ᠣᠶᠢᠷ᠎ᠠ ᠳᠤ᠂ ᠥᠪᠥᠷ ᠮᠣᠩᠭᠤᠯ ᠤᠨ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠬᠢᠭᠡᠳ | ᠪᠣᠬᠢᠷᠲᠤᠯ ᠦᠭᠡᠢ ᠪᠣᠳᠣᠬᠤ ᠬᠦᠴᠦᠨ ᠤ ᠬᠦᠷᠢᠶᠡᠨ ᠤ 4 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ | ᠠᠮᠵᠢᠯᠲᠠ ᠲᠠᠢ ᠳᠠᠩᠰᠠᠯᠠᠭᠤᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠳᠡᠰ ᠳᠡᠪᠰᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠪᠠ᠃ | ᠢᠩᠭᠢᠭᠰᠡᠨ ᠠᠴᠠ ᠬᠥᠬᠡᠬᠤᠲᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 10 ᠪᠣᠯᠣᠨ ᠨᠡᠮᠡᠭᠳᠡᠵᠦ᠂ | ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ 6 ᠪᠠᠶᠢᠵᠤ᠂ ᠬᠥᠭᠵᠢᠯᠲᠡ ᠶᠢᠨ | ᠬᠤᠷᠳᠤᠴᠠ ᠨᠢ ᠲᠦᠷᠭᠡᠨ ᠪᠠᠶᠢᠪᠠ᠃ | ᠡᠭᠦᠨ ᠳᠤ᠂ ᠬᠥᠬᠡᠬᠤᠲᠠ ᠶᠢᠨ ᠳᠣᠣᠷ᠎ᠠ ᠠᠭᠠᠷ ᠤᠨ ᠨᠢᠰᠦᠯᠲᠡ ᠶᠢᠨ ᠬᠢᠨᠠᠨ ᠬᠡᠮᠵᠢᠵᠦ ᠡᠵᠡᠮᠳᠡᠬᠦ ᠠᠶᠤᠯ | ᠦᠭᠡᠢ ᠶᠢᠨ ᠮᠡᠷᠭᠡᠵᠢᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠨᠢ ᠳᠣᠣᠷ᠎ᠠ ᠠᠭᠠᠷ ᠤᠨ ᠴᠢᠮᠡᠭᠡ | ᠬᠤᠯᠪᠣᠭ᠎ᠠ᠂ ᠠᠶᠠᠯᠠᠯ ᠵᠠᠯᠠᠬᠤ᠂ ᠴᠠᠬᠢᠯᠭᠠᠨ ᠰᠣᠷᠢᠨᠵᠢᠨ ᠬᠠᠮᠢᠶᠠᠷᠤᠯᠲᠠ ᠵᠡᠷᠭᠡ ᠭᠤᠣᠯ ᠠᠰᠠᠭᠤᠳᠠᠯ ᠤᠨ | ᠲᠣᠭᠤᠷᠢᠨ ᠳᠤ ᠭᠦᠨᠵᠡᠭᠡᠢ ᠰᠤᠳᠤᠯᠤᠯᠲᠠ ᠬᠢᠵᠦ᠂ ᠵᠢᠯᠣᠭᠤᠴᠢ ᠦᠭᠡᠢ ᠨᠢᠰᠬᠡᠯ ᠤᠨ ᠳᠣᠬᠢᠶ᠎ᠠ ᠶᠢᠨ ᠪᠠᠭᠤᠷᠠᠯᠲᠠ᠂ | ᠣᠯᠠᠨ ᠡᠬᠢᠲᠦ ᠳᠣᠬᠢᠶ᠎ᠠ ᠶᠢᠨ ᠮᠥᠷᠭᠦᠯᠳᠦᠭᠡᠨ᠂ ᠠᠶᠠᠯᠠᠯ ᠤᠨ ᠮᠥᠷ ᠤᠨ ᠮᠥᠷᠭᠦᠯᠳᠦᠭᠡᠨ ᠵᠡᠷᠭᠡ ᠮᠡᠷᠭᠡᠵᠢᠯ ᠤᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠣᠣᠷ᠎ᠠ ᠠᠭᠠᠷ ᠤᠨ ᠨᠢᠰᠦᠭᠦᠷ ᠤᠨ ᠬᠠᠮᠢᠶᠠᠷᠤᠯᠲᠠ ᠶᠢᠨ ᠮᠡᠷᠭᠡᠵᠢᠯ ᠤᠨ | ᠪᠤᠭᠤᠮᠲᠠ ᠶᠢ ᠰᠢᠪᠲᠤᠯᠤᠨ᠂ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠪᠦᠬᠦ ᠠᠵᠤ ᠦᠢᠯᠡᠰ ᠤᠨ | ᠬᠡᠯᠬᠢᠶᠡᠵᠢᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠪᠦᠬᠦ ᠣᠷᠣᠨ ᠤ ᠳᠣᠣᠷ᠎ᠠ ᠠᠭᠠᠷ ᠤᠨ ᠠᠵᠤ ᠠᠬᠤᠢ ᠶᠢᠨ | ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠪᠠ᠃ | ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠡᠨᠧᠷᠭᠢ ᠶᠢᠨ ᠲᠤᠭ᠎ᠠ ᠪᠠᠷᠢᠮᠲᠠ ᠶᠢᠨ ᠰᠢᠨ᠎ᠡ ᠶᠢ ᠡᠭᠦᠳᠬᠦ | ᠬᠡᠷᠡᠭᠯᠡᠭᠡᠨ ᠤ ᠲᠤᠷᠰᠢᠯᠲᠠ ᠶᠢᠨ ᠲᠠᠰᠤᠭ ᠨᠢ ᠰᠢᠨᠬᠤᠸᠠ ᠭᠤᠷᠪᠠᠨ ᠪᠦᠯᠦᠭᠯᠡᠯ ᠤᠨ ᠲᠥᠪ ᠤᠨ ᠲᠤᠷᠰᠢᠯᠲᠠ ᠶᠢᠨ | ᠲᠠᠰᠤᠭ ᠲᠤ ᠲᠦᠰᠢᠭᠯᠡᠨ ᠪᠥᠲᠥᠭᠡᠨ ᠪᠠᠶᠢᠭᠤᠯᠵᠤ᠂ ᠰᠦᠯᠵᠢᠶᠡᠨ ᠤ ᠬᠦᠴᠦᠷᠬᠡᠭ ᠤᠯᠤᠰ᠂ ᠳ᠋ᠢᠬᠢᠲ ᠳᠤᠮᠳᠠᠳᠤ | ᠤᠯᠤᠰ ᠤᠨ ᠪᠠᠶᠢᠯᠳᠤᠬᠤ ᠪᠣᠳᠣᠯᠭ᠎ᠠ ᠵᠢᠴᠢ ︽ᠪᠠᠷᠠᠭᠤᠨ ᠤ ᠲᠤᠭ᠎ᠠ ᠶᠢ ᠵᠡᠬᠦᠨ ᠳᠤ ᠪᠤᠳᠤᠬᠤ︾ ᠢᠨᠵᠧᠨᠧᠷᠢᠩ ᠢ | ᠪᠥᠲᠥᠭᠡᠨ ᠪᠠᠶᠢᠭᠤᠯᠬᠤ ᠣᠶᠢᠯᠠᠭᠠᠭᠳᠠᠬᠤᠨ ᠢ ᠪᠠᠷᠢᠮᠲᠠᠯᠠᠨ᠂ ᠪᠦᠯᠦᠭᠯᠡᠯ ᠤᠨ ᠪᠥᠬᠦ ᠤᠯᠤᠰ ᠤᠨ ᠣᠯᠠᠨ ᠭᠠᠵᠠᠷ ᠲᠤ | ᠡᠭᠦᠯᠡᠨ ᠪᠤᠳᠤᠯᠲᠠ ᠵᠢᠴᠢ ᠲᠣᠮᠣ ᠳ᠋ᠠᠶᠢᠲ᠋ᠠ ᠶᠢᠨ ᠲᠥᠪ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳ᠋ᠢᠬᠢᠲ | ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠥᠪ᠂ ᠳ᠋ᠢᠬᠢᠲ ᠠᠵᠤ ᠦᠢᠯᠡᠰ ᠪᠠ ᠳ᠋ᠢᠬᠢᠲ ᠠᠵᠤ | ᠠᠬᠤᠶ ᠶᠢᠨ ᠨᠡᠪᠴᠢᠭᠦᠯᠬᠦ ᠲᠥᠪ᠂ ᠳ᠋ᠢᠬᠢᠲ ᠬᠡᠯᠪᠡᠷᠢ ᠪᠠᠨ ᠬᠤᠪᠢᠷᠠᠭᠤᠯᠬᠤ ᠦᠢᠯᠡᠳᠦᠯᠭᠡ ᠶᠢᠨ ᠲᠥᠪ᠂ ᠳ᠋ᠢᠬᠢᠲ ᠲᠡᠭ | ᠨᠡᠭᠦᠷᠡᠰᠦᠲᠥ᠋ᠷᠥᠭᠴᠢ ᠵᠢᠱᠢᠶ᠎ᠡ ᠦᠵᠡᠭᠦᠯᠬᠦ ᠲᠥᠪ ᠵᠢᠴᠢ ᠴᠢᠳᠠᠪᠤᠷᠢᠲᠠᠨ ᠤ ᠪᠣᠯᠪᠠᠰᠤᠷᠠᠯ ᠤᠨ ᠲᠥᠪ ᠢ ᠪᠠᠶᠢᠭᠤᠯᠵᠤ᠂ | ︽ᠥᠪᠥᠷ ᠮᠣᠩᠭᠤᠯ ᠳᠤ ᠦᠨᠳᠦᠰᠦᠯᠡᠵᠦ᠂ ᠪᠥᠬᠦ ᠤᠯᠤᠰ ᠢ ᠨᠥᠯᠥᠭᠡᠯᠡᠬᠦ︾ ᠳ᠋ᠢᠭᠢᠲᠴᠢᠯᠡᠭᠰᠡᠨ ᠬᠥᠭᠵᠢᠯᠲᠡ ᠶᠢᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠪᠣᠶ ᠪᠣᠯᠭᠠᠵᠤ᠂ ᠳ᠋ᠢᠬᠢᠲ ᠠᠵᠤ ᠠᠬᠤᠶ ᠶᠢᠨ | ᠥᠷᠨᠢᠩᠭᠦᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ | ᠬᠥᠬᠡᠬᠤᠲᠠ ᠶᠢᠨ ᠵᠢᠯᠣᠭᠤᠴᠢ ᠦᠭᠡᠢ ᠨᠢᠰᠭᠡᠯ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠥᠪᠥᠷ | ᠮᠣᠩᠭᠤᠯ ᠤᠨ ᠳᠣᠣᠷ᠎ᠠ ᠠᠭᠠᠷ ᠤᠨ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ | ᠰᠠᠭᠤᠷᠢᠨ ᠭᠠᠵᠠᠷ ᠵᠡᠷᠭᠡ ᠳᠥᠷᠪᠡᠨ ᠶᠡᠭᠡ ᠰᠠᠭᠤᠷᠢᠨ ᠭᠠᠵᠠᠷ ᠢ ᠠᠵᠤ ᠦᠢᠯᠡᠰ ᠤᠨ ᠣᠷᠣᠨ ᠵᠠᠢ ᠶᠢᠨ | ᠪᠠᠶᠢᠷᠢᠯᠠᠭᠤᠯᠤᠯᠲᠠ ᠶᠢᠨ ᠭᠤᠣᠯᠳᠠᠯᠭ᠎ᠠ ᠪᠣᠯᠭᠠᠵᠤ᠂ ᠰᠤᠳᠤᠯᠤᠨ ᠨᠡᠭᠡᠭᠡᠵᠦ ᠦᠢᠯᠡᠳᠬᠦ᠂ ᠬᠤᠳᠠᠯᠳᠤᠭᠠᠨ ᠤ | ᠬᠡᠷᠡᠭᠯᠡᠯᠲᠡ᠂ ᠰᠠᠭᠤᠷᠢ ᠲᠥᠬᠦᠭᠡᠷᠦᠮᠵᠢ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠳᠣᠣᠷ᠎ᠠ ᠠᠭᠠᠷ ᠤᠨ ᠠᠵᠤ | ᠠᠬᠤᠢ ᠶᠢᠨ ᠬᠠᠮᠵᠢᠯᠴᠠᠨ ᠬᠥᠭᠵᠢᠬᠦ ᠰᠢᠰᠲ᠋ᠧᠮᠵᠢ ᠶᠢ ᠪᠠᠶᠢᠭᠤᠯᠵᠤ᠂ ᠬᠥᠬᠡᠬᠤᠲᠠ ᠶᠢ ᠪᠦᠬᠦ ᠤᠯᠤᠰ ᠤᠨ ᠳᠣᠣᠷ᠎ᠠ | ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠰᠢᠨ᠎ᠡ ᠥᠨᠳᠥᠷ ᠭᠠᠵᠠᠷ ᠪᠣᠯᠭᠠᠬᠤ ᠶᠢ ᠠᠬᠢᠭᠤᠯᠪᠠ᠃ | ᠬᠥᠬᠡᠬᠤᠲᠠ ᠶᠢᠨ ᠳᠣᠣᠷ᠎ᠠ ᠠᠭᠠᠷ ᠤᠨ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠨᠢ ᠵᠢᠯᠤᠭᠤᠤᠴᠢ ᠦᠭᠡᠢ ᠮᠠᠰᠢᠨ ᠳᠤ ᠲᠣᠬᠢᠷᠠᠬᠤ ᠥᠨᠳᠥᠷ ᠰᠣᠷᠭᠤᠭ ᠬᠡᠮᠵᠢᠭᠴᠢ ᠶᠢᠨ | ᠰᠣᠷᠢᠨᠵᠢᠨ ᠰᠡᠷᠡᠯ ᠶᠢ ᠳᠠᠮᠵᠢᠭᠤᠯᠤᠭᠴᠢ ᠪᠠ ᠳᠡᠭᠡᠳᠦ ᠨᠠᠷᠢᠯᠢᠭ ᠳᠣᠣᠷ᠎ᠠ ᠠᠭᠠᠷ ᠬᠤᠷᠣᠮ ᠬᠤᠪᠢᠰᠬᠤ ᠴᠠᠬᠢᠯᠭᠠᠨ | ᠰᠣᠷᠢᠨᠵᠢᠨ ᠰᠡᠷᠡᠯ ᠪᠠᠭᠠᠵᠢ ᠶᠢ ᠲᠥᠪᠯᠡᠷᠡᠭᠦᠯᠦᠨ ᠰᠤᠳᠤᠯᠤᠨ ᠨᠡᠭᠡᠭᠡᠵᠦ᠂ ᠤᠯᠠᠮᠵᠢᠯᠠᠯᠲᠤ ᠪᠠᠭᠠᠵᠢ ᠶᠢᠨ ᠨᠠᠷᠢᠯᠢᠭ | ᠣᠨᠣᠪᠴᠢᠲᠠᠢ ᠪᠢᠴᠢᠯ ᠰᠣᠷᠢᠨᠵᠢᠨ ᠣᠷᠣᠨ ᠪᠠ ᠴᠠᠬᠢᠯᠭᠠᠨ ᠰᠣᠷᠢᠨᠵᠢᠨ ᠳᠣᠬᠢᠶ᠎ᠠ ᠶᠢ ᠪᠠᠷᠢᠬᠤ ᠲᠠᠯ᠎ᠠ ᠪᠠᠷ ᠬᠢ ᠬᠦᠴᠢᠷ | ᠠᠰᠠᠭᠤᠳᠠᠯ ᠢ ᠰᠢᠢᠳᠪᠦᠷᠢᠯᠡᠪᠡ᠃ ᠲᠤᠷᠰᠢᠯᠲᠠ ᠶᠢᠨ ᠲᠠᠰᠤᠭ ᠤᠨ ᠰᠤᠳᠤᠯᠭᠠᠨ ᠤ ᠦᠷ᠎ᠡ ᠪᠦᠲᠦᠭᠡᠯ ᠨᠢ ᠭᠦᠨ | ᠬᠡᠰᠡᠭ ᠤᠨ ᠭᠠᠵᠠᠷ ᠰᠢᠨᠵᠢᠯᠡᠭᠡᠨ ᠤ ᠴᠣᠭᠴᠠ ᠪᠠ ᠵᠢᠵᠢᠭ ᠬᠡᠯᠪᠡᠷᠢ ᠶᠢᠨ ᠭᠠᠵᠠᠷ ᠰᠢᠨᠵᠢᠯᠡᠭᠡᠨ ᠤ ᠬᠠᠷᠠᠯᠲᠠ ᠶᠢ ᠨᠠᠩ | ᠨᠠᠷᠢᠨ ᠨᠢᠭᠲᠠ ᠬᠠᠶᠢᠨ ᠬᠡᠮᠵᠢᠬᠦ ᠶᠢ ᠪᠡᠶᠡᠯᠡᠭᠦᠯᠵᠦ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ᠂ ᠭᠠᠵᠠᠷ | ᠰᠢᠨᠵᠢᠯᠡᠭᠡᠨ ᠤ ᠲᠣᠭᠲᠠᠴᠠ ᠶᠢᠨ ᠰᠤᠳᠤᠯᠭᠠᠨ ᠵᠡᠷᠭᠡ ᠳᠡᠭᠡᠳᠦ ᠨᠠᠷᠢᠯᠢᠭ ᠲᠤᠭ᠎ᠠ ᠪᠠᠷᠢᠮᠲᠠ ᠶᠢᠨ ᠬᠡᠷᠡᠭᠴᠡᠭᠡ ᠶᠢ | ᠬᠠᠩᠭᠠᠵᠤ᠂ ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨᠴᠢ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ | ᠬᠠᠩᠭᠠᠪᠠ᠃ | ᠳᠣᠤᠷ᠎ᠠ ᠠᠭᠠᠷ ᠤᠨ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ᠂ ᠬᠥᠬᠡᠬᠤᠲᠠ ᠲᠥᠷᠥ ᠶᠢᠨ ᠪᠣᠳᠣᠯᠭ᠎ᠠ᠂ | ᠣᠷᠣᠨ ᠪᠠᠶᠢᠷᠢ᠂ ᠠᠭᠠᠷ ᠤᠨ ᠣᠷᠣᠨ᠂ ᠠᠵᠤ ᠦᠢᠯᠡᠰ ᠤᠨ ᠰᠠᠭᠤᠷᠢ ᠪᠣᠯᠤᠨ ᠣᠷᠴᠢᠨ ᠲᠣᠭᠤᠷᠢᠨ ᠵᠡᠷᠭᠡ ᠣᠯᠠᠨ | ᠲᠠᠯ᠎ᠠ ᠶᠢᠨ ᠳᠠᠪᠠᠭᠤᠯᠢᠭ ᠲᠠᠢ ᠶᠤᠮ᠃ ᠪᠣᠳᠣᠬᠤ ᠬᠦᠴᠦᠨ ᠤ ᠲᠠᠯ᠎ᠠ ᠪᠠᠷ᠂ ᠬᠥᠬᠡᠬᠤᠲᠠ ᠶᠢᠨ ᠪᠣᠬᠢᠷᠲᠤᠯ ᠦᠭᠡᠢ | ᠪᠣᠳᠣᠬᠤ ᠬᠦᠴᠦᠨ ᠤ ᠵᠢᠭᠠᠯᠲᠠ ᠲᠤᠭ᠎ᠠ ᠪᠦᠬᠦ ᠤᠯᠤᠰ ᠤᠨ ᠲᠡᠷᠢᠭᠦᠨ ᠳᠤ ᠤᠷᠤᠵᠦ᠂ ᠬᠥᠬᠡᠬᠤᠲᠠ ᠴᠤ ᠡᠨᠡ ᠬᠦ | ᠳᠠᠪᠠᠭᠤᠯᠢᠭ ᠢ ᠠᠳᠬᠤᠵᠠᠢ᠃ ᠡᠨᠡ ᠵᠢᠯ ᠤᠨ ᠬᠥᠬᠡᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ᠂ | ᠪᠣᠬᠢᠷᠲᠤᠯ ᠦᠭᠡᠢ ᠪᠣᠳᠣᠬᠤ ᠬᠦᠴᠦᠨ᠂ ᠵᠣᠬᠢᠶᠠᠮᠠᠯ ᠤᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ ᠭᠡᠵᠦ ᠳᠤᠷᠠᠳᠪᠠ᠃ ᠳᠣᠤᠷ᠎ᠠ ᠠᠭᠠᠷ ᠤᠨ ᠠᠵᠤ ᠠᠬᠤᠶ᠂ ᠠᠭᠠᠷ ᠰᠠᠨᠰᠠᠷ ᠤᠨ ᠠᠶᠠᠯᠠᠯ ᠢᠶᠠᠷ | ᠲᠥᠯᠥᠭᠡᠯᠡᠭᠦᠯᠦᠭᠰᠡᠨ ᠣᠳᠣ ᠦᠶ᠎ᠡ ᠶᠢᠨ ᠡᠷᠭᠦᠯᠲᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠪᠦᠯᠦᠭᠯᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠢ ᠨᠡᠮᠡᠭᠳᠡᠭᠦᠯᠦᠨ᠎ᠡ᠃ ᠵᠣᠬᠢᠶᠠᠮᠠᠯ | ᠣᠶᠤᠨ᠂ ᠳᠣᠤᠷ᠎ᠠ ᠠᠭᠠᠷ ᠤᠨ ᠠᠵᠤ ᠠᠬᠤᠶ᠂ ᠨᠡᠶᠢᠯᠡᠮᠡᠯ ᠠᠮᠢᠳᠤ ᠪᠣᠳᠠᠰ᠂ ᠠᠵᠤ ᠦᠢᠯᠡᠳᠪᠦᠷᠢ ᠶᠢᠨ ᠴᠠᠬᠢᠮ | ᠢᠯᠲᠠᠰᠤ ᠵᠡᠷᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ 10 | ᠭᠠᠷᠤᠢ ᠥᠷᠨᠢᠭᠦᠯᠪᠡ᠃ | ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠥᠬᠡᠬᠤᠲᠠ ᠵᠢᠯ ᠡᠬᠢᠯᠡᠮᠡᠭᠴᠡ ᠭᠦᠶᠦᠵᠦ᠂ ᠭᠦᠶᠦᠵᠦ | ᠡᠬᠢᠯᠡᠮᠡᠭᠴᠡ ᠰᠢᠪᠲᠤᠯᠬᠤ ᠳᠦᠭᠦᠷᠡᠩ ᠪᠠᠶᠢᠳᠠᠯ ᠢᠶᠠᠷ᠂ ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾ ᠲᠠᠢ ᠪᠦᠬᠦ | ᠵᠢᠯ ᠤᠨ ︽ᠪᠦᠷᠢᠨ ᠬᠤᠪᠢ︾ ᠶᠢ ᠡᠭᠦᠳᠪᠡ᠃ | ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠬᠦ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ︽ᠪᠦᠰᠡᠯᠡᠯᠲᠡ ᠰᠢᠪᠲᠤᠯᠬᠤ︾ ᠪᠣᠯ ᠵᠠᠩᠭᠢᠯᠠᠭ᠎ᠠ ᠮᠥᠨ᠃ | ᠬᠥᠬᠡᠬᠤᠲᠠ ᠣᠳᠣ ᠶᠠᠭ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠤᠨ | ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠡᠳᠦᠪ ᠢ ᠲᠠᠰᠤᠷᠠᠯᠲᠠ ᠦᠭᠡᠢ | ᠡᠪᠳᠡᠵᠦ᠂ ᠳᠣᠣᠷ᠎ᠠ ᠠᠭᠠᠷ ᠤᠨ ᠠᠵᠤ ᠠᠬᠤᠢ ᠶᠢᠨ ︽ᠵᠢᠭᠦᠷ ᠢᠶᠠᠨ ᠳᠡᠪᠢᠵᠦ ᠨᠢᠰᠬᠦ︾ ᠶᠢ ᠲᠦᠯᠬᠢᠨ ᠠᠬᠢᠭᠤᠯᠵᠤ᠂ | ᠪᠣᠳᠣᠬᠤ ᠴᠢᠳᠠᠪᠤᠷᠢ ᠶᠢᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ︽ᠳᠡᠯᠡᠬᠡᠢ ᠶᠢᠨ ᠪᠣᠳᠣᠯᠭ᠎ᠠ ᠶᠢᠨ | ᠬᠦᠨᠳᠡᠢ︾ ᠲᠡᠶᠢᠰᠢ ᠪᠦᠬᠦ ᠬᠦᠴᠦᠨ ᠢᠶᠠᠷ ᠢᠶᠠᠨ ᠤᠷᠤᠭᠰᠢᠯᠠᠵᠤ ᠪᠠᠶᠢᠨ᠎ᠠ᠃ | |