ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠳᠣᠯᠤᠭ᠎ᠠ ᠶᠢ ᠰᠤᠷᠤᠯᠴᠠᠬᠤ ︾ ᠠᠷᠭ᠎ᠠ ᠮᠠᠶ᠋ᠢᠭ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/6/20
  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠰᠤᠷᠤᠯᠴᠠᠬᠤ︾ ᠠᠷᠭ᠎ᠠ ᠬᠡᠯᠪᠡᠷᠢ ᠶᠢ ᠠᠪᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠰᠤᠷᠴᠤ᠂ ᠪᠠᠲᠤ ᠴᠡᠭᠡᠵᠢᠯᠡᠵᠦ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠪᠠ᠃  ᠨᠢᠭᠡ ᠳᠤ᠂ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠰᠤᠷᠤᠯᠴᠠᠬᠤ ᠭᠤᠣᠯᠳᠠᠯᠭ᠎ᠠ ᠪᠣᠯᠭᠠᠵᠤ᠂ ᠲᠥᠪᠯᠡᠷᠡᠭᠦᠯᠦᠨ ᠰᠤᠷᠤᠯᠴᠠᠬᠤ᠂ ᠸᠢᠳᠢᠣ᠋ ᠪᠠᠷ ᠬᠠᠪᠰᠤᠷᠤᠨ ᠵᠢᠯᠣᠭᠤᠳᠬᠤ᠂ ᠪᠢᠴᠢᠭ ᠢᠶᠠᠷ ᠥᠪᠡᠷ ᠢᠶᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠲᠦᠷᠦᠭᠦᠯᠡᠨ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ 4 ᠳ᠋ᠦ᠋ᠭᠡᠷ ᠰᠠᠷ᠎ᠠ ᠠᠴᠠ ᠨᠠᠭᠠᠰᠢ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ 3 ᠤᠳᠠᠭ᠎ᠠ ᠥᠷᠨᠢᠭᠦᠯᠵᠦ᠂ 1 ᠤᠳᠠᠭ᠎ᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
6.20-1.jpg
  ᠬᠤᠶᠠᠷ ᠲᠤ᠂ ᠲᠤᠰᠬᠠᠶ ᠰᠡᠳᠦᠪᠲᠦ ᠨᠠᠮ ᠤᠨ ᠬᠢᠴᠢᠶᠡᠯ ᠢ ᠬᠤᠪᠢᠶᠠᠯᠴᠠᠨ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠨᠥᠬᠦᠷ ︽ᠴᠢᠩᠭ᠎ᠠ ᠪᠠᠶᠢᠬᠤ ᠶᠢ ᠢᠮᠠᠭᠲᠠ ᠪᠠᠷᠢᠮᠲᠠᠯᠠᠵᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠰᠢᠨ᠎ᠡ ᠴᠠᠭ ᠦᠶ᠎ᠡ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠪᠦᠬᠦ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠢᠴᠢᠶᠡᠯ ᠣᠷᠣᠪᠠ᠃ ᠪᠤᠰᠤᠳ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠭᠠᠵᠠᠷ ᠠᠯᠪᠠᠨ ᠲᠠᠰᠤᠭ ︵ᠨᠢᠭᠡᠴᠢ︶ ᠤᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃
6.20-2.jpg
  ᠭᠤᠷᠪᠠ ᠳᠤ᠂ ᠰᠤᠷᠭᠠᠯᠲᠠ ᠶᠢ ᠭᠦᠨᠵᠡᠭᠡᠶ ᠬᠠᠪᠰᠤᠷᠤᠨ ᠵᠢᠯᠣᠭᠤᠳᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠬᠢ ᠶᠢ ᠡᠷᠬᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠵᠡᠷᠭᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠡᠷᠡ ᠬᠡᠪ ᠢᠶᠠᠷ ᠨᠢ ᠰᠤᠷᠤᠯᠴᠠᠭᠤᠯᠪᠠ︔ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶᠠᠨ ᠤ ᠳᠡᠳ᠋ ᠱᠦᠵᠢ ᠰᠦᠩ ᠪᠦᠦ ᠭᠦᠸᠧ ᠨᠥᠬᠦᠷ ᠢ ᠤᠷᠢᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠤᠢᠢᠯᠠᠭᠠᠭᠤᠯᠪᠠ᠃ ᠪᠦᠬᠦ ᠲᠢᠩᠬᠢᠮ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠰᠢᠨ᠎ᠡ ᠴᠠᠭ ᠦᠶ᠎ᠡ ᠶᠢᠨ ᠨᠠᠮ ᠤᠨ ᠶᠠᠪᠤᠳᠠᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠤᠨ᠎ᠠ᠃
