2025 ᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 7 ᠰᠠᠯᠠᠭ᠎ᠠ ᠮᠥᠴᠢᠷ ᠤᠨ ᠮᠡᠳᠡᠭᠳᠡᠯ
ᠨᠡᠶᠢᠲᠡᠯᠡᠭᠰᠡᠨ ᠴᠠᠭ᠄
2025/1/28
ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠳᠤ᠄  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠥᠬᠦᠶ ᠲᠣᠬᠢᠷᠠᠭᠤᠯᠤᠯᠲᠠ ᠵᠢᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ︽2025 ᠣᠨ ᠤ ᠬᠦᠷᠢᠶᠡᠨ ᠳᠤ ᠬᠦᠴᠦ ᠪᠠᠨ ᠨᠡᠮᠡᠭᠳᠡᠭᠦᠯᠦᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠡᠬᠢ ﹇2025﹈ 13 ᠳ᠋ᠤᠭᠠᠷ ᠲᠣᠭᠠᠲᠤ︶᠂ ︽ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠰᠠᠯᠠᠭ᠎ᠠ ᠮᠥᠴᠢᠷ ᠤᠨ ᠠᠯᠪᠠᠨ ᠲᠢᠩᠬᠢᠮ ︵ᠲᠠᠰᠤᠭ︶ ᠤᠨ 2025 ᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠳᠠᠯᠳᠤᠭᠠᠨ ᠶᠠᠪᠤᠳᠠᠯ ᠭᠦᠢᠯᠭᠡᠭᠡᠨ ᠵᠠᠬᠢᠳᠠᠯ ﹇2025﹈ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ︵ᠳᠣᠷᠣᠭᠰᠢ ᠲᠤᠰᠬᠠᠶ ᠠᠩᠭᠢ ᠭᠡᠵᠦ ᠲᠣᠪᠴᠢᠯᠠᠨ᠎ᠠ︶ ᠳᠤ ᠮᠡᠳᠡᠭᠦᠯᠦᠨ ᠳᠠᠩᠰᠠᠯᠠᠭᠤᠯᠵᠤ᠂ 2025 ᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠠᠵᠢᠯᠯᠠᠭᠠᠨ ᠤ ᠴᠠᠭ ᠬᠤᠭᠤᠴᠠᠭ᠎ᠠ ᠵᠢᠴᠢ ᠨᠡᠮᠡᠭᠦᠷᠢ ᠶᠢᠨ ᠪᠡᠯᠡ ᠮᠥᠩᠭᠦ  ︵ᠨᠢᠭᠡ︶ ᠠᠵᠢᠯᠯᠠᠭᠠᠨ ᠤ ᠴᠠᠭ᠃ 2025 ᠣᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠦᠷᠭᠦᠯᠵᠢᠯᠡᠨ ᠥᠷᠨᠢᠭᠦᠯᠵᠦ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠠᠵᠢᠯᠯᠠᠨ᠎ᠠ᠃  ︵ᠬᠤᠶᠠᠷ︶ ᠨᠡᠮᠡᠭᠦᠷᠢ ᠶᠢᠨ ᠪᠡᠯᠡ ᠮᠦᠩᠭᠦ  1. 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠬᠤ ᠬᠤᠭᠤᠴᠠᠭᠠᠨ ᠳᠤ ᠡᠭᠦᠰᠦᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠪᠠᠯᠠ ᠮᠥᠩᠭᠦ ᠶᠢ ᠬᠡᠷᠡᠭᠯᠡᠵᠦ᠂ 2025 ᠣᠨ ᠤ ᠬᠡᠷᠡᠭᠯᠡᠭᠡᠨ ᠤ ᠵᠦᠢᠯ ᠢ ᠬᠡᠷᠡᠭᠯᠡᠨ ᠬᠠᠭᠤᠴᠢᠨ ᠢᠶᠠᠷ ᠰᠢᠨ᠎ᠡ ᠶᠢ ᠰᠣᠯᠢᠬᠤ ᠪᠠᠯᠠ ᠮᠥᠩᠭᠦ ᠶᠢᠨ ᠲᠤᠭ᠎ᠠ ᠬᠡᠮᠵᠢᠶ᠎ᠡ ᠶᠢ ᠬᠡᠷᠡᠭᠯᠡᠨ᠎ᠡ᠃  2. ᠡᠯ᠎ᠡ ᠠᠶᠢᠮᠠᠭ ᠬᠤᠲᠠ ᠨᠤᠭᠤᠳ ᠪᠡᠯᠡ ᠮᠥᠩᠭᠦ ᠬᠤᠪᠢᠶᠠᠷᠢᠯᠠᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ᠂ ᠬᠢᠨᠠᠨ ᠬᠠᠮᠢᠶᠠᠷᠬᠤ᠂ ᠬᠢᠨᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠠᠶᠤᠯ ᠦᠭᠡᠶ ᠶᠢ ᠦᠨᠡᠨ ᠬᠦ ᠪᠠᠲᠤᠯᠠᠵᠤ᠂ ᠨᠡᠮᠡᠭᠦᠷᠢ ᠶᠢᠨ ᠪᠡᠯᠡ ᠮᠥᠩᠭᠦ ᠶᠢ ᠴᠠᠭ ᠲᠤᠬᠠᠶ  ᠳᠤ ᠨᠢ ᠣᠯᠭᠤᠵᠤ᠂ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠨᠡᠮᠡᠭᠦᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠡᠮᠡᠭᠦᠷᠢ ᠶᠢᠨ ᠪᠠᠯᠠ ᠮᠥᠩᠭᠦ ᠶᠢ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠪᠠ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃  3. ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠠ ᠪᠠᠯᠠ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠠᠶᠢᠮᠠᠭ ᠬᠤᠲᠠ ᠪᠣᠳᠠᠲᠠᠶ ᠲᠠᠢ ᠪᠠᠨ ᠤᠶᠠᠯᠳᠤᠭᠤᠯᠤᠨ ᠬᠡᠰᠡᠭ ᠪᠠᠯᠠ ᠮᠥᠩᠭᠦ ᠶᠢ ᠤᠷᠢᠳᠴᠢᠯᠠᠨ ᠰᠠᠯᠭᠠᠨ ᠥᠭᠴᠦ ᠵᠣᠬᠢᠴᠠᠩᠭᠤᠶ ᠲᠣᠭᠠᠴᠠᠭ᠎ᠠ ᠬᠢᠬᠦ ᠲᠠᠪᠴᠠᠩ ᠪᠤᠶᠤ ᠡᠵᠡᠩᠨᠡᠯᠲᠡ ᠶᠢᠨ ᠭᠤᠤᠯ ᠴᠣᠭᠴᠠ ᠳᠤ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠯᠠ ᠮᠥᠩᠭᠦ ᠶᠢ ᠢᠯᠭᠠᠷᠠᠭᠤᠯᠤᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠷᠣᠯᠴᠠᠬᠤ ᠭᠤᠤᠯ ᠴᠣᠭᠴᠠ ᠶᠢᠨ ᠪᠠᠯᠠ ᠮᠥᠩᠭᠦ ᠪᠠ ᠡᠵᠡᠩᠨᠡᠯᠲᠡ ᠶᠢᠨ ᠳᠠᠷᠤᠯᠲᠠ ᠶᠢ ᠪᠠᠭᠤᠷᠠᠭᠤᠯᠤᠨ᠎ᠠ᠃  4. ᠡᠯ᠎ᠡ ᠠᠶᠢᠮᠠᠭ ᠬᠤᠲᠠ ᠨᠡᠮᠡᠭᠦᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠠᠶᠢᠮᠠᠭ ᠬᠤᠲᠠ ᠨᠤᠭᠤᠳ ᠠᠵᠢᠯ ᠤᠨ ᠠᠬᠢᠴᠠ᠂ ᠪᠡᠯᠡ ᠮᠦᠩᠭᠦ ᠶᠢᠨ ᠬᠡᠷᠡᠭᠯᠡᠬᠦ ᠵᠡᠷᠭᠡ ᠪᠠᠶᠢᠳᠠᠯ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠦᠷ᠎ᠡ ᠪᠦᠲᠦᠮᠵᠢ ᠪᠠᠨ ᠰᠠᠷ᠎ᠠ ᠪᠠᠷ ᠮᠡᠳᠡᠭᠦᠯᠦᠨ ᠬᠦᠷᠭᠡᠬᠦ ᠬᠡᠷᠡᠭᠲᠡᠢ᠃  ᠬᠤᠶᠠᠷ᠂ ᠨᠡᠮᠡᠭᠦᠷᠢ ᠥᠭᠬᠦ ᠡᠲᠡᠭᠡᠳ ᠬᠢᠭᠡᠳ ᠪᠠᠷᠢᠮᠵᠢᠶ᠎ᠠ  2025 ᠣᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠨᠡᠮᠡᠭᠦᠷᠢ ᠶᠢᠨ ᠪᠠᠷᠢᠮᠵᠢᠶ᠎ᠠ ᠲᠠᠢ ᠵᠣᠯᠭᠠᠭᠤᠯᠵᠤ᠂ ᠠᠵᠢᠯ ᠤᠨ ᠲᠣᠭᠲᠠᠭᠤᠨ ᠢᠶᠠᠷ ᠰᠢᠯᠵᠢᠬᠦ ᠶᠢ ᠪᠠᠲᠤᠯᠠᠪᠠ᠃  ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠵᠤ ᠠᠪᠬᠤ ᠶᠢᠨ ᠬᠠᠮᠲᠤ ᠬᠢᠷᠢ ᠲᠡᠩᠴᠡᠭᠰᠡᠨ ᠰᠢᠨ᠎ᠡ ᠮᠠᠰᠢᠨ ᠲᠡᠷᠭᠡ ᠶᠢ ᠰᠣᠯᠢᠵᠤ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠲᠤ ᠨᠢᠭᠡ ᠤᠳᠠᠭ᠎ᠠ ᠶᠢᠨ ᠴᠢᠨᠠᠷᠲᠠᠶ 500 ᠲᠥᠭᠦᠷᠢᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠣᠭᠲᠠᠭᠰᠠᠨ ᠲᠣᠭᠠᠨ ᠤ ᠨᠡᠮᠡᠭᠦᠷᠢ ᠣᠯᠭᠤᠨ᠎ᠠ᠃ ᠡᠭᠦᠨ ᠳᠤ᠂ ᠬᠡᠷᠡᠭᠯᠡᠭᠡᠨ ᠠᠴᠠ ᠭᠠᠷᠤᠭᠰᠠᠨ ᠯᠢᠲ᠋ᠢ ᠢᠶᠤᠨ ᠬᠤᠷᠢᠶᠠᠬᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠠᠷ᠎ᠠ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠣᠯᠢᠵᠤ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠳᠠᠬᠢᠨ 100 ᠲᠥᠭᠦᠷᠢᠭ ᠨᠥᠬᠦᠪᠥᠷᠢᠯᠡᠵᠦ ᠪᠣᠯᠤᠨ᠎ᠠ᠃ ᠨᠡᠮᠡᠭᠦᠷᠢ ᠭᠥᠷᠳᠡᠬᠦ ᠬᠡᠷᠡᠭᠯᠡᠭᠴᠢᠳ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃  ᠡᠯ᠎ᠡ ᠠᠶᠢᠮᠠᠭ ᠬᠤᠲᠠ ᠶᠢᠨ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠷᠣᠨ ᠨᠤᠲᠤᠭ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠠᠰᠢᠭᠯᠠᠨ ᠠᠶᠤᠯ ᠲᠦᠭᠰᠢᠭᠦᠷᠢ ᠶᠡᠬᠡᠲᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠬᠡᠷᠡᠭᠯᠡᠬᠦ ᠯᠢᠲ᠋ᠢ ᠢᠶᠣᠨ ᠤ ᠴᠠᠬᠢᠯᠭᠠᠨ ᠬᠤᠷᠢᠶᠠᠭᠤᠷ ᠬᠤᠷᠢᠶᠠᠬᠤ ᠶᠢᠨ ᠬᠠᠮᠲᠤ ︽ᠯᠢᠲ᠋ᠢ ᠶᠢᠨ ᠢᠶᠣᠨ ᠤ ᠳ᠋ᠢᠶᠠᠨ ᡂᠢ ᠶᠢᠨ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠬᠡᠷᠡᠭᠯᠡᠭᠴᠢᠳ ᠲᠤ ᠨᠡᠮᠡᠭᠦᠷᠢ ᠣᠯᠭᠤᠨ᠎ᠠ︔ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ︵GB17761 — 2024︶ ︵ᠳᠣᠷᠣᠭᠰᠢ ︽ᠵᠢᠷᠤᠮᠵᠢᠯ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠤ ᠳᠠᠷᠠᠭ᠎ᠠ᠂ ᠨᠡᠷ᠎ᠡ ᠳᠤᠤᠷ᠎ᠠ ᠪᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠥᠬᠡᠶ ᠮᠥᠷᠲᠡᠭᠡᠨ ᠠᠩᠬ᠎ᠠ ᠤᠳᠠᠭ᠎ᠠ ︽ᠵᠢᠷᠤᠮᠵᠢᠯ︾ ᠳᠤ ᠨᠡᠶᠢᠴᠡᠭᠰᠡᠨ ᠰᠢᠨ᠎ᠡ ᠲᠡᠷᠭᠡ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠲᠤ ᠨᠡᠮᠡᠭᠦᠷᠢ ᠣᠯᠭᠤᠵᠤ ᠪᠣᠯᠤᠨ᠎ᠠ︔ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ ᠳᠤ ᠨᠡᠶᠢᠴᠡᠬᠦ ᠰᠢᠨ᠎ᠡ ᠲᠡᠷᠭᠡ ᠬᠤᠳᠠᠯᠳᠤᠨ ᠠᠪᠬᠤ ᠪᠤᠶᠤ ︽ᠵᠢᠷᠤᠮᠵᠢᠯ︾ ᠳᠤ ᠨᠡᠶᠢᠴᠡᠭᠰᠡᠨ ᠰᠢᠨ᠎ᠡ ᠲᠡᠷᠭᠡ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠲᠤ ᠨᠡᠮᠡᠭᠦᠷᠢ ᠥᠭᠬᠦ ᠡᠷᠴᠢᠮ ᠢᠶᠠᠨ ᠵᠣᠬᠢᠰᠲᠠᠶ ᠨᠡᠮᠡᠭᠳᠡᠭᠦᠯᠵᠦ ᠪᠣᠯᠤᠨ᠎ᠠ᠃  ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠳᠤ ᠬᠡᠷᠡᠭᠯᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠢᠨ᠎ᠡ ᠲᠡᠷᠭᠡ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠭᠰᠡᠨ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CC︶ ᠤᠨ ᠦᠨᠡᠮᠯᠡᠯ ᠲᠠᠢ ᠪᠠᠶᠢᠬᠤ ᠬᠡᠷᠡᠭᠲᠡᠶ᠃  ᠭᠤᠷᠪᠠ᠂ ᠨᠡᠮᠡᠭᠦᠷᠢ ᠥᠭᠬᠦ ᠴᠤᠪᠤᠷᠠᠯ ᠵᠢᠴᠢ ᠠᠷᠭ᠎ᠠ ᠮᠠᠶ᠋ᠢᠭ ᠢ ᠰᠢᠯᠢᠳᠡᠭᠵᠢᠭᠦᠯᠬᠦ  ᠬᠤᠪᠢ ᠬᠥᠮᠦᠨ ᠤ ᠬᠡᠷᠡᠭᠯᠡᠭᠴᠢᠳ ᠤᠨ ᠬᠠᠭᠤᠴᠢᠨ ᠮᠡᠳᠡᠭᠡ ᠵᠠᠩᠭᠢ ᠶᠢ ᠵᠠᠪᠠᠯ ᠲᠠᠭᠯᠠᠬᠤ ᠪᠠᠨ ᠲᠤᠰᠢᠶᠠᠬᠤ᠄ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ᠂ ᠡᠭᠡᠭᠦᠯᠦᠨ ᠬᠤᠷᠢᠶᠠᠬᠤ ᠭᠤᠤᠯ ᠴᠣᠭᠴᠠ ᠶᠢᠨ ᠨᠡᠷᠡᠶᠢᠳᠦᠯ ︵ᠳᠠᠩᠰᠠᠯᠠᠭᠤᠯᠤᠭᠰᠠᠨ ᠨᠡᠷᠡᠶᠢᠳᠦᠯ︶᠂ ᠬᠠᠭᠤᠴᠢᠨ ᠲᠡᠷᠭᠡᠨ ᠤ ᠳ᠋ᠢᠶᠠᠨ ᡂᠢ ᠶᠢᠨ ᠲᠥᠷᠥᠯ ᠬᠡᠯᠪᠡᠷᠢ ︵ᠯᠢᠲ᠋ᠢ ᠴᠠᠬᠢᠯᠭᠠᠨ / ᠬᠠᠷ᠎ᠠ ᠲᠤᠭᠤᠯᠭᠠᠨ ᠬᠦᠴᠢᠯ︶᠂ ᠬᠠᠭᠤᠴᠢᠨ ᠲᠡᠷᠭᠡᠨ ᠤ ᠡᠷᠬᠡ ᠶᠢᠨ ᠬᠠᠷᠢᠶᠠᠯᠠᠯ ᠤᠨ ᠭᠡᠷᠡᠴᠢ ︵ᠵᠠᠮ ᠳᠤ ᠭᠠᠷᠬᠤ ᠦᠨᠡᠮᠯᠡᠯ᠂ ᠪᠠᠷᠢᠮᠲᠠ᠂ ᠲᠡᠷᠭᠡ ᠬᠥᠰᠬᠡ ᠶᠢᠨ ᠢᠷᠡᠯᠲᠡ ᠶᠢᠨ ᠭᠡᠷᠡᠴᠢ ᠪᠠᠷᠢᠮᠲᠠ᠂ ᠬᠤᠪᠢ ᠬᠥᠮᠥᠨ ᠤ ᠠᠮᠠᠯᠠᠯᠲᠠ ᠵᠡᠷᠭᠡ ᠠᠴᠠ ᠢᠯᠡᠭᠦᠦ ᠨᠢᠭᠡ ᠶᠢ ᠰᠣᠩᠭᠤᠨ᠎ᠠ︶᠃ ᠰᠣᠩᠭᠤᠯᠲᠠ ᠶᠢᠨ ᠲᠥᠷᠥᠯ ᠵᠦᠢᠯ᠄ ᠬᠠᠭᠤᠴᠢᠨ ᠲᠡᠷᠭᠡᠨ ᠤ ᠲᠠᠯᠪᠢᠭᠤᠷ᠂ ᠬᠠᠭᠤᠴᠢᠨ ᠲᠡᠷᠭᠡᠨ ᠤ ᠫᠠᠶᠢᠰᠠ ᠶᠢᠨ ᠨᠣᠮᠧᠷ᠃  ᠪᠣᠷᠣᠯᠠᠭᠤᠯᠭ᠎ᠠ ᠶᠢᠨ ᠳᠡᠯᠭᠡᠭᠦᠷ ᠤᠨ ᠬᠤᠳᠠᠯᠳᠤᠨ ᠠᠪᠤᠭᠰᠠᠨ ᠮᠡᠳᠡᠭᠡ ᠵᠠᠩᠭᠢ ᠶᠢᠨ ᠵᠠᠪᠠᠯ ᠲᠠᠭᠯᠠᠬᠤ ᠵᠦᠢᠯ ᠢ ᠲᠠᠭᠯᠠᠨ ᠪᠢᠴᠢᠬᠦ ᠬᠡᠷᠡᠭᠲᠡᠢ᠄ ᠰᠢᠨ᠎ᠡ ᠮᠠᠰᠢᠨ ᠲᠡᠷᠭᠡᠨ ᠤ ᠲᠠᠯᠪᠢᠭᠤᠷ᠂ ᠰᠢᠨ᠎ᠡ ᠮᠠᠰᠢᠨ ᠲᠡᠷᠭᠡᠨ ᠤ ᠳ᠋ᠢᠶᠠᠨ ᡂᠢ ᠶᠢᠨ ᠳ᠋ᠤᠭᠠᠷ᠂ ᠰᠢᠨ᠎ᠡ ᠮᠠᠰᠢᠨ ᠳ᠋ᠢᠶᠠᠨ ᡂᠢ ᠶᠢᠨ ᠬᠡᠯᠪᠡᠷᠢ ︵ᠯᠢᠲ᠋ᠢ ᠴᠠᠬᠢᠯᠭᠠᠨ / ᠬᠠᠷ᠎ᠠ ᠲᠤᠭᠤᠯᠭᠠᠨ ᠬᠦᠴᠢᠯ︶᠂ ᠦᠢᠯᠡᠳᠬᠦᠨ ᠤ ᠬᠢᠷᠢ ᠲᠡᠩᠴᠡᠭᠰᠡᠨ ᠭᠡᠷᠡᠴᠢ ︵ᠮᠦᠨ / ᠡᠰᠡᠬᠦ︶᠂ CCC ᠭᠡᠷᠡᠴᠢᠯᠡᠭᠡ ᠪᠠᠶᠢᠬᠤ ᠡᠰᠡᠬᠦ ︵  ᠮᠦᠨ / ᠡᠰᠡᠬᠦ︶᠃ ᠰᠢᠨ᠎ᠡ ᠲᠡᠷᠭᠡ ᠬᠤᠳᠠᠯᠳᠤᠨ ᠠᠪᠬᠤ ᠴᠠᠭ ︵ᠬᠡᠯᠪᠡᠷᠢ᠄ —  ᠣᠨ — ᠰᠠᠷ᠎ᠠ — ᠡᠳᠦᠷ︶᠂ ᠰᠢᠨ᠎ᠡ ᠲᠡᠷᠭᠡ ᠬᠤᠳᠠᠯᠳᠤᠨ ᠠᠪᠬᠤ ᠪᠠ ᠪᠢᠯᠧᠲ ᠥᠭᠬᠦ᠂ ᠰᠢᠨ᠎ᠡ ᠲᠡᠷᠭᠡ ᠵᠠᠬ᠎ᠠ ᠳᠡᠯᠭᠡᠭᠦᠷ ᠤᠨ ᠬᠤᠳᠠᠯᠳᠤᠬᠤ ᠦᠨ᠎ᠡ᠂ ᠵᠠᠰᠠᠭ ᠤᠨ ᠣᠷᠳᠣᠨ ᠤ ᠪᠠᠯᠠ ᠮᠥᠩᠭᠦ ᠶᠢᠨ ᠨᠡᠮᠡᠭᠦᠷᠢ ᠶᠢ ᠬᠡᠷᠡᠭᠯᠡᠬᠦ ᠵᠣᠭᠤᠰ ᠤᠨ ᠲᠤᠭ᠎ᠠ ︵ᠨᠢᠭᠡᠴᠢ᠄ ᠲᠥᠭᠦᠷᠢᠭ︶᠂ ᠪᠣᠷᠣᠯᠠᠭᠤᠯᠬᠤ ᠭᠤᠤᠯ ᠴᠣᠭᠴᠠ ᠪᠤᠶᠤ ᠡᠭᠦᠳᠡᠨ ᠳᠡᠯᠭᠡᠭᠦᠷ ᠤᠨ ᠨᠡᠷᠡᠶᠢᠳᠦᠯ ︵ᠳᠠᠩᠰᠠᠯᠠᠭᠤᠯᠤᠭᠰᠠᠨ ᠨᠡᠷᠡᠶᠢᠳᠦᠯ︶᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠃ ᠲᠥᠷᠥᠯ ᠵᠦᠢᠯ ᠰᠣᠩᠭᠤᠬᠤ᠄ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠦᠭᠰᠢᠭᠦᠷᠢ ᠶᠡᠬᠡᠲᠡᠢ ᠳᠠᠯᠳᠠ ᠭᠡᠮ ᠲᠠᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠴᠢ ᠴᠠᠬᠢᠯᠭᠠᠨ ᠬᠤᠷᠢᠶᠠᠭᠴᠢ ᠶᠢᠨ ᠨᠡᠮᠡᠭᠦᠷᠢ ᠮᠥᠩᠭᠦ ︵ᠨᠢᠭᠡᠴᠢ᠄ ᠲᠥᠭᠦᠷᠢᠭ︶᠃  ᠡᠯ᠎ᠡ ᠭᠠᠵᠠᠷ ᠤᠨ ᠡᠭᠦᠳᠡᠨ ᠳᠡᠯᠭᠡᠭᠦᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠬᠢᠷᠢ ᠭᠡᠮ ᠢ ᠬᠢᠨᠠᠬᠤ ᠪᠠ ᠵᠥᠪᠰᠢᠶᠡᠷᠡᠨ ᠣᠷᠣᠭᠤᠯᠬᠤ ᠳᠡᠰ ᠳᠠᠷᠠᠭᠠᠯᠠᠯ ᠳᠤ ᠣᠷᠣᠯᠴᠠᠬᠤ ᠶᠢ ᠵᠣᠷᠢᠭᠵᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠡᠭᠦᠳᠡᠨ ᠳᠡᠯᠭᠡᠭᠦᠷ ᠤᠨ ᠲᠤᠭ᠎ᠠ ᠬᠡᠮᠵᠢᠶ᠎ᠡ ᠶᠢ ᠥᠷᠭᠡᠳᠬᠡᠬᠦ ᠬᠡᠷᠡᠭᠲᠡᠶ᠃ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠳᠠᠯ ᠳᠣᠤᠷ᠎ᠠ᠂ ᠴᠢᠬᠤᠯᠠ ᠪᠤᠰᠤ ᠭᠤᠭᠴᠤᠭ᠎ᠠ ᠶᠢ ᠦᠭᠡᠶᠢᠰᠬᠡᠵᠦ᠂ ᠬᠢᠨᠠᠨ ᠬᠠᠷᠭᠤᠭᠤᠯᠵᠤ ᠰᠠᠯᠭᠠᠨ ᠥᠭᠬᠦ ᠠᠬᠢᠴᠠ ᠶᠢ  ᠲᠦᠷᠭᠡᠳᠬᠡᠨ᠂ ᠠᠵᠤ ᠠᠬᠤᠶᠢᠯᠠᠯ ᠤᠨ ᠣᠷᠣᠯᠠᠨ ᠥᠭᠬᠦ ᠴᠠᠭ ᠢ ᠠᠯᠢ ᠪᠣᠯᠬᠤᠶᠢᠴᠠ ᠪᠣᠭᠤᠨᠢᠰᠬᠠᠬᠤ ᠶᠢ ᠵᠣᠷᠢᠭᠵᠢᠭᠤᠯᠬᠤ ᠬᠡᠷᠡᠭᠲᠡᠶ᠃ ᠬᠤᠳᠠᠯᠳᠤᠭ᠎ᠠ ᠳᠡᠯᠭᠡᠭᠦᠷ ᠢᠶᠠᠷ ᠠᠬᠤᠶ ᠲᠠᠯᠠᠪᠠᠢ ᠪᠣᠯᠭᠠᠬᠤ ᠶᠢ ᠵᠣᠷᠢᠭᠵᠢᠭᠤᠯᠵᠤ᠂ ᠬᠠᠭᠤᠴᠢᠨ ᠢ ᠬᠤᠳᠠᠯᠳᠤᠬᠤ᠂ ᠰᠢᠨ᠎ᠡ ᠶᠢ ᠰᠣᠯᠢᠬᠤ᠂ ᠫᠠᠶᠢᠰᠠ ᠣᠯᠭᠤᠬᠤ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠲᠤ ᠲᠥᠬᠦᠮ ᠦᠵᠡᠭᠦᠯᠦᠨ᠎ᠡ᠃  ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ  ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠲᠤᠬᠠᠶ ᠶᠢᠨ ᠭᠠᠵᠠᠷ ᠤᠨ ᠵᠠᠰᠠᠭ ᠵᠠᠬᠢᠷᠭ᠎ᠠ ︵ᠠᠷᠠᠳ ᠤᠨ ᠵᠠᠰᠠᠭ ᠤᠨ ᠣᠷᠳᠣᠨ︶ ᠪᠣᠯᠤᠨ ᠲᠤᠰᠬᠠᠶ ᠠᠩᠭᠢ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠤᠰ ᠭᠠᠵᠠᠷ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠪᠣᠳᠠᠲᠠᠶ ᠬᠡᠷᠡᠭᠵᠢᠭᠦᠯᠦᠯᠲᠡ ᠶᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠬᠤᠯᠪᠣᠭᠳᠠᠬᠤ ᠬᠠᠮᠢᠶ᠎ᠠ ᠪᠥᠬᠦᠶ ᠭᠤᠭᠴᠤᠭ᠎ᠠ ᠳᠤ ᠲᠤᠬᠠᠶ ᠶᠢᠨ ᠭᠠᠵᠠᠷ ᠤᠨ ᠲᠤᠰᠬᠠᠶ ᠠᠩᠭᠢ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠭᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠠᠵᠢᠯ ᠤᠨ ᠬᠤᠪᠢᠶᠠᠷᠢᠯᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠷᠢᠭ᠎ᠠ ᠴᠡᠭ ᠲᠠᠬᠢ ᠲᠦᠭᠵᠢᠷᠡᠯ ᠢ ᠨᠡᠪᠲᠡᠷᠡᠭᠦᠯᠦᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃  ︵ᠨᠢᠭᠡ︶ ᠪᠣᠷᠣᠯᠠᠭᠤᠯᠬᠤ ᠭᠤᠭᠴᠤᠭ᠎ᠠ ᠶᠢ ᠵᠢᠷᠤᠮᠵᠢᠭᠤᠯᠬᠤ ᠬᠡᠷᠡᠭᠲᠡᠶ᠃ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠢᠯᠡ ᠪᠥᠭᠡᠳ ᠡᠷᠬᠡ ᠲᠡᠭᠰᠢ ᠪᠠᠶᠢᠬᠤ ᠵᠠᠷᠴᠢᠮ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠭᠤᠯᠬᠤ ᠪᠣᠷᠣᠯᠠᠭᠤᠯᠬᠤ ᠠᠵᠤ ᠠᠬᠤᠶᠢᠯᠠᠯ ᠪᠤᠶᠤ ᠳᠡᠯᠭᠡᠭᠦᠷ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠪᠠᠭᠲᠠᠨ᠎ᠠ︶ ᠵᠡᠷᠭᠡ ᠶᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠬᠢᠨ ᠬᠢᠨᠠᠭᠰᠠᠨ ᠤ ᠳᠠᠷᠠᠭ᠎ᠠ᠂ ᠨᠡᠷᠡᠰ ᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃ ᠠᠵᠢᠯᠯᠠᠭ᠎ᠠ ᠳᠤ ᠣᠷᠣᠯᠴᠠᠭᠰᠠᠨ ᠪᠣᠷᠣᠯᠠᠭᠤᠯᠬᠤ ᠠᠵᠤ ᠠᠬᠤᠶᠢᠯᠠᠯ ᠪᠤᠶᠤ ᠡᠭᠦᠳᠡᠨ ᠳᠡᠯᠭᠡᠭᠦᠷ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠵᠢᠷᠤᠭᠲᠤ ᠲᠠᠶᠢᠯᠪᠤᠷᠢ᠂ ᠦᠨ᠎ᠡ ᠬᠠᠩᠰᠢ ᠶᠢ ᠢᠯᠡ ᠨᠡᠶᠢᠲᠡᠯᠡᠬᠦ᠂ ᠬᠢᠨᠠᠯᠲᠠ ᠲᠠᠯᠪᠢᠬᠤ ᠤᠲᠠᠰᠤ᠂ ᠠᠮᠠᠯᠠᠯᠲᠠ ᠶᠢᠨ ᠪᠢᠴᠢᠭ ᠵᠡᠷᠭᠡ ︽ᠳᠥᠷᠪᠡ ᠶᠢ ᠬᠡᠷᠡᠮ ᠳᠡᠭᠡᠷ᠎ᠡ ᠭᠠᠷᠭᠠᠬᠤ︾ ᠶᠢ ᠪᠡᠶᠡᠯᠡᠭᠦᠯᠬᠦ ᠬᠡᠷᠡᠭᠲᠡᠶ︔ ᠤᠷᠢᠳᠠᠪᠠᠷ ᠦᠨ᠎ᠡ ᠶᠢ ᠨᠢ ᠥᠰᠬᠡᠵᠦ ᠳᠠᠷᠠᠭ᠎ᠠ ᠨᠢ ᠨᠡᠮᠡᠭᠦᠷᠢ ᠥᠭᠬᠦ ᠶᠢ ᠬᠡᠷᠡᠭᠵᠢᠭᠦᠯᠬᠦ ᠦᠭᠡᠢ᠂ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠥᠭᠬᠦ ᠲᠡᠷᠭᠡᠨ ᠤ ᠬᠡᠯᠪᠡᠷᠢ ᠶᠢᠨ ᠪᠣᠷᠣᠯᠠᠭᠤᠯᠬᠤ ᠦᠨ᠎ᠡ ᠬᠠᠩᠰᠢ ᠶᠢ ᠡᠮᠦᠨ᠎ᠡ ᠨᠢᠭᠡ ᠰᠠᠷ᠎ᠠ ᠶᠢᠨ ᠳᠣᠲᠣᠷᠠᠬᠢ ᠠᠳᠠᠯᠢ ᠪᠤᠰᠤ ᠦᠢᠯᠡᠳᠬᠦᠨ ᠤ ᠠᠷᠠᠯᠵᠢᠶ᠎ᠠ ᠪᠦᠲᠦᠭᠰᠡᠨ ᠳᠤᠮᠳᠠᠴᠢ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠦᠭᠡᠢ᠂ ᠣᠨᠴᠠᠭᠠᠶ ᠪᠠᠶᠢᠳᠠᠯ ᠢ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠪᠠᠶᠢᠴᠠᠭᠠᠨ ᠲᠤᠳᠤᠯᠠᠭᠰᠠᠨ ᠤ ᠳᠠᠷᠠᠭ᠎ᠠ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠤᠷᠢᠳᠠᠪᠠᠷ ᠦᠨ᠎ᠡ ᠥᠰᠭᠡᠭᠰᠡᠨ ᠤ ᠳᠠᠷᠠᠭ᠎ᠠ ᠳᠠᠬᠢᠨ ᠨᠡᠮᠡᠭᠦᠷᠢ ᠥᠭᠬᠦ᠂ ᠠᠮᠠᠯᠠᠯᠲᠠ ᠨᠢ ᠦᠨᠡᠨ ᠪᠣᠳᠠᠲᠠᠶ ᠪᠢᠰᠢ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠲᠡᠭᠦᠨ ᠤ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠲᠣᠰ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠵᠠᠬᠢᠳᠠᠯ ᠢᠶᠠᠷ ᠮᠡᠳᠡᠭᠳᠡᠵᠦ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠲᠣᠰ ᠱᠠᠲᠤᠨ ᠤ ᠲᠤᠰᠬᠠᠶ ᠠᠩᠭᠢ ᠳᠤ ᠬᠠᠭᠤᠯᠤᠨ ᠢᠯᠡᠭᠡᠨ᠎ᠡ᠃ ᠪᠣᠷᠣᠯᠠᠭᠤᠯᠬᠤ ᠠᠵᠤ ᠠᠬᠤᠶᠢᠯᠠᠯ ᠪᠤᠶᠤ ᠡᠭᠦᠳᠡᠨ ᠳᠡᠯᠭᠡᠭᠦᠷ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠪᠠᠭᠲᠠᠭᠠᠨ᠎ᠠ︶ ᠨᠢ ᠠᠮᠠᠯᠠᠯᠲᠠ ᠶᠢᠨ ᠪᠢᠴᠢᠭ ᠲᠣᠭᠲᠠᠬᠤ ᠬᠡᠷᠡᠭᠲᠡᠢ ︵ᠬᠡᠪ ᠬᠠᠪᠲᠠᠰᠤ ᠶᠢ ᠳᠠᠭᠠᠯᠳᠤᠭᠤᠯᠤᠯ 1 ᠳᠤ ᠦᠵᠡᠭᠡᠷᠡᠶ︶᠃  ︵ᠬᠤᠶᠠᠷ︶ ᠬᠠᠭᠤᠴᠢᠨ ᠢ ᠬᠤᠷᠢᠶᠠᠬᠤ ᠵᠠᠩᠭᠢᠯᠠᠭ᠎ᠠ ᠶᠢ ᠰᠢᠯᠢᠳᠡᠭᠵᠢᠭᠦᠯᠦᠨ᠎ᠡ᠃ ᠢᠷᠡᠯᠲᠡ ᠶᠢᠨ ᠡᠷᠬᠡ ᠶᠢᠨ ᠬᠠᠷᠢᠶ᠎ᠠ ᠨᠢ ᠲᠣᠳᠣᠷᠬᠠᠶ ᠪᠥᠭᠡᠳ ᠲᠡᠷᠭᠡᠨ ᠳᠡᠭᠡᠷᠡᠬᠢ ᠳ᠋ᠢᠶᠠᠨ ᡂᠢ ᠲᠣᠬᠢᠷᠠᠭᠤᠯᠤᠭᠰᠠᠨ ᠬᠠᠶᠠᠭᠳᠠᠮᠠᠯ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠵᠤ ᠪᠣᠯᠤᠨ᠎ᠠ᠂ ᠡᠷᠬᠡ ᠶᠢᠨ ᠬᠠᠷᠢᠶᠠᠯᠠᠯ ᠢ ᠨᠤᠲᠠᠯᠠᠬᠤ ᠠᠷᠭ᠎ᠠ ᠮᠠᠶ᠋ᠢᠭ ᠢ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠪᠣᠳᠠᠲᠠᠶ ᠲᠠᠢ ᠪᠠᠨ ᠤᠶᠠᠯᠳᠤᠭᠤᠯᠤᠨ ᠡᠵᠡᠨ ᠮᠡᠳᠡᠵᠦ ᠲᠣᠭᠲᠠᠭᠠᠨ᠎ᠠ᠃ ᠲᠤᠰᠢᠶᠠᠨ ᠬᠤᠳᠠᠯᠳᠤᠬᠤ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠷᠬᠡᠪᠰᠢ ᠬᠠᠮᠢᠶ᠎ᠠ ᠪᠦᠬᠦᠢ ᠬᠢᠷᠢ ᠭᠡᠮ ᠲᠠᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠳᠤ ᠲᠤᠰᠢᠶᠠᠨ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠶᠢᠨ ᠬᠠᠮᠲᠤ ᠲᠤᠰᠢᠶᠠᠵᠤ ᠬᠦᠯᠢᠶᠡᠨ ᠠᠪᠬᠤ ᠭᠠᠷᠳᠠᠮ ᠢ ᠲᠡᠭᠦᠯᠳᠡᠷᠵᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠲᠤᠯᠠᠨ ᠲᠠᠨᠢᠯᠴᠠᠭᠤᠯᠤᠭᠰᠠᠨ ᠢᠶᠠᠷ᠂ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠭᠰᠠᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠭᠠᠷᠴᠠᠭ ᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠬᠤᠲᠠ ᠨᠢᠭᠡᠪᠦᠷᠢ ᠳᠤ ᠬᠤᠶᠠᠷ ᠠᠴᠠ ᠳᠤᠲᠠᠭᠤ ᠦᠭᠡᠶ ᠡᠷᠦᠬᠡ ᠲᠠᠢ ᠪᠠᠶᠢᠯᠭᠠᠬᠤ ᠬᠡᠷᠡᠭᠲᠡᠶ᠃ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠂ ᠬᠠᠭᠤᠴᠢᠨ ᠲᠡᠷᠭᠡ ᠲᠤᠰᠢᠶᠠᠨ ᠬᠤᠳᠠᠯᠳᠤᠬᠤ ᠦᠨ᠎ᠡ ᠬᠠᠩᠰᠢ ᠶᠢ ᠵᠦᠢ ᠵᠣᠬᠢᠰᠲᠠᠶ ᠳᠡᠭᠡᠭᠰᠢᠯᠡᠭᠦᠯᠵᠦ᠂ ᠬᠡᠷᠡᠭᠯᠡᠭᠴᠢᠳ ᠤᠨ ᠵᠢᠩᠬᠢᠨᠢ ᠠᠷᠭ᠎ᠠ ᠵᠠᠮ ᠢᠶᠠᠷ ᠬᠠᠶᠠᠭᠳᠠᠮᠠᠯ ᠬᠠᠭᠤᠴᠢᠨ ᠲᠡᠷᠭᠡ ᠲᠤᠰᠢᠶᠠᠨ ᠬᠤᠳᠠᠯᠳᠤᠬᠤ ᠶᠢ ᠵᠣᠷᠢᠭᠵᠢᠭᠤᠯᠬᠤ ᠬᠡᠷᠡᠭᠲᠡᠶ᠃ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠳ ᠠᠮᠠᠯᠠᠯᠲᠠ ᠶᠢᠨ ᠪᠢᠴᠢᠭ ︵ᠬᠡᠪ ᠬᠠᠪᠲᠠᠰᠤ ᠶᠢ ᠳᠠᠭᠠᠯᠳᠤᠭᠤᠯᠤᠯ 2 ᠳᠤ ᠦᠵᠡᠭᠡᠷᠡᠶ︶ ᠲᠣᠭᠲᠠᠵᠤ᠂ ᠬᠠᠮᠢᠶ᠎ᠠ ᠪᠥᠬᠦᠶ ᠪᠠᠷᠢᠮᠵᠢᠶ᠎ᠠ ᠲᠣᠭᠲᠠᠭᠠᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠣᠷᠣᠯᠠᠭᠤᠯᠬᠤ ᠳᠡᠯᠭᠡᠭᠦᠷ ᠤᠨ ᠬᠠᠭᠤᠴᠢᠨ ᠲᠡᠷᠭᠡ ᠬᠥᠰᠬᠡ ᠶᠢ ᠴᠠᠭ ᠲᠤᠬᠠᠶ ᠳᠤ ᠨᠢ ᠴᠡᠪᠡᠷᠯᠡᠨ ᠲᠡᠭᠡᠭᠡᠪᠦᠷᠢᠯᠡᠵᠦ᠂ ︽ᠨᠢᠭᠡ ᠡᠳᠦᠷ ᠲᠤ ᠨᠢᠭᠡ ᠲᠣᠳᠣᠷᠬᠠᠶ︾ ᠪᠣᠯᠭᠠᠵᠤ᠂ ᠡᠭᠡᠭᠦᠯᠦᠨ ᠬᠤᠷᠢᠶᠠᠬᠤ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠥᠪᠡᠷ ᠤᠨ ᠠᠪᠴᠤ ᠶᠠᠪᠤᠭ᠎ᠠ ᠯᠢᠲ᠋ᠢ ᠢᠶᠣᠨ ᠤ ᠳ᠋ᠢᠶᠠᠨ ᡂᠢ᠂ ᠬᠠᠷ᠎ᠠ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠶᠢ ᠵᠢᠷᠤᠮᠵᠢᠭᠤᠯᠤᠨ ᠵᠠᠳᠠᠯᠬᠤ ᠪᠤᠶᠤ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠳᠤ ᠠᠮᠤᠷ ᠲᠦᠪᠰᠢᠨ ᠢᠶᠠᠷ ᠬᠠᠳᠠᠭᠠᠯᠠᠬᠤ ᠶᠢᠨ ᠬᠠᠮᠲᠤ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ  ᠬᠡᠷᠡᠭᠲᠡᠶ᠂ ᠬᠠᠤᠯᠢ ᠪᠤᠰᠤ ᠪᠠᠷ ᠵᠠᠳᠠᠯᠬᠤ ᠪᠠ ᠭᠠᠷ ᠳᠠᠮᠵᠢᠭᠰᠠᠨ ᠵᠠᠬ᠎ᠠ ᠳᠡᠯᠭᠡᠭᠦᠷ ᠲᠤ ᠣᠷᠣᠭᠤᠯᠵᠤ ᠪᠣᠯᠬᠤ ᠥᠬᠡᠶ᠃ ᠪᠣᠷᠣᠯᠠᠭᠤᠯᠬᠤ ᠠᠵᠤ ᠠᠬᠤᠶᠢᠯᠠᠯ ᠪᠤᠶᠤ ᠡᠭᠦᠳᠡᠨ ᠳᠡᠯᠭᠡᠭᠦᠷ ᠢ ᠵᠣᠷᠢᠬᠵᠢᠭᠤᠯᠵᠤ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠢᠯᠤᠭᠤᠳᠤᠯᠭ᠎ᠠ ᠳᠣᠣᠷ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠯᠢᠲ᠋ᠢ ᠶᠢᠨ ᠢᠶᠣᠨ ᠤ ᠳ᠋ᠢᠶᠠᠨ ᡂᠢ ᠶᠢᠨ ᠡᠷᠡᠭᠦᠯ ᠮᠡᠨᠳᠦ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠦᠨᠡᠯᠡᠨ ᠵᠢᠱᠢᠭᠰᠡᠨ ᠤ ᠳᠠᠷᠠᠭ᠎ᠠ ᠦᠷᠭᠦᠯᠵᠢᠯᠡᠨ ᠬᠡᠷᠡᠭᠯᠡᠬᠦ᠂ ᠬᠡᠷᠡᠭᠯᠡᠭᠡᠨ ᠠᠴᠠ ᠭᠠᠷᠭᠠᠬᠤ ᠶᠣᠰᠣᠲᠠᠢ ᠯᠢᠲ᠋ᠢ ᠢᠶᠤᠨ ᠤ ᠳ᠋ᠢᠶᠠᠨ ᡂᠢ ᠶᠢ ᠴᠠᠭ ᠲᠤᠬᠠᠢ ᠳᠤ ᠨᠢ ᠪᠤᠴᠠᠭᠠᠨ ᠬᠤᠷᠢᠶᠠᠬᠤ ᠰᠦᠯᠵᠢᠶᠡᠨ ᠳᠤ ᠣᠷᠣᠭᠤᠯᠤᠨ᠎ᠠ᠃  ︵ᠭᠤᠷᠪᠠ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠣᠬᠤᠷ ᠴᠢᠮᠡᠭᠡ ᠪᠠᠷ  ᠰᠠᠨᠠᠭᠤᠯᠬᠤ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠲᠦᠭᠡᠮᠡᠯᠵᠢᠭᠦᠯᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠪᠣᠯᠪᠠᠰᠤᠷᠠᠩᠭᠤᠶ ᠲᠤᠷᠰᠢᠯᠭ᠎ᠠ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ  ᠳᠤ ᠨᠢ ᠳ᠋ᠦᠩᠨᠡᠵᠦ᠂ ᠲᠤᠷᠰᠢᠯᠭ᠎ᠠ ᠰᠣᠯᠢᠯᠴᠠᠬᠤ ᠶᠢ ᠴᠢᠩᠭᠠᠳᠬᠠᠨ᠎ᠠ᠃ ᠤᠯᠠᠨ ᠲᠦᠮᠡᠨ ᠤ ᠤᠬᠠᠭᠤᠯᠤᠨ ᠲᠠᠶᠢᠴᠢᠯᠠᠬᠤ ᠶᠢ ᠴᠢᠬᠤᠯᠠᠴᠢᠯᠠᠵᠤ ᠂ ᠬᠠᠭᠤᠴᠢᠨ ᠢᠶᠠᠷ ᠰᠢᠨ᠎ᠡ ᠶᠢ ᠰᠣᠯᠢᠵᠤ ᠨᠡᠶᠢᠭᠡᠮ ᠲᠣᠭᠤᠷᠢᠭ ᠲᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ  ᠥᠷᠨᠢᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃  ︵ᠲᠦᠷᠪᠡ︶ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠰᠠᠶᠢᠲᠤᠷ ᠬᠢᠨ᠎ᠡ᠃ ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠢᠭᠡᠳᠦᠯᠲᠡᠶ ᠬᠠᠩᠭᠠᠭᠰᠠᠨ ᠲᠤᠭ᠎ᠠ ᠪᠠᠷᠢᠮᠲᠠ ᠶᠢᠨ ᠦᠰᠦᠭ ᠤᠨ ᠬᠡᠰᠡᠭ ᠤᠨ ᠱᠠᠭᠠᠷᠳᠠᠯᠭ᠎ᠠ ᠶᠣᠰᠣᠭᠠᠷ᠂ ᠪᠠᠩᠬᠢ ᠶᠢᠨ ᠬᠤᠯᠪᠣᠭᠠᠨ ᠤ ᠬᠤᠳᠠᠯᠳᠤᠭᠠᠴᠢᠨ ᠢ ᠵᠣᠬᠢᠶᠠᠨ ᠪᠠᠶᠢᠭᠤᠯᠤᠨ ᠪᠣᠷᠣᠯᠠᠭᠤᠯᠬᠤ ᠠᠵᠤ ᠠᠬᠤᠶᠢᠯᠠᠯ ᠪᠤᠶᠤ ᠳᠡᠯᠭᠡᠭᠦᠷ ᠤᠨ ᠠᠵᠢᠯᠲᠠᠨ ᠤ ᠠᠵᠢᠯᠯᠠᠭᠠᠨ ᠤ ᠪᠣᠯᠪᠠᠰᠤᠷᠠᠯ ᠢ ᠴᠢᠩᠭᠠᠳᠬᠠᠵᠤ᠂ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠵᠢᠷᠤᠮᠵᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠬᠠᠭᠤᠴᠢᠨ ᠲᠡᠷᠭᠡᠨ ᠤ ᠬᠠᠨᠳᠤᠰᠢ᠂ ᠰᠢᠨ᠎ᠡ ᠲᠡᠷᠭᠡᠨ ᠤ ᠢᠷᠡᠯᠲᠡ᠂ ᠬᠡᠷᠡᠭᠯᠡᠭᠴᠢᠳ ᠤᠨ ᠮᠡᠳᠡᠭᠡ ᠵᠠᠩᠭᠢ ᠶᠢ ᠪᠠᠶᠢᠴᠠᠭᠠᠵᠤ ᠪᠣᠯᠬᠤ ᠶᠢ ᠪᠡᠶᠡᠯᠡᠭᠦᠯᠬᠦ ᠬᠡᠷᠡᠭᠲᠡᠶ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ 7 ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠬᠡᠷᠡᠭᠵᠢᠭᠦᠯᠬᠦ ᠲᠥᠰᠦᠯ︾ ︵ᠥᠪᠥᠷ ᠬᠤᠳᠠᠯᠳᠤᠭ᠎ᠠ ᠭᠦᠢᠯᠭᠡᠭᠡᠨ ᠥᠰᠥᠭ ﹇2024﹈ 710 ᠳ᠋ᠤᠭᠠᠷ ᠲᠣᠭᠠᠲᠤ︶ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠠᠩᠭᠢ ᠶᠢᠨ ᠬᠠᠮᠢᠶ᠎ᠠ ᠪᠥᠬᠦᠶ ᠠᠵᠢᠯ ᠤᠨ ᠮᠡᠳᠡᠭᠳᠡᠯ ᠢ ᠦᠷᠭᠦᠯᠵᠢᠯᠡᠨ ᠬᠡᠷᠡᠭᠵᠢᠭᠦᠯᠦᠨ᠎ᠡ᠃ ᠲᠤᠰ ᠮᠡᠳᠡᠭᠳᠡᠯ ᠯᠦᠭᠡ ᠨᠢᠭᠡᠳᠦᠯ ᠦᠭᠡᠶ ᠪᠣᠯ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠶ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ  ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ    2025 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ 
 
ᠢᠷᠡᠯᠲᠡ᠄ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号