ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠵᠠᠪᠠᠯ ᠰᠤᠷᠬᠤ ᠬᠢᠴᠢᠶᠡᠯ — ᠮᠡᠳᠡᠯᠭᠡ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2024/5/8
  ᠠᠰᠠᠭᠤᠯᠲᠠ᠄ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠲᠣᠭᠲᠠᠭᠠᠯ ᠢ ᠬᠡᠷᠬᠢᠨ ᠬᠡᠷᠡᠭᠵᠢᠭᠦᠯᠬᠦ ᠪᠣᠶ︖  ᠬᠠᠷᠢᠭᠤᠯᠲᠠ᠄ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠣᠭᠲᠠᠭᠠᠯ ᠭᠠᠷᠭᠠᠭᠰᠠᠨ ᠤ ᠲᠠᠷᠠᠭ᠎ᠠ᠂ ᠨᠢᠭᠡ ᠰᠠᠷ᠎ᠠ ᠶᠢᠨ ᠳᠣᠲᠣᠷ᠎ᠠ ᠨᠠᠮ ᠤᠨ ᠭᠡᠰᠢᠭᠦᠨ ᠳᠤ ᠰᠢᠢᠳᠬᠡᠯ ᠥᠭᠭᠦᠭᠰᠡᠨ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠣᠲᠣᠷᠠᠬᠢ ᠪᠦᠬᠦ ᠨᠠᠮ ᠤᠨ ᠭᠡᠰᠢᠭᠦᠨ ᠵᠢᠴᠢ ᠲᠤᠰ ᠬᠥᠮᠥᠨ ᠨᠢ ᠨᠡᠶᠢᠲᠡᠯᠡᠬᠦ   ᠬᠡᠷᠡᠭᠲᠡᠢ᠂ ᠤᠳᠤᠷᠢᠳᠬᠤ ᠪᠠᠭ ᠤᠨ ᠪᠦᠷᠢᠯᠳᠦᠬᠦᠨ ᠪᠣᠯ ᠪᠠᠰᠠ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠠᠭᠠᠨ ᠨᠡᠶᠢᠲᠡᠯᠡᠬᠦ ᠶᠢᠨ ᠬᠠᠮᠲᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠪᠠ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠶᠣᠰᠣᠭᠠᠷ ᠰᠢᠢᠳᠬᠡᠯ ᠥᠭᠭᠦᠭᠰᠡᠨ ᠲᠣᠭᠲᠠᠭᠠᠯ ᠤᠨ ᠮᠠᠲ᠋ᠧᠷᠢᠶᠠᠯ ᠢ ᠰᠢᠢᠳᠬᠡᠭᠳᠡᠭᠰᠡᠨ ᠡᠲᠡᠭᠡᠳ ᠤᠨ ᠳᠠᠩᠰᠠ ᠡᠪᠬᠡᠮᠡᠯ ᠳᠤ ᠣᠷᠣᠭᠤᠯᠤᠨ᠎ᠠ ᠭᠡᠵᠦ ᠨᠡᠶᠢᠲᠡᠯᠡᠪᠡ︔ ᠨᠠᠮ ᠤᠨ ᠳᠣᠲᠣᠭᠠᠳᠤ ᠶᠢᠨ ᠲᠤᠰᠢᠶᠠᠯ ᠠᠴᠠ ᠨᠢ ᠣᠭᠴᠣᠷᠠᠭᠤᠯᠤᠭᠰᠠᠨ ᠰᠢᠢᠳᠭᠡᠯ ᠣᠯᠤᠭᠰᠠᠨ ᠪᠠᠶᠢᠪᠠᠯ ᠪᠠᠰᠠ ᠨᠢᠭᠡ ᠰᠠᠷ᠎ᠠ ᠶᠢᠨ ᠳᠣᠲᠣᠷ᠎ᠠ ᠲᠤᠰᠢᠶᠠᠯ᠂ ᠴᠠᠯᠢᠩ᠂ ᠠᠵᠢᠯ ᠵᠢᠴᠢ ᠪᠤᠰᠤᠳ ᠬᠤᠯᠪᠣᠭᠳᠠᠯ ᠪᠦᠬᠦᠢ ᠣᠯᠭᠤᠮᠵᠢ ᠵᠡᠷᠭᠡ ᠵᠣᠬᠢᠴᠠᠩᠭᠤᠢ ᠬᠤᠪᠢᠷᠠᠭᠠᠬᠤ ᠭᠠᠷ ᠭᠦᠢᠴᠡᠳᠭᠡᠯ ᠬᠢᠬᠦ ᠬᠡᠷᠡᠭᠲᠡᠢ︔ ᠨᠠᠮ ᠤᠨ ᠭᠠᠳᠠᠨᠠᠬᠢ ᠲᠤᠰᠢᠶᠠᠯ ᠠᠴᠠ ᠨᠢ ᠣᠭᠴᠣᠷᠠᠭᠤᠯᠬᠤ ᠪᠤᠶᠤ ᠲᠣᠬᠢᠷᠠᠭᠤᠯᠤᠯᠲᠠ ᠬᠢᠬᠦ ᠳᠤ ᠬᠤᠯᠪᠣᠭᠳᠠᠪᠠᠯ᠂ ᠨᠠᠮ ᠤᠨ ᠭᠠᠳᠠᠨᠠᠬᠢ ᠵᠣᠬᠢᠶᠠᠨ ᠪᠠᠶᠢᠭᠤᠯᠤᠯᠲᠠ ᠪᠠᠷ ᠲᠡᠭᠦᠨ ᠢ ᠨᠠᠮ ᠤᠨ ᠭᠠᠳᠠᠨᠠᠬᠢ ᠲᠤᠰᠢᠶᠠᠯ ᠠᠴᠠ ᠨᠢ ᠣᠭᠴᠣᠷᠠᠭᠤᠯᠬᠤ ᠪᠤᠶᠤ ᠲᠣᠬᠢᠷᠠᠭᠤᠯᠤᠯᠲᠠ ᠬᠢᠯᠭᠡᠬᠦ ᠪᠠᠷ ᠰᠠᠨᠠᠭᠤᠯᠬᠤ ᠬᠡᠷᠡᠭᠲᠡᠢ᠃ ᠤᠨᠴᠠᠭᠠᠢ ᠪᠠᠶᠢᠳᠠᠯ ᠳᠣᠣᠷ᠎ᠠ᠂ ᠰᠢᠢᠳᠭᠡᠯ ᠥᠭᠬᠦ ᠲᠣᠭᠲᠠᠭᠠᠯ ᠭᠠᠷᠭᠠᠬᠤ ᠵᠣᠬᠢᠶᠠᠨ ᠪᠠᠶᠢᠭᠤᠯᠤᠯᠲᠠ ᠪᠠᠷ ᠵᠦᠪᠰᠢᠶᠡᠷᠡᠭᠦᠯᠦᠭᠡᠳ ᠰᠢᠢᠳᠪᠦᠷᠢᠯᠡᠬᠦ ᠬᠤᠭᠤᠴᠠᠭ᠎ᠠ ᠶᠢ ᠨᠢ ᠵᠣᠬᠢᠰᠲᠠᠢ ᠪᠠᠷ ᠤᠷᠲᠤᠳᠬᠠᠵᠤ ᠪᠣᠯᠤᠨ᠎ᠠ᠃ ᠰᠢᠢᠳᠪᠦᠷᠢᠯᠡᠬᠦ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 6 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃      ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠣᠯᠭᠤᠬᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠭᠤᠯᠭ᠎ᠠ ᠪᠤᠶᠤ  ᠰᠢᠢᠳᠭᠡᠯ ᠣᠯᠤᠭᠰᠠᠨ ᠨᠠᠮ ᠤᠨ ᠭᠡᠰᠢᠭᠦᠨ ᠤ ᠪᠠᠶᠢᠭ᠎ᠠ ᠨᠢᠭᠡᠴᠢ ᠨᠢ ᠰᠢᠢᠳᠭᠡᠬᠦ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠵᠢᠷᠭᠤᠭᠠᠨ ᠰᠠᠷ᠎ᠠ ᠶᠢᠨ ᠳᠣᠲᠣᠷ᠎ᠠ ᠰᠢᠢᠳᠭᠡᠬᠦ ᠲᠣᠭᠲᠠᠭᠠᠯ ᠭᠠᠷᠭᠠᠭᠰᠠᠨ ᠪᠤᠶᠤ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃  ᠨᠠᠮ ᠤᠨ ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠬᠦᠯᠢᠶᠡᠭᠰᠡᠨ ᠢ ᠨᠠᠮ ᠤᠨ ᠳᠦᠷᠢᠮ ᠵᠢᠴᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠮᠣᠳᠠᠯ ᠲᠣᠭᠠᠴᠢᠵᠤ ᠪᠣᠯᠤᠨ᠎ᠠ᠃  ᠠᠰᠠᠭᠤᠯᠲᠠ ᠬᠠᠷᠢᠭᠤᠯᠲᠠ 2  ᠠᠰᠠᠭᠤᠯᠲᠠ᠄ ᠶᠠᠮᠠᠷ ᠪᠠᠶᠢᠳᠠᠯ ᠪᠠᠶᠢᠪᠠᠯ᠂ ᠬᠥᠩᠭᠡᠨ ᠢᠶᠠᠷ ᠰᠢᠢᠳᠬᠡᠬᠦ ᠪᠤᠶᠤ ᠬᠥᠩᠭᠡᠨ ᠢᠶᠠᠷ ᠰᠢᠢᠳᠬᠡᠵᠦ ᠪᠣᠯᠬᠤ ᠪᠣᠶ︖  ᠬᠠᠷᠢᠭᠤᠯᠲᠠ᠄ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠥᠩᠭᠡᠨ ᠢᠶᠠᠷ ᠰᠢᠢᠳᠭᠡᠬᠦ ᠪᠤᠶᠤ ᠰᠢᠢᠳᠬᠡᠯ ᠢ ᠨᠢ ᠬᠥᠩᠭᠡᠷᠡᠭᠦᠯᠵᠦ ᠪᠣᠯᠤᠨ᠎ᠠ᠄  ︵ᠨᠢᠭᠡ︶ ᠲᠤᠰ ᠬᠥᠮᠥᠨ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠣᠯᠪᠠᠯ ᠵᠣᠬᠢᠬᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠤᠰᠢᠶᠠᠭᠰᠠᠨ ᠪᠠᠶᠢᠬᠤ︔  ︵ᠬᠤᠶᠠᠷ︶ ᠶᠠᠷᠢᠯᠴᠠᠭ᠎ᠠ ᠶᠢ ᠵᠣᠬᠢᠶᠠᠨ ᠪᠠᠶᠢᠭᠤᠯᠬᠤ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠬᠤ ᠶᠠᠪᠤᠴᠠ ᠳᠤ᠂ ᠬᠢᠨᠠᠨ ᠬᠠᠷᠭᠤᠭᠤᠯᠵᠤ ᠬᠢᠨᠠᠨ ᠪᠠᠶᠢᠴᠠᠭᠠᠬᠤ ᠠᠵᠢᠯ ᠳᠤ ᠬᠠᠮᠵᠢᠯᠴᠠᠵᠤ᠂ ᠲᠣᠰ ᠬᠥᠮᠦᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠣᠳᠠᠲᠤ ᠶᠠᠪᠤᠳᠠᠯ ᠢ ᠦᠨᠡᠨ ᠪᠣᠳᠠᠲᠠᠶ ᠪᠠᠷ ᠲᠣᠳᠣᠷᠬᠠᠶᠢᠯᠠᠨ᠎ᠠ᠃  ︵ᠭᠤᠷᠪᠠ︶ ᠨᠢᠭᠡ ᠬᠡᠷᠡᠭᠲᠡᠨ ᠪᠤᠶᠤ ᠪᠤᠰᠤᠳ ᠬᠥᠮᠦᠨ ᠢ ᠢᠯᠡᠴᠢᠯᠡᠪᠡᠯ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠪᠤᠶᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ ᠲᠠᠢ ᠪᠦᠭᠡᠳ ᠪᠠᠶᠢᠴᠠᠭᠠᠭᠰᠠᠨ ᠭᠡᠷᠡᠴᠢ ᠨᠢ ᠦᠨᠡᠨ ᠪᠣᠳᠠᠲᠠᠢ ᠪᠤᠶᠤ ᠭᠠᠪᠢᠶ᠎ᠠ ᠪᠠᠶᠢᠭᠤᠯᠤᠭᠰᠠᠨ ᠪᠤᠰᠤᠳ ᠢᠯᠡᠷᠡᠯ ᠲᠠᠢ︔  ︵ᠲᠦᠷᠪᠡ︶ ᠬᠤᠬᠢᠷᠠᠯ ᠢᠶᠠᠨ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠵᠤ᠂ ᠮᠠᠭᠤ ᠨᠥᠯᠥᠭᠡ ᠶᠢ ᠠᠷᠢᠯᠭᠠᠬᠤ ᠪᠤᠶᠤ ᠬᠤᠤᠷ ᠬᠥᠨᠥᠭᠡᠯ ᠤᠨ ᠦᠷ᠎ᠡ ᠳ᠋ᠦᠩ ᠡᠭᠦᠰᠬᠦ ᠶᠢ ᠪᠦᠲᠦᠮᠵᠢᠲᠡᠶ ᠬᠤᠷᠢᠭᠯᠠᠨ᠎ᠠ︔  ︵ᠲᠠᠪᠤ︶ ᠰᠠᠬᠢᠯᠭ᠎ᠠ ᠪᠠᠲᠤ ᠠᠴᠠ ᠵᠥᠷᠢᠴᠡᠭᠰᠡᠨ ᠣᠯᠵᠠᠪᠤᠷᠢ ᠶᠢ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠬᠤ ᠪᠤᠶᠤ ᠪᠤᠴᠠᠭᠠᠬᠤ︔  ︵ᠵᠢᠷᠭᠤᠭ᠎ᠠ︶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠥᠩᠭᠡᠨ ᠢᠶᠠᠷ ᠰᠢᠢᠳᠭᠡᠬᠦ ᠪᠤᠶᠤ ᠰᠢᠢᠳᠭᠡᠯ ᠢ ᠬᠥᠩᠭᠡᠷᠡᠭᠦᠯᠵᠦ ᠪᠠᠶᠢᠭ᠎ᠠ ᠪᠠᠶᠢᠳᠠᠯ᠃  ᠬᠡᠷᠡᠭ ᠤᠨ ᠤᠨᠴᠠᠭᠠᠢ ᠪᠠᠶᠢᠲᠠᠯ ᠢ ᠦᠨᠲᠦᠰᠦᠯᠡᠪᠡᠯ᠂ ᠳᠦᠪ ᠤᠨ ᠰᠠᠭᠢᠯᠭ᠎ᠠ ᠪᠠᠲᠤ ᠪᠠᠶᠢᠴᠠᠭᠠᠬᠤ ᠬᠤᠷᠢᠶ᠎ᠠ ᠪᠤᠶᠤ ᠮᠤᠵᠢ ᠶᠢᠨ ᠱᠠᠲᠤᠨ ᠤ ᠰᠠᠭᠢᠯᠭ᠎ᠠ ᠪᠠᠲᠤ ᠪᠠᠶᠢᠴᠠᠭᠠᠬᠤ ᠬᠤᠷᠢᠶ᠎ᠠ ᠳᠡᠳ᠋ ᠮᠤᠵᠢ ᠶᠢᠨ ᠱᠠᠲᠤᠨ ᠤ ᠬᠤᠲᠠ ᠶᠢᠨ ᠰᠠᠭᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠᠭᠲᠠᠬᠤ ᠦᠭᠡᠢ ᠭᠡᠭᠦ ᠲᠤᠭᠲᠠᠭᠠᠯ ᠭᠠᠷᠭᠠᠵᠤ᠂ ᠳᠦᠪ ᠤᠨ ᠰᠠᠭᠢᠯᠭ᠎ᠠ ᠪᠠᠲᠤ ᠪᠠᠶᠢᠴᠠᠭᠠᠬᠤ ᠬᠤᠷᠢᠶᠠᠨ ᠳᠤ ᠲᠡᠪᠰᠢᠭᠦᠯᠦᠨ ᠵᠦᠪᠰᠢᠶᠡᠷᠡᠭᠦᠯᠭᠦ ᠪᠠᠷ ᠲᠡᠪᠰᠢᠭᠦᠯᠵᠦ᠂ ᠰᠠᠭᠢᠯᠭ᠎ᠠ ᠪᠠᠲᠤ ᠵᠦᠷᠢᠴᠡᠭᠰᠡᠨ ᠨᠠᠮ ᠤᠨ ᠬᠡᠰᠢᠭᠦᠳ ᠢ ᠪᠠᠰᠠ ᠳᠤᠮᠳᠠᠳᠦ ᠤᠯᠤᠰ ᠤᠨ ᠡᠪ ᠬᠠᠮᠳᠤ ᠨᠠᠮ ᠤᠨ ᠰᠠᠭᠢᠯᠭ᠎ᠠ ᠪᠠᠲᠤ ᠶᠢᠨ ᠰᠢᠢᠳᠭᠡᠯ ᠤᠨ ᠳᠦᠷᠢᠮ ᠳᠤ ᠳᠤᠭᠲᠠᠭᠠᠭᠰᠠᠨ ᠰᠢᠢᠳᠭᠡᠯ ᠤᠨ ᠬᠡᠮᠵᠢᠶ᠎ᠠ ᠠᠴᠠ ᠭᠠᠲᠠᠨ᠎ᠠ ᠰᠶᠢᠳᠬᠡᠯ ᠢ ᠬᠦᠩᠬᠡᠯᠡᠵᠦ ᠪᠤᠯᠤᠨ᠎ᠠ᠃ 
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号