︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠠᠲᠠᠬᠤ ᠪᠠ ᠠᠰᠢᠭᠯᠠᠬᠤ ᠠᠵᠢᠯᠯᠠᠭ᠎ᠠ ᠶᠢᠨ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ | ᠨᠢᠭᠡ᠂ ᠲᠤᠭᠤᠷᠪᠢᠭᠰᠠᠨ ᠠᠬᠤᠶ ᠪᠠᠶᠢᠳᠠᠯ | ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠬᠤ ᠡᠷᠴᠢᠮ ᠢᠶᠠᠨ | ᠴᠢᠩᠭᠠᠷᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ | 11 ᠳ᠋ᠤᠭᠡᠷ ᠲᠣᠭᠠᠲᠤ︶ ᠪᠠ ︽︿ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠬᠡᠬᠡᠯᠲᠡ ᠶᠢ ᠯᠠᠪᠳᠠᠭᠤᠨ | ᠪᠠᠲᠤᠲᠠᠢ ᠠᠬᠢᠭᠤᠯᠵᠤ ᠭᠠᠳᠠᠭᠠᠳᠤ ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠨᠠᠩ ᠶᠡᠭᠡ ᠡᠷᠴᠢᠮ ᠢᠶᠠᠷ | ᠠᠵᠢᠯᠯᠠᠭ᠎ᠠ ᠶᠢᠨ ᠲᠥᠰᠦᠯ ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2024﹈ 9 ᠳ᠋ᠤᠭᠡᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ︽ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ︾ ᠭᠤᠤᠯᠳᠠᠯᠭ᠎ᠠ ᠲᠠᠢ ᠡᠭᠦᠷᠭᠡ ᠶᠢ ᠨᠡᠩ ᠶᠡᠭᠡ ᠡᠷᠴᠢᠮ ᠢᠶᠠᠷ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠣᠷᠴᠢᠨ | ᠨᠥᠬᠦᠴᠡᠯ ᠢ ᠨᠡᠩ ᠶᠡᠭᠡ ᠪᠠᠷ ᠰᠢᠯᠢᠳᠡᠭᠵᠢᠭᠦᠯᠦᠨ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ᠂ ᠮᠠᠨ ᠤ ᠲᠢᠩᠬᠢᠮ ︽ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠨᠠᠩ ᠶᠡᠭᠡ ᠡᠷᠴᠢᠮ ᠢᠶᠠᠷ | ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠠᠵᠢᠯᠯᠠᠭᠠᠨ ᠤ ᠲᠥᠰᠦᠯ︾ ︵ᠳᠥᠭᠦᠮᠴᠢᠯᠡᠭᠡᠳ ︽ᠠᠵᠢᠯᠯᠠᠭᠠᠨ ᠤ | ᠲᠥᠰᠦᠯ︾ ᠭᠡᠵᠦ ᠲᠣᠪᠴᠢᠯᠠᠨ᠎ᠠ︶ ᠢ ᠲᠤᠭᠤᠷᠪᠢᠪᠠ᠃ | ᠬᠤᠶᠠᠷ᠂ ᠭᠤᠣᠯ ᠪᠣᠷᠣ ᠲᠥᠯᠥᠪ ᠪᠠ ᠠᠭᠤᠯᠭ᠎ᠠ | ︽ᠠᠵᠢᠯᠯᠠᠭᠠᠨ ᠤ ᠲᠥᠰᠦᠯ︾ ᠨᠢ 7 ᠬᠡᠰᠡᠭ᠂ ᠨᠡᠶᠢᠲᠡ 12 ᠵᠤᠷᠪᠤᠰ ᠠᠭᠤᠯᠭ᠎ᠠ ᠬᠤᠪᠢᠶᠠᠨ᠎ᠠ᠃ | ᠡᠭᠦᠨ ᠳᠤ᠂ ᠨᠢᠭᠡᠳᠦᠭᠡᠷ ᠬᠡᠰᠡᠭ ᠨᠢ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠬᠦ︾ ᠪᠣᠯᠣᠨ᠎ᠠ᠂ ᠡᠭᠦᠨ ᠳᠤ ᠭᠤᠣᠯᠳᠠᠯᠭ᠎ᠠ ᠲᠠᠢ ᠬᠦᠷᠢᠶᠡᠨ ᠳᠠᠬᠢ | ᠭᠠᠳᠠᠭᠠᠳᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠪᠡᠯᠡ ᠣᠷᠣᠭᠤᠯᠬᠤ ᠠᠷᠭ᠎ᠠ ᠵᠠᠮ ᠢ | ᠥᠷᠭᠡᠳᠬᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠠᠬᠤᠶᠢᠯᠠᠯ ᠤᠨ ᠱᠠᠳᠤᠯᠢᠭ | ᠰᠢᠯᠵᠢᠯᠲᠡ ᠶᠢ ᠢᠳᠡᠪᠬᠢᠲᠡᠢ ᠵᠠᠯᠭᠠᠨ ᠠᠪᠴᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠲᠦᠰᠦᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠪᠠᠭᠲᠠᠭᠠᠨ᠎ᠠ︔ | ᠬᠤᠶᠠᠳᠤᠭᠠᠷ ᠬᠡᠰᠡᠭ ᠨᠢ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ | ᠠᠷᠠᠳ ᠢᠷᠭᠡᠳ ᠤᠨ ᠬᠠᠷᠠᠭᠠᠯᠵᠠᠯ ᠢ ᠪᠠᠲᠤᠯᠠᠨ᠎ᠠ︾᠂ ᠡᠭᠦᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ | ᠶᠣᠰᠣᠭᠠᠷ ᠡᠷᠬᠡ ᠲᠡᠭᠰᠢ ᠪᠠᠷ ᠣᠷᠣᠯᠴᠠᠬᠤ᠂ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠡᠷᠬᠡ ᠲᠡᠭᠰᠢ ᠪᠠᠷ | ᠭᠥᠷᠳᠡᠬᠦ ᠶᠢ ᠪᠠᠭᠲᠠᠭᠠᠨ᠎ᠠ︔ ᠭᠤᠷᠪᠠᠳᠤᠭᠠᠷ ᠬᠡᠰᠡᠭ ᠨᠢ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠬᠤ︾ ᠭᠡᠵᠦ ᠬᠤᠪᠢᠶᠠᠨ᠎ᠠ︔ ᠡᠭᠦᠨ ᠳᠤ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠭᠤᠷᠢᠨ ᠳᠤ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ | ︔ ᠳᠥᠷᠪᠡᠳᠦᠭᠡᠷ ᠬᠡᠰᠡᠭ ᠨᠢ ︽ᠪᠠᠯᠠ ᠣᠷᠣᠭᠤᠯᠤᠯᠲᠠ ᠶᠢᠨ ᠡᠵᠡᠩᠨᠡᠯᠲᠡ ᠶᠢ ᠳᠥᠭᠦᠮᠴᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ︾᠂ ᠡᠭᠦᠨ ᠳᠤ ᠭᠠᠳᠠᠭᠠᠳᠤ ᠶᠢᠨ ᠬᠠᠷᠢᠶᠠᠲᠤ ᠠᠵᠢᠯᠲᠠᠨ ᠠᠵᠢᠯᠴᠢᠨ ᠤ ᠠᠮᠢᠳᠤᠷᠠᠯ ᠤᠨ | ᠠᠵᠢᠯ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠨᠠᠩ ᠠᠭᠤᠵᠢᠭᠤ ᠪᠥᠭᠡᠳ ᠡᠮᠬᠢ | ᠵᠢᠷᠤᠮ ᠲᠠᠢ ᠬᠢᠨᠠᠨ ᠬᠠᠮᠢᠶᠠᠷᠬᠤ ᠣᠷᠴᠢᠨ ᠨᠥᠬᠦᠴᠡᠯ ᠢ ᠪᠣᠶ ᠪᠣᠯᠭᠠᠨ᠎ᠠ︔ ᠲᠠᠪᠤᠳᠤᠭᠠᠷ ᠬᠡᠰᠡᠭ ᠨᠢ ︽ᠡᠳ᠋ ᠤᠨ | ᠵᠠᠰᠠᠭ ᠭᠠᠶᠢᠯᠢ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ︾᠂ ᠡᠭᠦᠨ ᠳᠤ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢ ᠠᠬᠢᠭᠤᠯᠬᠤ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ | ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠥᠬᠦᠶ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠭᠲᠠᠭᠠᠨ᠎ᠠ︔ | ᠵᠢᠷᠭᠤᠳᠤᠭᠠᠷ ᠬᠡᠰᠡᠭ ᠨᠢ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠠᠷᠭ᠎ᠠ | ᠬᠡᠯᠪᠡᠷᠢ ᠶᠢ ᠲᠡᠭᠦᠯᠳᠡᠷᠵᠢᠭᠦᠯᠦᠨ᠎ᠡ︾᠂ ᠡᠭᠦᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠠᠷᠭ᠎ᠠ ᠵᠠᠮ ᠢ ᠥᠷᠭᠡᠳᠬᠡᠬᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠦᠨᠡᠯᠡᠯᠲᠡ ᠶᠢ ᠴᠢᠩᠭᠠᠳᠬᠠᠬᠤ ᠶᠢ ᠪᠠᠭᠲᠠᠭᠠᠨ᠎ᠠ︔ ᠳᠣᠯᠣᠳᠤᠭᠠᠷ ᠬᠡᠰᠡᠭ ᠨᠢ ︽ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠴᠢᠩᠭᠠᠳᠬᠠᠬᠤ︾ ᠶᠠᠪᠤᠳᠠᠯ ᠪᠣᠯᠤᠨ᠎ᠠ᠃ | |