠢᠯᠡᠵᠦ᠂ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠦᠯᠢᠭᠡᠷ ᠳᠠᠭᠤᠷᠢᠶᠠᠯ   ᠦᠵᠡᠭᠦᠯᠵᠦ᠂ ᠲᠦᠷᠦᠭᠦᠯᠡᠨ ᠨᠢᠭᠡ ᠠᠯᠬᠤᠮ ᠭᠦᠨᠵᠡᠭᠡᠶ ᠰᠤᠷᠤᠯᠴᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠵᠡᠷᠭᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠡᠷᠡ ᠬᠡᠪ ᠢᠶᠠᠷ ᠨᠢ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠬᠡᠷᠡᠭᠯᠡᠯᠲᠡ ᠶᠢ ᠦᠯᠦ ᠮᠡᠳᠡᠬᠦ ᠦᠭᠡ ᠶᠠᠷᠢᠶ᠎ᠠ ᠦᠢᠯᠡ ᠠᠵᠢᠯᠯᠠᠭ᠎ᠠ  ᠶᠢᠨ ᠪᠠᠷᠢᠮᠵᠢᠶ᠎ᠠ ᠪᠤᠯᠭᠠᠬᠤ ᠬᠡᠷᠡᠭᠲᠡᠢ᠃
5.6-2..jpg
  ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠠᠵᠢᠯ ᠢ ᠵᠣᠬᠢᠶᠠᠨ ᠪᠠᠶᠢᠭᠤᠯᠪᠠ᠃ 4 ᠳ᠋ᠦ᠋ᠭᠡᠷ ᠰᠠᠷ᠎ᠠ ᠶᠢᠨ 25 ᠤ ᠡᠳᠦᠷ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶᠠᠨ ᠤ ᠳᠡᠳ᠋ ᠱᠦᠵᠢ ᠰᠦᠩ ᠪᠦᠦ ᠭᠦᠸᠧ ᠨᠥᠬᠦᠷ ᠢ ᠤᠷᠢᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠵᠦ᠂ ᠰᠦᠩ ᠪᠦᠦ ᠭᠦᠸᠧ ᠨᠥᠬᠦᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠪᠦᠬᠦ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠬᠢᠴᠢᠶᠡᠯ᠂ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ᠂ ᠦᠢᠯᠡᠳᠦᠯᠭᠡ ᠶᠢᠨ ᠵᠢᠯᠤᠭᠤᠳᠤᠯᠭ᠎ᠠ ᠶᠢᠨ ᠬᠢᠴᠢᠶᠡᠯ ᠣᠷᠣᠭᠤᠯᠵᠤ᠂ ︽ᠳᠡᠷᠭᠡᠳᠡᠬᠢ ᠶᠠᠪᠤᠳᠠᠯ︾ ᠢᠶᠠᠷ ︽ᠳᠡᠷᠭᠡᠳᠡᠬᠢ ᠬᠦᠮᠦᠨ︾ ᠢ ᠰᠡᠷᠡᠮᠵᠢᠯᠡᠭᠦᠯᠵᠦ᠂ ︽ᠬᠡᠷᠡᠭ ᠤᠨ ᠳᠤᠮᠳᠠᠬᠢ ᠬᠦᠮᠦᠨ︾ ᠢᠶᠠᠷ ︽ᠵᠡᠭᠦᠳᠦᠨ ᠳᠠᠬᠢ ᠬᠥᠮᠥᠨ︾ ᠢ ᠰᠡᠷᠡᠮᠵᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠢ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠪᠡ᠃
5.6-3.jpg
  ᠰᠤᠷᠤᠯᠴᠠᠯᠭ᠎ᠠ ᠰᠣᠯᠢᠯᠴᠠᠭ᠎ᠠ ᠶᠢ ᠠᠬᠢᠭᠤᠯᠪᠠ᠃ 4 ᠳ᠋ᠦ᠋ᠭᠡᠷ ᠰᠠᠷ᠎ᠠ ᠶᠢᠨ ᠬᠤᠷᠢᠳ ᠢᠶᠠᠷ ᠡᠯ᠎ᠡ ᠨᠠᠮ ᠤᠨ ᠡᠭᠦᠷ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ 100 ᠭᠠᠷᠤᠢ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠢᠳᠡᠪᠬᠢᠲᠡᠢ ᠰᠣᠯᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠷᠴᠢ ᠵᠣᠷᠢᠭ ᠢᠶᠠᠨ ᠬᠥᠪᠴᠢᠯᠡᠬᠦ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠴᠤᠭ ᠰᠦᠯᠳᠡ ᠪᠠᠷ ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
5.6-4.jpg