6.20-3.jpg
  ᠳᠥᠷᠪᠡ ᠳᠤ᠂ ︽ᠭᠤᠷᠪᠠᠨ ᠬᠤᠷᠠᠯ ᠨᠢᠭᠡ ᠬᠢᠴᠢᠶᠡᠯ︾ ᠢ ᠥᠷᠭᠡᠨ ᠢᠶᠠᠷ ᠰᠤᠷᠤᠯᠴᠠᠭᠤᠯᠤᠨ᠎ᠠ᠃ ᠡᠯ᠎ᠡ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠦ᠂ 100 ᠭᠠᠷᠤᠢ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠢᠳᠡᠪᠬᠢᠲᠡᠢ ᠰᠣᠯᠢᠯᠴᠠᠪᠠ︔ ᠡᠯ᠎ᠡ ᠨᠠᠮ ᠤᠨ ᠡᠭᠦᠷ ᠤᠨ ᠱᠦᠵᠢ ᠲᠤᠰ ᠲᠤᠰ ᠨᠠᠮ ᠤᠨ ᠡᠭᠦᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠢ ᠵᠢᠭᠠᠪᠠ︔ ︽ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ · ᠵᠠᠯᠠᠭᠤ ᠨᠠᠰᠤᠨ ᠤ ᠴᠤᠭ ᠵᠢᠪᠬᠤᠭ᠎ᠠ ᠪᠠᠷ ᠤᠮᠠᠷᠠᠲᠤ ᠬᠢᠯᠢ ᠶᠢ ᠭᠡᠷᠡᠯᠳᠦᠬᠦᠯᠬᠦ︾ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠬᠢᠯᠡᠵᠦ᠂ ᠥᠪᠥᠷ ᠮᠣᠩᠭᠤᠯ ᠤᠨ ᠬᠤᠳᠠᠯᠳᠤᠭ᠎ᠠ ᠵᠢᠭᠤᠯᠴᠢᠯᠠᠯ ᠰᠣᠶᠣᠯ ᠢ ᠠᠭᠤᠰᠤᠯᠴᠠᠭᠤᠯᠤᠨ ᠬᠥᠭᠵᠢᠭᠦᠯᠬᠦ ᠰᠢᠭᠤᠳ ᠨᠡᠪᠲᠡᠷᠡᠭᠦᠯᠭᠡ ᠶᠢᠨ ᠰᠠᠭᠤᠷᠢᠨ ᠢ ᠲᠣᠭᠤᠷᠢᠨ ᠦᠵᠡᠵᠦ᠂ ᠵᠠᠯᠠᠭᠤ ᠺᠠᠳ᠋ᠷᠴᠤᠳ ᠤᠨ ᠲᠥᠯᠥᠭᠡᠯᠡᠭᠴᠢ ᠰᠤᠷᠤᠯᠴᠠᠯᠭ᠎ᠠ ᠶᠢᠨ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃
6.20-4.jpg
  ᠲᠠᠪᠤ ᠳᠤ᠂ ᠮᠡᠳᠡᠯᠭᠡ ᠶᠢᠨ ᠰᠢᠯᠭᠠᠯᠲᠠ ᠶᠢ ᠠᠳᠠᠯᠢᠳᠬᠠᠨ ᠰᠤᠷᠤᠯᠴᠠᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠮᠡᠳᠡᠯᠭᠡ ᠶᠢᠨ ᠰᠢᠯᠭᠠᠯᠲᠠ ᠬᠢᠵᠦ᠂ ᠨᠠᠮ ᠤᠨ ᠭᠡᠰᠢᠭᠦᠨ ᠺᠠᠳ᠋ᠷᠴᠤᠳ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠳᠤ ᠡᠵᠡᠮᠰᠢᠭᠰᠡᠨ ᠪᠠᠶᠢᠳᠠᠯ ᠢ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠠᠳᠠᠯᠢᠳᠬᠠᠨ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
6.20-5.jpg
  ᠵᠢᠷᠭᠤᠭ᠎ᠠ ᠳᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠠᠭᠤᠯᠤᠨ ᠤᠬᠠᠮᠰᠠᠷᠠᠨ ᠰᠤᠷᠤᠯᠴᠠᠭᠤᠯᠤᠨ᠎ᠠ᠃ ᠣᠶᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠬᠡᠷᠡᠭ ᠤᠨ ᠵᠢᠱᠢᠶ᠎ᠡ ᠶᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠤᠷᠤᠯᠴᠠᠬᠤ ᠵᠥᠪᠯᠡᠬᠦ ᠰᠡᠳᠦᠪ ᠪᠣᠯᠭᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠪᠠ᠃ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠥᠬᠡᠬᠤᠲᠠ ᠶᠢᠨ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ ᠭᠢᠨᠳᠠᠨ ᠳᠤ ᠣᠴᠢᠭᠤᠯᠤᠨ ᠲᠤᠬᠠᠶ ᠶᠢᠨ ᠲᠠᠯᠠᠪᠤᠷ ᠲᠤᠨᠢ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠭᠢᠨᠳᠠᠨ ᠤ ᠡᠷᠡᠭᠦᠤ ᠭᠦᠢᠴᠡᠳᠭᠡᠵᠦ ᠪᠠᠶᠢᠭ᠎ᠠ ᠬᠥᠮᠦᠰ ᠤᠨ ᠠᠮᠢᠳᠤᠷᠠᠯ ᠤᠨ ᠲᠣᠭᠤᠷᠢᠭ᠂ ᠭᠢᠨᠳᠠᠨ ᠤ ᠭᠡᠷ᠂ ᠤᠷᠠᠯᠢᠭ ᠤᠨ ᠲᠣᠭᠤᠷᠢᠭ ᠵᠡᠷᠭᠡ ᠲᠠᠯᠠᠪᠤᠷ ᠢᠶᠠᠷ ᠳᠠᠮᠵᠢᠭᠤᠯᠤᠨ᠂ ᠡᠷᠡᠭᠦᠦ ᠭᠦᠢᠴᠡᠳᠭᠡᠵᠦ ᠪᠠᠶᠢᠭ᠎ᠠ ᠬᠥᠮᠦᠰ ᠤᠨ ᠪᠡᠶ᠎ᠡ ᠪᠠᠷ ᠢᠶᠠᠨ ᠶᠠᠷᠢᠬᠤ ᠶᠢ ᠰᠣᠨᠣᠰᠴᠤ᠂ ᠬᠠᠤᠯᠢ ᠴᠠᠭᠠᠵᠠ ᠶᠢᠨ ᠰᠦᠷ ᠬᠦᠴᠦᠨ ᠪᠠ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠠᠰᠠᠯᠳᠤ ᠰᠤᠷᠭᠠᠮᠵᠢ ᠶᠢ ᠭᠦᠨᠵᠡᠭᠡᠶ ᠣᠶᠢᠯᠠᠭᠠᠪᠠ᠃
6.20-6.jpg
  ᠳᠣᠯᠤᠭ᠎ᠠ ᠳᠤ᠂ ᠥᠯᠥ ᠮᠡᠳᠡᠭᠳᠡᠮ᠎ᠡ ᠰᠢᠯᠵᠢᠬᠦ ᠤᠬᠠᠭᠤᠯᠭ᠎ᠠ ᠶᠢ ᠴᠢᠩᠭᠠᠳᠬᠠᠪᠠ᠃ ᠲᠢᠩᠬᠢᠮ ᠤᠨ ᠫᠣᠷᠲ᠋ᠡᠯ ᠰᠦᠯᠵᠢᠶ᠎ᠡ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠪᠤᠯᠤᠩ ᠭᠠᠷᠭᠠᠵᠤ᠂ ᠸᠢᠴᠠᠲ ᠤᠨ ᠨᠡᠶᠢᠲᠡ ᠶᠢᠨ ᠳ᠋ᠤᠭᠠᠷ ᠲᠤ ︽ᠨᠠᠮ ᠤᠨ ᠪᠠᠶᠢᠭᠤᠯᠤᠯᠲᠠ ᠶᠢᠨ ᠬᠢᠴᠢᠶᠡᠯ ᠤᠨ ᠲᠠᠩᠬᠢᠮ︾ ᠭᠠᠷᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠠᠬᠢᠴᠠ ᠵᠢᠴᠢ ︽ᠲᠦᠷᠢᠮ︾ ᠤᠨ ᠠᠭᠤᠯᠭ᠎ᠠ ᠶᠢ 67 ᠵᠤᠷᠪᠤᠰ ᠤᠳᠠᠭ᠎ᠠ ᠲᠠᠶᠢᠯᠪᠤᠷᠢᠯᠠᠵᠤ᠂ ᠲᠢᠩᠬᠢᠮ ᠤᠨ ᠪᠠᠶᠢᠭᠤᠯᠭ᠎ᠠ ᠶᠢᠨ ᠬᠤᠩᠭᠢᠯ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠭ᠎ᠠ ᠶᠢᠨ ᠰᠠᠮᠪᠠᠷ᠎ᠠ ᠶᠢ ᠵᠢᠷᠤᠵᠤ ᠲᠥᠯᠥᠪᠯᠡᠨ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
6.20-7.jpg
  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢᠭᠡᠳᠦᠯᠲᠡᠶ ᠲᠥᠯᠥᠪᠯᠡᠨ ᠤᠶᠠᠯᠳᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠬᠢᠭᠡᠳ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠶ ᠬᠥᠭᠵᠢᠯᠲᠡ ᠶᠢ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠤᠶᠢᠯᠭᠠᠬᠤ ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠪᠣᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠬᠡᠷᠡᠭᠲᠡᠶ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠣᠷᠭᠢᠯᠣᠨ ᠪᠠᠳᠠᠷᠠᠭᠰᠠᠨ ᠠᠵᠢᠯ ᠤᠨ ᠬᠠᠯᠠᠭᠤᠨ ᠰᠡᠳᠬᠢᠯᠭᠡ ᠶᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ 
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号