ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ︽ᠶᠡᠭᠡ | ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ ᠤᠨ ᠮᠡᠳᠡᠭᠳᠡᠯ︾ ᠪᠠ ︽ᠬᠤᠳᠠᠯᠳᠤᠭᠠᠨ ᠤ | ᠶᠠᠪᠤᠳᠠᠯ ᠤᠨ ᠶᠠᠮᠤᠨ ᠵᠡᠷᠭᠡ 7 ᠰᠠᠯᠠᠭ᠎ᠠ ᠮᠥᠴᠢᠷ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ | ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠮᠠᠰᠢᠨ ᠲᠡᠷᠭᠡᠨ ᠤ ᠬᠡᠷᠡᠭᠯᠡᠭᠡ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠬᠦ ᠶᠢᠨ | ᠲᠥᠯᠥᠭᠡ᠂ 9 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ 6 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠨᠠᠷᠢᠨ | ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | | ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠰᠠᠶᠢᠲᠤᠷ ᠬᠢᠵᠦ᠂ ︽ᠬᠡᠷᠡᠭᠵᠢᠭᠦᠯᠬᠦ ᠨᠠᠷᠢᠨ | ᠲᠦᠷᠢᠮ︾ ᠨᠢ ᠮᠠᠨ ᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ | ᠥᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠭᠤᠴᠢᠨ ᠲᠡᠷᠭᠡ ᠬᠡᠷᠡᠭᠯᠡᠭᠰᠡᠳ ᠤᠨ ᠨᠡᠷ᠎ᠡ ᠶᠢᠨ ᠳᠣᠤᠷ᠎ᠠ ᠪᠠᠶᠢᠬᠤ | ᠴᠠᠭ ᠤᠨ ᠱᠠᠭᠠᠷᠳᠠᠯᠭ᠎ᠠ ᠶᠢ ᠨᠡᠮᠡᠵᠦ ᠨᠥᠬᠦᠪᠥᠷᠢᠯᠡᠪᠡ᠃ ᠬᠤᠪᠢ ᠬᠦᠮᠦᠨ ᠤ ᠬᠡᠷᠡᠭᠯᠡᠬᠡᠨ ᠠᠴᠠ ᠬᠠᠶᠠᠭᠳᠠᠭᠰᠠᠨ | ᠳᠤᠮᠳᠠᠳᠤ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠵᠢᠴᠢ | ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣ ᠬᠡᠷᠡᠭᠯᠡᠬᠦ ᠲᠡᠷᠭᠡ ᠪᠤᠶᠤ | 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ︵ ᠳᠤᠤᠷᠠᠬᠢ ᠡᠳᠦᠷ ᠬᠤᠭᠤᠴᠠᠭ᠎ᠠ ᠳᠤ | ᠴᠦᠮ ᠲᠤᠰ ᠡᠳᠦᠷ ᠢ ᠪᠠᠭᠲᠠᠭᠠᠨ᠎ᠠ︶ ᠳᠠᠩᠰᠠᠯᠠᠭᠤᠯᠤᠨ ᠲᠡᠮᠳᠡᠭᠯᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ︽ᠲᠡᠷᠭᠡ | ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ | ᠭᠠᠷᠴᠠᠭ︾ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ 20000 ᠲᠥᠭᠦᠷᠢᠭ / | ᠨᠥᠬᠦᠪᠥᠷᠢ ᠭᠤᠶᠤᠴᠢᠯᠠᠵᠤ ᠪᠣᠯᠤᠨ᠎ᠠ︔ ᠬᠡᠷᠡᠭᠯᠡᠭᠡᠨ ᠠᠴᠠ ᠭᠠᠷᠭᠠᠭᠰᠠᠨ ᠳᠤᠮᠳᠠᠳᠤ ᠤᠯᠤᠰ ᠤᠨ ᠭᠤᠷᠪᠠᠳᠤᠭᠠᠷ | ᠱᠠᠲᠤᠨ ᠤ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ | ᠠᠪᠬᠤ ᠳᠤ 2.0L ︵ᠪᠠᠭᠲᠠᠨ᠎ᠠ︶ ᠠᠴᠠ ᠳᠣᠷᠣᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ ᠲᠡᠷᠭᠡ ᠬᠤᠳᠠᠯᠳᠤᠨ | ᠠᠪᠬᠤ ᠳᠤ 15000 ᠲᠥᠭᠦᠷᠢᠭ / ᠨᠥᠬᠦᠪᠥᠷᠢ ᠭᠤᠶᠤᠴᠢᠯᠠᠵᠤ ᠪᠣᠯᠤᠨ᠎ᠠ᠃ 2024 ᠣᠨ ᠤ 4 ᠳ᠋ᠦ᠋ᠭᠡᠷ | ᠰᠠᠷ᠎ᠠ ᠶᠢᠨ 24 ᠤ ᠡᠳᠦᠷ ᠠᠴᠠ ᠡᠬᠢᠯᠡᠨ ᠲᠤᠰᠢᠶᠠᠭᠰᠠᠨ ᠨᠥᠬᠦᠴᠡᠯ ᠳᠤ ᠨᠡᠶᠢᠴᠡᠬᠦ ᠨᠥᠬᠦᠪᠥᠷᠢ ᠭᠤᠶᠤᠴᠢᠯᠠᠬᠤ ︵ | ᠨᠥᠬᠦᠪᠥᠷᠢ ᠣᠯᠭᠤᠬᠤ ᠭᠤᠶᠤᠴᠢᠯᠠᠯ ᠢ ᠪᠠᠭᠲᠠᠭᠠᠨ᠎ᠠ︶ ᠳᠤ ᠴᠥᠮ ᠲᠣᠰ ᠨᠠᠷᠢᠨ ᠲᠦᠷᠢᠮ ᠳᠤ ᠲᠣᠳᠣᠷᠬᠠᠶᠢᠯᠠᠭᠰᠠᠨ | ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠡᠭᠦᠨ ᠳᠤ᠂ ᠡᠭᠦᠨ ᠠᠴᠠ ᠡᠮᠦᠨ᠎ᠡ ᠲᠤᠰᠢᠶᠠᠭᠰᠠᠨ ᠨᠥᠬᠦᠴᠡᠯ ᠳᠤ | ᠨᠡᠶᠢᠴᠡᠬᠦ ᠨᠥᠬᠦᠪᠥᠷᠢ ᠶᠢᠨ ᠭᠤᠶᠤᠴᠢᠯᠠᠯ ᠢ ᠪᠣᠯ ᠳᠡᠭᠡᠷᠡᠬᠢ ᠪᠠᠷᠢᠮᠵᠢᠶ᠎ᠠ ᠶᠣᠰᠣᠭᠠᠷ ᠵᠥᠷᠢᠶ᠎ᠡ ᠶᠢ ᠨᠢ ᠨᠥᠬᠦᠵᠦ | ᠭᠦᠢᠴᠡᠭᠡᠨ᠎ᠡ᠃ ︽ᠬᠡᠷᠡᠭᠵᠢᠭᠦᠯᠬᠦ ᠨᠠᠷᠢᠨ ᠲᠦᠷᠢᠮ︾ ᠳᠤ ᠬᠤᠪᠢ ᠬᠥᠮᠦᠨ ᠤ ᠬᠡᠷᠡᠭᠯᠡᠭᠴᠢᠳ ᠤᠨ ᠬᠡᠷᠡᠭᠯᠡᠭᠡ ᠠᠴᠠ | ᠭᠠᠷᠤᠭᠰᠠᠨ ᠬᠠᠭᠤᠴᠢᠨ ᠲᠡᠷᠭᠡ ᠶᠢ ᠡᠷᠬᠡᠪᠰᠢ 2024 ᠣᠨ ᠤ 7 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ | ᠲᠣᠰ ᠬᠥᠮᠦᠨ ᠤ ᠨᠡᠷ᠎ᠡ ᠪᠠᠷ ᠳᠠᠩᠰᠠᠯᠠᠬᠤ ᠶᠢ ᠲᠣᠳᠣᠷᠬᠠᠶᠢᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ | ᠲᠥᠰᠦᠯ︾ ︵ᠥᠪᠥᠷ ᠬᠤᠳᠠᠯᠳᠤᠭ᠎ᠠ ᠲᠡᠭᠡᠭᠡᠪᠦᠷᠢ ᠥᠰᠥᠭ ﹇ 2024﹈ 273 ᠳ᠋ᠤᠭᠠᠷ ᠲᠣᠭᠠᠲᠤ︶ ᠲᠣᠰ | ᠨᠠᠷᠢᠨ ᠲᠦᠷᠢᠮ ᠤᠨ ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠪᠠᠯ᠂ ᠲᠣᠰ ᠨᠠᠷᠢᠨ ᠲᠦᠷᠢᠮ ᠢᠶᠠᠷ ᠪᠠᠷᠢᠮᠵᠢᠶ᠎ᠠ | ᠪᠣᠯᠭᠠᠨ᠎ᠠ᠃ | ᠮᠠᠰᠢᠨ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ︽ᠬᠡᠷᠡᠭᠵᠢᠭᠦᠯᠬᠦ | ᠨᠠᠷᠢᠨ ᠲᠦᠷᠢᠮ︾ ᠳᠤ ᠮᠠᠨ ᠤ ᠣᠷᠣᠨ ᠤ ᠮᠠᠰᠢᠨ ᠲᠡᠷᠭᠡᠨ ᠤ ᠰᠢᠨᠡᠳᠬᠡᠯᠲᠡ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠰᠢᠨ᠎ᠡ ᠪᠠᠷ ᠨᠡᠮᠡᠪᠡ᠂ ᠲᠤᠬᠠᠶᠢᠯᠠᠪᠠᠯ ᠬᠤᠪᠢ ᠬᠥᠮᠦᠨ ᠤ ᠬᠡᠷᠡᠭᠯᠡᠭᠴᠢᠳ ᠲᠣᠰ ᠨᠠᠷᠢᠨ ᠲᠦᠷᠢᠮ ᠢ | ᠳᠠᠷᠤᠮᠠᠯᠯᠠᠨ ᠲᠠᠷᠬᠠᠭᠠᠭᠰᠠᠨ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ | ᠬᠤᠭᠤᠴᠠᠭᠠᠨ ᠳᠤ᠂ ᠲᠣᠰ ᠬᠥᠮᠦᠨ ᠤ ᠨᠡᠷ᠎ᠡ ᠪᠠᠷ ᠰᠢᠲᠠᠭᠠᠬᠤ ᠲᠣᠰᠣ ᠪᠤᠶᠤ ᠰᠢᠨ᠎ᠡ ᠡᠨᠧᠷᠭᠢ ᠶᠢᠨ ᠲᠡᠷᠭᠡᠨ ᠳᠤ | ᠰᠠᠭᠤᠬᠤ ᠲᠡᠷᠭᠡ ᠪᠠᠨ ᠰᠢᠯᠵᠢᠭᠦᠯᠦᠨ ᠥᠭᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠮᠠᠰᠢᠨ ᠲᠡᠷᠭᠡᠨ ᠤ ᠰᠢᠨ᠎ᠡ ᠲᠡᠷᠭᠡ ᠬᠤᠳᠠᠯᠳᠤᠨ ᠠᠪᠴᠤ᠂ ᠲᠤᠬᠠᠶ ᠶᠢᠨ ᠭᠠᠵᠠᠷ ᠤᠨ ᠮᠠᠰᠢᠨᠲᠤ ᠲᠡᠷᠭᠡᠨ ᠤ | ᠨᠢᠭᠡᠳᠦᠯᠲᠡᠶ ᠪᠣᠷᠣᠯᠠᠭᠤᠯᠤᠯᠲᠠ ᠶᠢᠨ ᠪᠠᠷᠢᠮᠲᠠ ᠭᠠᠷᠭᠠᠬᠤ ᠶᠢᠨ ᠬᠠᠮᠲᠤ ᠲᠡᠷᠭᠡ ᠬᠥᠰᠬᠡ ᠬᠤᠳᠠᠯᠳᠤᠨ ᠠᠪᠬᠤ | ᠨᠥᠬᠦᠪᠥᠷᠢ ᠶᠢ ᠭᠤᠶᠤᠴᠢᠯᠠᠵᠤ ᠪᠣᠯᠤᠨ᠎ᠠ᠃ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠨᠢ ᠰᠢᠨ᠎ᠡ | ᠡᠨᠧᠷᠭᠢ ᠶᠢᠨ ᠬᠡᠷᠡᠭᠯᠡᠭᠡᠨ ᠤ ᠲᠡᠷᠭᠡ ᠪᠠᠶᠢᠪᠠᠯ᠂ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ | ︵ᠦᠨ᠎ᠡ ᠶᠢ ᠨᠡᠶᠢᠲᠡ ᠪᠤᠳᠤᠪᠠᠯ᠂ ᠳᠣᠷᠣᠭᠰᠢ ᠠᠳᠠᠯᠢ︶᠂ 5 ᠲᠦᠮᠡᠨ ᠲᠥᠭᠦᠷᠢᠭ ︵ᠪᠠᠭᠲᠠᠨ᠎ᠠ︶ ᠠᠴᠠ 10 | ᠲᠦᠮᠡᠨ ᠲᠥᠭᠦᠷᠢᠭ ︵ᠪᠠᠭᠲᠠᠬᠤ ᠥᠬᠡᠶ︶ ᠤᠨ ᠨᠥᠬᠦᠪᠥᠷᠢ 14000 ᠲᠥᠭᠦᠷᠢᠭ᠂ 10 ᠲᠦᠮᠡᠨ ᠲᠥᠭᠦᠷᠢᠭ ︵ | ᠪᠠᠭᠲᠠᠨ᠎ᠠ︶ ᠠᠴᠠ ᠳᠡᠭᠡᠭᠰᠢᠬᠢ ᠨᠥᠬᠦᠪᠥᠷᠢ 16000 ᠲᠥᠭᠦᠷᠢᠭ᠂ 20 ᠲᠦᠮᠡᠨ ᠲᠥᠭᠦᠷᠢᠭ ︵ᠪᠠᠭᠲᠠᠨ᠎ᠠ︶ | ᠠᠴᠠ ᠳᠡᠭᠡᠭᠰᠢᠬᠢ ᠨᠥᠬᠦᠪᠥᠷᠢ 18000 ᠲᠥᠭᠦᠷᠢᠭ ᠪᠣᠯᠤᠨ᠎ᠠ︔ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ | ᠬᠥᠰᠬᠡ ᠨᠢ ᠰᠢᠲᠠᠭᠠᠯᠭ᠎ᠠ ᠶᠢᠨ ᠲᠣᠰᠣ ᠶᠢᠨ ᠬᠡᠷᠡᠭᠯᠡᠭᠡᠨ ᠤ ᠲᠡᠷᠭᠡ ᠪᠠᠶᠢᠪᠠᠯ᠂ ᠲᠡᠷᠭᠡ ᠬᠤᠳᠠᠯᠳᠤᠨ ᠠᠪᠤᠭᠰᠠᠨ | ᠪᠠᠷᠢᠮᠲᠠ ᠶᠢᠨ ᠵᠣᠭᠤᠰ ᠤᠨ ᠲᠤᠭ᠎ᠠ ᠶᠢᠨ ᠶᠣᠰᠣᠭᠠᠷ᠂ 5 ᠲᠦᠮᠡᠨ ᠲᠥᠭᠦᠷᠢᠭ ︵ᠪᠠᠭᠲᠠᠨ᠎ᠠ︶ ᠠᠴᠠ 10 ᠲᠦᠮᠡᠨ | ᠲᠥᠭᠦᠷᠢᠭ ︵ᠪᠠᠭᠲᠠᠬᠤ ᠥᠬᠡᠶ︶ ᠠᠴᠠ ᠨᠥᠬᠦᠪᠥᠷᠢ 11000 ᠲᠥᠭᠦᠷᠢᠭ᠂ 20 ᠲᠦᠮᠡᠨ ᠲᠥᠭᠦᠷᠢᠭ ︵ | ᠪᠠᠭᠲᠠᠨ᠎ᠠ︶ ᠠᠴᠠ ᠳᠡᠭᠡᠭᠰᠢᠬᠢ ᠨᠥᠬᠦᠪᠥᠷᠢ 15000 ᠲᠥᠭᠦᠷᠢᠭ᠂ 20 ᠲᠦᠮᠡᠨ ᠲᠥᠭᠦᠷᠢᠭ ︵ᠪᠠᠭᠲᠠᠨ᠎ᠠ︶ | ᠠᠴᠠ ᠳᠡᠭᠡᠭᠰᠢᠬᠢ ᠨᠥᠬᠦᠪᠥᠷᠢ 15000 ᠲᠥᠭᠦᠷᠢᠭ ᠪᠣᠯᠤᠨ᠎ᠠ᠃ | ︽ᠬᠡᠷᠡᠭᠵᠢᠭᠦᠯᠬᠦ ᠨᠠᠷᠢᠨ ᠲᠦᠷᠢᠮ︾ ᠳᠤ ᠮᠠᠰᠢᠨ ᠲᠡᠷᠭᠡ ᠰᠣᠯᠢᠵᠤ ᠰᠢᠨᠡᠳᠬᠡᠬᠦ ᠨᠥᠬᠦᠪᠥᠷᠢ ᠶᠢᠨ ᠴᠤᠪᠤᠷᠠᠯ ᠢ | ᠲᠣᠳᠣᠷᠬᠠᠶᠢᠯᠠᠵᠤ᠂ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠬᠡᠷᠡᠭᠯᠡᠭᠴᠢᠳ ᠶᠦᠨ ᠱᠠᠨ ᠹᠦ᠋ APP ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠥᠬᠦᠪᠥᠷᠢ ᠵᠢᠵᠢᠭ ᠫᠷᠤᠭ᠍ᠷᠠᠮ ᠢᠶᠠᠷ ᠮᠠᠰᠢᠨ | ᠲᠡᠷᠭᠡ ᠰᠣᠯᠢᠵᠤ ᠰᠢᠨᠡᠳᠬᠡᠬᠦ ᠠᠵᠢᠯᠯᠠᠭ᠎ᠠ ᠶᠢᠨ ᠲᠤᠰᠬᠠᠶ ᠲᠣᠭᠤᠷᠢᠭ ᠲᠤ ᠳᠠᠩᠰᠠᠯᠠᠬᠤ ᠪᠠᠷ ᠳᠠᠮᠵᠢᠭᠤᠯᠤᠨ᠂ | ᠨᠥᠬᠦᠪᠥᠷᠢ ᠭᠤᠶᠤᠴᠢᠯᠠᠬᠤ ᠮᠠᠲ᠋ᠧᠷᠢᠶᠠᠯ ᠢ ᠲᠠᠭᠯᠠᠨ ᠮᠡᠳᠡᠭᠦᠯᠦᠨ᠎ᠡ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ | ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠳ ᠲᠠᠪᠴᠠᠩ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠲᠤᠰᠢᠶᠠᠭᠰᠠᠨ | ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠵᠤ᠂ ᠬᠢᠨᠠᠨ ᠬᠠᠷᠭᠤᠭᠤᠯᠵᠤ᠂ ᠬᠢᠨᠠᠨ | ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠠᠴᠠ ᠲᠣᠭᠲᠠᠭᠰᠠᠨ ᠲᠠᠰ ᠳᠠᠷᠠᠭᠠᠯᠠᠯ ᠤᠨ ᠶᠣᠰᠣᠭᠠᠷ ᠪᠠᠯᠠ ᠮᠥᠩᠭᠦ ᠶᠢ ᠬᠡᠷᠡᠭᠯᠡᠭᠴᠢᠳ ᠲᠤ ᠴᠠᠭ | ᠲᠤᠬᠠᠶ ᠳᠤᠨᠢ ᠰᠢᠯᠵᠢᠭᠦᠯᠦᠨ ᠥᠭᠭᠦᠨ᠎ᠡ᠃ | ︽ᠬᠡᠷᠡᠭᠵᠢᠭᠦᠯᠬᠦ ᠨᠠᠷᠢᠨ ᠲᠦᠷᠢᠮ︾ ᠳᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠬᠢᠨᠠᠯᠲᠠ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠶᠢᠨ ᠬᠢᠨ ᠬᠡᠷᠡᠭᠵᠢᠭᠦᠯᠬᠦ ᠳᠤᠮᠳᠠ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ | ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠦᠨᠡᠨ ᠬᠦ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠬᠡᠷᠡᠭᠲᠡᠶ ᠭᠡᠵᠦ ᠲᠣᠳᠣᠷᠬᠠᠶᠢᠯᠠᠪᠠ᠃ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠳ᠋ᠢᠶᠠᠩᠬᠤᠸᠠ ᠶᠢᠨ | ᠯᠠᠪᠯᠠᠯᠭ᠎ᠠ ᠶᠢᠨ ᠬᠠᠯᠠᠮᠰᠢᠯ ᠤᠲᠠᠰᠤ ᠭᠠᠷᠭᠠᠵᠤ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠪᠡ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠲᠠ ᠶᠢ ᠵᠢᠯᠣᠭᠤᠳᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠦᠨᠡᠨ ᠪᠤᠲᠠᠲᠠᠢ︾ ᠪᠠᠷ ᠨᠠᠩ ᠣᠯᠠᠨ | ᠬᠡᠷᠡᠭᠯᠡᠭᠴᠢᠳ ᠲᠤ ᠠᠰᠢᠭ ᠬᠦᠷᠲᠡᠭᠡᠨ᠎ᠡ᠃ | |