  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ᠃ 4 ᠳ᠋ᠦ᠋ᠭᠡᠷ ᠰᠠᠷ᠎ᠠ ᠶᠢᠨ 30 ᠤ ᠡᠳᠦᠷ᠂ ︽ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ · ᠵᠠᠯᠠᠭᠤ ᠨᠠᠰᠤᠨ ᠤ ᠴᠤᠭ ᠵᠢᠪᠬᠤᠭ᠎ᠠ ᠪᠠᠷ ᠤᠮᠠᠷᠠᠲᠤ ᠬᠢᠯᠢ ᠶᠢ ᠭᠡᠶᠢᠭᠦᠯᠬᠦ︾ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠬᠢᠯᠡᠵᠦ᠂ ᠬᠠᠮᠲᠤ ᠪᠠᠷ ᠥᠪᠥᠷ ᠮᠣᠩᠭᠤᠯ ᠤᠨ ᠬᠤᠳᠠᠯᠳᠤᠭ᠎ᠠ ᠵᠢᠭᠤᠯᠴᠢᠯᠠᠯ ᠰᠣᠶᠣᠯ ᠤᠨ ᠠᠭᠤᠰᠤᠯᠴᠠᠨ ᠬᠥᠭᠵᠢᠬᠦ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠵᠠᠯᠠᠭᠤ ᠺᠠᠳ᠋ᠷᠴᠤᠳ ᠤᠨ ᠲᠥᠯᠥᠭᠡᠯᠡᠭᠴᠢ ︽ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠬᠦᠳᠦᠯᠦᠨ ᠳᠠᠭᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠵᠡᠷᠭᠡ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠭᠤᠣᠯᠳᠠᠭᠤᠯᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ ᠨᠥᠬᠦᠷ ᠵᠠᠯᠠᠭᠤ ᠺᠠᠳ᠋ᠷᠴᠤᠳ ᠲᠠᠢ ᠶᠠᠷᠢᠯᠴᠠᠨ ᠰᠣᠯᠢᠯᠴᠠᠵᠤ᠂ ᠵᠠᠯᠠᠭᠤ ᠺᠠᠳ᠋ᠷᠴᠤᠳ ᠢ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠭᠠᠬᠤ ᠶᠢ ᠵᠣᠷᠢᠭᠵᠢᠭᠤᠯᠵᠤ᠂ ᠵᠠᠯᠠᠭᠤ ᠨᠠᠰᠤ ᠪᠠᠨ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠤᠳᠠᠯᠳᠤᠭᠠᠨ ᠤ ᠶᠠᠪᠤᠳᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃
5.6-5.jpg
5.6-7.jpg
  ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠲᠢᠩᠬᠢᠮ ᠤᠨ ᠫᠤᠷᠲ᠋ᠧᠯ ᠰᠦᠯᠵᠢᠶ᠎ᠡ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠪᠤᠯᠤᠩ ᠭᠠᠷᠭᠠᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ︽ᠨᠠᠮ ᠤᠨ ᠪᠠᠶᠢᠭᠤᠯᠤᠯᠲᠠ ᠶᠢᠨ ᠬᠢᠴᠢᠶᠡᠯ ᠤᠨ ᠲᠠᠩᠬᠢᠮ︾ ᠭᠠᠷᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠤᠨ ᠠᠭᠤᠯᠭ᠎ᠠ ᠶᠢᠨ ᠲᠠᠶᠢᠯᠤᠮᠵᠢ ᠶᠢ ᠢᠳᠡᠪᠬᠢᠲᠡᠶ ᠤᠬᠠᠭᠤᠯᠵᠤ᠂ ᠲᠢᠩᠬᠢᠮ ᠤᠨ ᠪᠠᠶᠢᠭᠤᠯᠭ᠎ᠠ ᠶᠢᠨ ᠬᠤᠩᠭᠢᠯ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠭ᠎ᠠ ᠶᠢᠨ ᠰᠠᠮᠪᠠᠷ᠎ᠠ ᠶᠢ ᠵᠢᠷᠤᠵᠤ ᠲᠥᠯᠥᠪᠯᠡᠨ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
5.6-8.jpg
  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠲᠥᠯᠥᠪᠵᠢᠭᠦᠯᠦᠨ ᠪᠠᠶᠢᠷᠢᠯᠠᠭᠤᠯᠵᠤ᠂ ᠰᠤᠷᠤᠯᠴᠠᠯᠭ᠎ᠠ ᠶᠢᠨ ᠭᠤᠤᠯᠳᠠᠯᠭ᠎ᠠ ᠶᠢ ᠴᠢᠩᠭ᠎ᠠ ᠠᠳᠬᠤᠨ᠂ ᠰᠤᠷᠬᠤ ᠬᠡᠷᠡᠭᠯᠡᠬᠦ ᠶᠢ ᠴᠢᠩᠭᠠᠳᠬᠠᠬᠤ ᠪᠠᠷ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠬᠠᠨ ᠪᠠᠶᠢᠩᠭᠤ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ 
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号