2024 ᠣᠨ ᠤ ᠳᠡᠭᠡᠷ᠎ᠡ ᠬᠠᠭᠠᠰ ᠵᠢᠯ ᠳᠤ ᠂ ᠠᠷᠠᠳ ᠤᠨ ᠠᠮᠢᠳᠤᠷᠠᠯ ᠤᠨ ᠲᠤᠬᠠᠢ ᠡᠳᠡᠭᠡᠷ ᠰᠠᠶᠢᠨ ᠴᠢᠮᠡᠭᠡ ᠪᠤᠢ | 2024 ᠣᠨ ᠨᠢᠭᠡᠨᠲᠡ ᠬᠠᠭᠠᠰ ᠬᠠᠭᠠᠰᠯᠠᠯᠠ ᠃ ᠬᠠᠭᠠᠰ ᠵᠢᠯ ᠤᠨ ᠲᠤᠷᠰᠢ ᠂ ᠲᠥᠷᠥ ᠶᠢᠨ ᠶᠠᠪᠤᠳᠠᠯ ᠤᠨ ᠬᠤᠷᠢᠶ᠎ᠠ | ᠬᠢᠭᠡᠳ ᠡᠯ᠎ᠡ ᠰᠠᠯᠠᠭ᠎ᠠ ᠮᠥᠴᠢᠷ ᠤᠳ ᠠᠷᠠᠳ ᠲᠤ ᠲᠥᠬᠦᠮᠯᠡᠵᠦ ᠠᠷᠠᠳ ᠲᠤ ᠠᠰᠢᠭ ᠬᠦᠷᠲᠡᠭᠡᠬᠦ ᠣᠯᠠᠨ ᠵᠦᠢᠯ ᠤᠨ | ᠲᠥᠷᠥ ᠶᠢᠨ ᠪᠣᠳᠣᠯᠭ᠎ᠠ ᠶᠢ ᠨᠡᠶᠢᠲᠡᠯᠡᠵᠡᠢ ᠂ ᠲᠡᠳᠡᠭᠡᠷ ᠠᠴᠠ ᠠᠷᠠᠳ ᠤᠨ ᠠᠮᠢᠳᠤᠷᠠᠯ ᠤᠨ ᠲᠤᠬᠠᠢ ᠠᠰᠠᠷᠠᠮᠵᠢ ᠡᠳᠡᠭᠡᠷ | ᠪᠤᠢ ᠃ | 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠭᠡᠳ ᠂ 2023 ᠣᠨ ᠤ ᠰᠡᠭᠦᠯᠴᠢ ᠠᠴᠠ | ᠡᠮᠦᠨ᠎ᠡ ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠢᠶᠠᠨ ᠨᠢᠭᠡᠨᠲᠡ ᠲᠣᠭᠲᠠᠭᠠᠯ ᠶᠣᠰᠣᠭᠠᠷ ᠭᠦᠢᠴᠡᠳᠬᠡᠭᠰᠡᠨ | ᠪᠥᠭᠡᠳ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠠᠵᠤ ᠠᠬᠤᠶᠢᠯᠠᠯ ᠪᠠ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠦᠩᠭᠦᠨ ᠤ ᠲᠦᠪᠰᠢᠨ ᠢ ᠳᠡᠭᠡᠭᠰᠢᠯᠡᠭᠦᠯᠵᠡᠢ ᠂ ᠶᠡᠷᠦᠩᠬᠡᠢ ᠲᠣᠬᠢᠷᠠᠭᠤᠯᠤᠯᠲᠠ ᠶᠢᠨ ᠲᠦᠪᠰᠢᠨ ᠨᠢ | 2023 ᠣᠨ ᠤ ᠠᠵᠢᠯ ᠠᠴᠠ ᠪᠠᠨ ᠠᠮᠠᠷᠠᠭᠰᠠᠳ ᠤᠨ ᠰᠠᠷ᠎ᠠ ᠶᠢᠨ ᠳᠤᠮᠳᠠᠴᠢ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠦᠩᠭᠦᠨ ᠤ 3% ᠪᠣᠯᠣᠨ᠎ᠠ ᠃ | ᠪᠦᠬᠦ ᠤᠯᠤᠰ ᠤᠨ ᠳᠡᠰ ᠤᠨ ᠠᠩᠬᠠᠳᠠᠬᠢ ᠣᠷᠣᠨ ᠰᠠᠭᠤᠴᠠ ᠬᠢᠭᠡᠳ ᠬᠤᠶᠠᠳᠠᠬᠢ ᠣᠷᠣᠨ ᠰᠠᠭᠤᠴᠠ ᠶᠢᠨ | ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠭᠦᠨ ᠤ | ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠢ ᠬᠦᠴᠦᠨ ᠦᠭᠡᠢ ᠪᠣᠯᠭᠠᠪᠠ ᠃ | ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠤᠭᠰᠠᠨ ᠭᠡᠷ ᠪᠦᠯᠢ ᠳᠤ ᠠᠩᠬᠠᠳᠠᠬᠢ ᠣᠷᠣᠨ | ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ | ᠳᠣᠣᠷ᠎ᠠ ᠠᠩᠬ᠎ᠠ ᠲᠤᠰᠢᠶᠠᠬᠤ ᠵᠣᠭᠤᠰᠤᠨ ᠤ ᠬᠠᠷᠢᠴᠠᠯ ᠢ 15% ᠠᠴᠠ ᠳᠣᠣᠷ᠎ᠠ ᠪᠠᠶᠢᠯᠭᠠᠬᠤ ᠦᠭᠡᠢ ᠂ ᠬᠤᠶᠠᠳᠠᠬᠢ | ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ | ᠬᠠᠮᠤᠭ ᠤᠨ ᠳᠣᠣᠷ᠎ᠠ ᠠᠩᠬ᠎ᠠ ᠲᠤᠰᠢᠶᠠᠬᠤ ᠵᠣᠭᠤᠰᠤᠨ ᠤ ᠬᠠᠷᠢᠴᠠᠯ ᠢ 25% ᠠᠴᠠ ᠳᠣᠣᠷ᠎ᠠ ᠪᠠᠶᠢᠯᠭᠠᠬᠤ ᠪᠣᠯᠬᠤ | ᠦᠭᠡᠢ ᠭᠡᠵᠦ ᠲᠣᠬᠢᠷᠠᠭᠤᠯᠵᠠᠢ ᠃ | 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ ᠬᠤᠪᠢ ᠬᠥᠮᠥᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠵᠢᠭᠡᠯᠡᠯᠭᠡ ᠶᠢᠨ ᠬᠦᠦ ᠮᠦᠩᠭᠦᠨ ᠤ ᠨᠣᠷᠮ᠎ᠠ ᠶᠢ 0. | 25 ᠵᠠᠭᠤᠨ ᠤ ᠴᠡᠭ ᠪᠠᠭᠤᠷᠠᠭᠤᠯᠪᠠ ᠃ | ᠳᠤᠮᠳᠠᠳᠤ ᠤᠯᠤᠰ ᠤᠨ ᠠᠷᠠᠳ ᠤᠨ ᠪᠠᠩᠬᠢ ᠨᠢᠭᠡᠨᠲᠡ 3000 ᠳ᠋ᠦᠩᠰᠢᠭᠤᠷ ᠲᠥᠭᠦᠷᠢᠭ ᠤᠨ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ ᠲᠠᠯᠪᠢᠵᠠᠢ ᠃ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ ᠶᠢᠨ ᠬᠦᠦ ᠮᠦᠩᠭᠦᠨ ᠤ ᠨᠣᠷᠮ᠎ᠠ 1.75% ᠂ 1 ᠵᠢᠯ ᠤᠨ | ᠬᠤᠭᠤᠴᠠᠭ᠎ᠠ ᠲᠠᠢ ᠂ 4 ᠤᠳᠠᠭ᠎ᠠ ᠬᠤᠭᠤᠴᠠᠭ᠎ᠠ ᠪᠠᠨ ᠤᠷᠲᠤᠳᠬᠠᠵᠤ ᠪᠣᠯᠣᠨ᠎ᠠ ᠂ ᠵᠢᠭᠡᠯᠡᠯᠭᠡ ᠲᠠᠯᠪᠢᠬᠤ ᠡᠲᠡᠭᠡᠳ ᠲᠤ | ᠪᠦᠬᠦ ᠤᠯᠤᠰ ᠤᠨ ᠴᠢᠨᠠᠷᠲᠠᠢ 21 ᠪᠠᠩᠬᠢ ᠶᠢ ᠪᠠᠭᠲᠠᠭᠠᠨ᠎ᠠ ᠃ ᠪᠠᠩᠬᠢ ᠡᠵᠡᠨ ᠮᠡᠳᠡᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠂ ᠲᠦᠭᠰᠢᠭᠦᠷᠢ ᠶᠢ ᠥᠪᠡᠷᠰᠡᠳ ᠢᠶᠠᠨ ᠡᠭᠦᠷᠭᠡᠯᠡᠬᠦ ᠵᠠᠷᠴᠢᠮ ᠶᠣᠰᠣᠭᠠᠷ ᠵᠢᠭᠡᠯᠡᠯᠭᠡ ᠲᠠᠯᠪᠢᠨ᠎ᠠ ᠃ | 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠭᠡᠷ ᠪᠦᠯᠢ ᠶᠢᠨ | ᠠᠵᠤ ᠠᠬᠤᠢ ᠨᠢ ᠬᠦᠴᠢᠷᠳᠡᠯᠲᠡᠢ ᠮᠥᠷᠲᠡᠭᠡᠨ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ | ᠨᠥᠬᠦᠪᠦᠷᠢ ᠤᠨ ᠤᠯᠤᠰ ᠤᠨ ᠰᠠᠭᠤᠷᠢ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠂ ᠪᠠᠭ᠎ᠠ ᠰᠤᠷᠭᠠᠭᠤᠯᠢ ᠶᠢᠨ ᠰᠤᠷᠤᠭᠴᠢ | ᠨᠢᠵᠡᠭᠡᠳ ᠲᠤ ᠳᠤᠮᠳᠠᠴᠢ ᠪᠠᠷ ᠵᠢᠯ ᠪᠦᠷᠢ 1000 ᠲᠥᠭᠦᠷᠢᠭ ᠪᠠᠶᠢᠭᠰᠠᠨ ᠠᠴᠠ ᠨᠢ 1250 ᠲᠥᠭᠦᠷᠢᠭ ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠵᠡᠭᠡᠳ ᠲᠤ ᠳᠤᠮᠳᠠᠴᠢ ᠪᠠᠷ ᠵᠢᠯ ᠪᠦᠷᠢ 1250 ᠲᠥᠭᠦᠷᠢᠭ | ᠪᠠᠶᠢᠭᠰᠠᠨ ᠠᠴᠠ ᠨᠢ 1500 ᠲᠥᠭᠦᠷᠢᠭ ᠪᠣᠯᠭᠠᠨ | ᠳᠡᠭᠡᠭᠰᠢᠯᠡᠭᠦᠯᠵᠡᠢ ︔ ᠪᠠᠶᠢᠷᠢ ᠳᠤ ᠰᠠᠭᠤᠬᠤ ᠦᠭᠡᠢ ᠮᠥᠷᠲᠡᠭᠡᠨ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ | ᠦᠷᠭᠦᠯᠵᠢᠯᠡᠨ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠨᠥᠬᠦᠪᠦᠷᠢ ᠶᠢᠨ ᠤᠯᠤᠰ ᠤᠨ ᠰᠠᠭᠤᠷᠢ | ᠪᠠᠷᠢᠮᠵᠢᠶ᠎ᠠ ᠶᠢᠨ 50% ᠪᠠᠷ ᠬᠠᠷᠭᠤᠭᠤᠯᠤᠨ ᠲᠣᠭᠲᠠᠭᠠᠨ᠎ᠠ ᠃ | 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯᠠᠬᠢ ᠬᠤᠭᠤᠴᠠᠭᠠᠨ ᠳᠤ ᠂ ᠪᠠᠷᠢᠮᠵᠢᠶᠠᠨ ᠳᠤ ᠨᠡᠶᠢᠴᠡᠬᠦ ᠬᠤᠶᠠᠷ ᠲᠥᠷᠥᠯ ᠤᠨ ᠬᠠᠭᠤᠴᠢᠨ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠭᠰᠠᠨ ᠮᠥᠷᠲᠡᠭᠡᠨ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠤᠭᠰᠠᠨ ᠳᠤ ᠨᠢ 1 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ︔ ᠬᠡᠷᠡᠭᠯᠡᠭᠡᠨ ᠠᠴᠠ | ᠭᠠᠷᠭᠠᠭᠰᠠᠨ ᠤᠯᠤᠰ ᠤᠨ ᠭᠤᠷᠪᠠᠳᠤᠭᠠᠷ ᠱᠠᠲᠤᠨ ᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠭᠰᠠᠨ ᠮᠥᠷᠲᠡᠭᠡᠨ 2.0 ᠯᠢᠲᠷ ᠵᠢᠴᠢ ᠲᠡᠭᠦᠨ ᠠᠴᠠ ᠳᠣᠷᠣᠭᠰᠢ ᠭᠠᠳᠠᠭᠰᠢᠯᠠᠭᠤᠯᠬᠤ | ᠬᠡᠮᠵᠢᠶᠡᠨ ᠤ ᠰᠢᠲᠠᠭᠠᠯᠭ᠎ᠠ ᠶᠢᠨ ᠲᠣᠰᠣ ᠬᠡᠷᠡᠭᠯᠡᠬᠦ ᠰᠠᠭᠤᠳᠠᠯ ᠤᠨ ᠮᠠᠰᠢᠨ ᠬᠤᠳᠠᠯᠳᠤᠨ ᠠᠪᠤᠭᠰᠠᠨ ᠪᠠᠶᠢᠪᠠᠯ ᠂ | 7000 ᠲᠥᠭᠦᠷᠢᠭ ᠤᠨ ᠨᠥᠬᠦᠪᠦᠷᠢ ᠣᠯᠭᠤᠨ᠎ᠠ ᠃ | ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ ᠵᠡᠷᠭᠡ ᠬᠤᠳᠠᠯᠳᠤᠭᠠᠨ ᠤ ᠲᠣᠣᠷ ᠴᠡᠭ ᠤᠳ ᠤᠨ | ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠬᠤ ᠂ ᠭᠠᠷ ᠳᠠᠮᠵᠢᠭᠰᠠᠨ ᠭᠡᠷ ᠤᠨ | ᠴᠠᠬᠢᠯᠭᠠᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠂ ᠰᠡᠯᠪᠢᠨ ᠵᠠᠰᠠᠬᠤ ᠵᠡᠷᠭᠡ ᠠᠮᠢᠳᠤᠷᠠᠯ ᠤᠨ ᠦᠢᠯᠡᠴᠢᠯᠡᠭᠡ | ᠬᠠᠩᠭᠠᠬᠤ ᠶᠢ ᠨᠢ ᠳᠡᠮᠵᠢᠵᠦ ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠢ ᠲᠦᠷ ᠬᠠᠳᠠᠭᠠᠯᠠᠬᠤ ᠂ | ᠡᠷᠭᠢᠯᠳᠦᠭᠦᠯᠬᠦ ᠬᠠᠮᠢᠶ᠎ᠠ ᠪᠦᠬᠦᠢ ᠪᠡᠯᠡᠳᠬᠡᠮᠵᠢ ᠨᠦᠭᠦᠳ ᠢ ᠥᠭᠡᠷᠡᠴᠢᠯᠡᠨ ᠪᠠᠶᠢᠭᠤᠯᠵᠤ ᠂ ᠦᠢᠯᠡᠴᠢᠯᠡᠭᠡᠨ ᠤ | ᠴᠢᠳᠠᠮᠵᠢ ᠶᠢ ᠨᠡᠮᠡᠭᠳᠡᠭᠦᠯᠪᠡ ᠃ | ᠡᠨᠡ ᠵᠢᠯ ᠠᠴᠠ ᠡᠬᠢᠯᠡᠨ ᠂ ᠪᠦᠬᠦ ᠤᠯᠤᠰ ᠲᠤ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠵᠡᠷᠭᠡ ᠭᠤᠷᠪᠠᠨ | ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠬᠢᠭᠡᠳ ᠲᠠᠷᠢᠮᠠᠯ ᠤᠨ | ᠣᠷᠣᠯᠭ᠎ᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ ᠃ | ︽ᠥᠨᠳᠥᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ ᠨᠢᠭᠡᠳᠦᠭᠡᠷ ᠪᠦᠯᠦᠭ ᠤᠨ 13 | ᠭᠤᠣᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠪᠡ ᠃ ᠡᠭᠦᠨ ᠳᠤ ᠂ ᠡᠵᠡᠩᠨᠡᠯᠲᠡ ᠶᠢᠨ ᠭᠤᠣᠯ | ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ 8 ᠵᠦᠢᠯ ᠂ ᠬᠤᠪᠢ ᠬᠥᠮᠥᠨ ᠤ ᠠᠵᠢᠯ ᠶᠠᠪᠤᠳᠠᠯ | ᠭᠦᠢᠴᠡᠳᠬᠡᠬᠦ ᠳᠤ ᠬᠠᠷᠢᠶᠠᠯᠠᠭᠳᠠᠬᠤ 5 ᠵᠦᠢᠯ ᠪᠠᠶᠢᠨ᠎ᠠ ᠃ ᠲᠡᠷᠡᠴᠢᠯᠡᠨ ᠰᠤᠷᠭᠠᠨ ᠬᠦᠮᠦᠵᠢᠯ ᠰᠤᠷᠭᠠᠭᠤᠯᠢ ᠳᠤ | ᠣᠷᠣᠬᠤ ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠰᠠᠭᠤᠭᠠᠯᠢ ᠠᠷᠠᠳ ᠲᠤ ᠦᠢᠯᠡᠴᠢᠯᠡᠬᠦ ᠂ ᠵᠡᠮᠳᠡᠭᠴᠦᠳ ᠤᠨ | ᠦᠢᠯᠡᠴᠢᠯᠡᠭᠡ ᠵᠡᠷᠭᠡ ᠶᠢ ᠪᠠᠭᠲᠠᠭᠠᠨ᠎ᠠ ᠃ | |