ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2020/12/1
   ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠣᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠲᠣᠰ ᠵᠦᠭᠯᠡᠭᠦᠷ ᠢ ᠨᠠᠶᠢᠷᠠᠭᠤᠯᠤᠨ ᠵᠣᠬᠢᠶᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠲᠣᠰ ᠵᠦᠭᠯᠡᠭᠦᠷ ᠢ ᠤᠩᠰᠢᠬᠤ ᠶᠢ ᠰᠠᠨᠠᠭᠤᠯᠤᠨ᠎ᠠ᠃   ᠲᠣᠰ ᠵᠦᠭᠯᠡᠭᠦᠷ ᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠫᠤᠷᠲ᠋ᠧᠯ ᠰᠦᠯᠵᠢᠶ᠎ᠡ ︵ᠰᠦᠯᠵᠢᠶᠡᠨ ᠤ ᠬᠠᠶ᠋ᠢᠭ᠄ http://tj.nmg.gov.cn/︶ ᠳᠤ ᠪᠠᠶᠢᠴᠠᠭᠠᠨ ᠦᠵᠡᠵᠦ ᠪᠣᠯᠣᠨ᠎ᠠ᠃   ᠲᠣᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠰᠠᠭᠤᠨ ᠯᠠᠪᠯᠠᠬᠤ ᠤᠲᠠᠰᠤ᠄ ︵0471︶ 6945174᠃ ᠹᠠᠺᠰ᠄ ︵0471︶ 6945174᠃ ᠢᠮᠧᠯ᠄ nmgtjjzwgk@163.com᠃   ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ   ︵ᠨᠢᠭᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠲᠣᠰ ᠪᠠᠶᠢᠭᠤᠯᠭ᠎ᠠ ᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠢᠯᠡ ᠪᠣᠯᠭᠠᠬᠤ ᠮᠡᠳᠡᠭᠡ ᠵᠠᠩᠭᠢ ᠶᠢᠨ ᠬᠦᠷᠢᠶ᠎ᠡ ᠬᠡᠪᠴᠢᠶ᠎ᠡ ᠶᠢ᠂ ᠲᠣᠰ ᠪᠠᠶᠢᠭᠤᠯᠭ᠎ᠠ ᠶᠢᠨ ᠨᠠᠶᠢᠷᠠᠭᠤᠯᠤᠨ ᠵᠣᠬᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠲᠤ ᠯᠠᠪᠯᠠ᠃   ︵ᠬᠤᠶᠠᠷ︶ ᠢᠯᠡ ᠪᠣᠯᠭᠠᠬᠤ ᠬᠡᠯᠪᠡᠷᠢ᠃ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠤᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠫᠤᠷᠲ᠋ᠧᠯ ᠰᠦᠯᠵᠢᠶ᠎ᠡ ︵ᠨᠧᠲ ᠬᠠᠶ᠋ᠢᠭ᠄ http://tj.nmg. gov. cn/︶᠂ ᠰᠣᠨᠢᠨ ᠮᠡᠳᠡᠭᠡ ᠨᠡᠶᠢᠲᠡᠯᠡᠬᠦ ᠬᠤᠷᠠᠯ᠂ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨᠲᠣᠯᠢ︾᠂ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠮᠠᠶ᠋ᠢᠭ ᠪᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃   ︵ᠭᠤᠷᠪᠠ︶ ᠢᠯᠡ ᠪᠣᠯᠭᠠᠬᠤ ᠴᠠᠭ ᠬᠢᠵᠠᠭᠠᠷ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠳᠤ᠂ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠪᠦᠷᠢᠯᠳᠦᠭᠰᠡᠨ ᠪᠤᠶᠤ ᠬᠤᠪᠢᠷᠬᠠᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡ ᠪᠣᠯᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃   ᠬᠤᠶᠠᠷ᠂ ᠭᠤᠶᠤᠴᠢᠯᠠᠯ ᠶᠣᠰᠣᠭᠠᠷ ᠢᠯᠡ ᠪᠣᠯᠭᠠᠬᠤ   ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠲᠣᠰ ᠪᠠᠶᠢᠭᠤᠯᠭ᠎ᠠ ᠳᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠨ ᠣᠯᠵᠤ ᠪᠣᠯᠤᠨ᠎ᠠ᠃   ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠠᠯᠪᠠᠨ ᠭᠡᠷ᠂ ᠠᠵᠢᠯᠯᠠᠬᠤ ᠴᠠᠭ᠄ 9᠄ 00-12᠄ 00᠂ ᠦᠳᠡ ᠶᠢᠨ ᠬᠤᠶᠢᠨᠠᠬᠢ 2᠄ 30-5᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠤᠰ ᠠᠮᠠᠷᠠᠯᠲᠠ ᠶᠢᠨ ᠡᠳᠦᠷ ᠪᠠᠭᠲᠠᠬᠤ ᠥᠬᠡᠶ︶᠂ ᠠᠯᠪᠠᠯᠠᠬᠤ ᠬᠠᠶ᠋ᠢᠭ ᠨᠢ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 1 ᠳ᠋ᠤᠭᠡᠷ ᠨᠣᠮᠧᠷᠲᠤ ᠠᠰᠠᠷ ᠲᠤ ᠪᠣᠶ︔ ᠬᠠᠷᠢᠯᠴᠠᠬᠤ ᠤᠲᠠᠰᠤ᠄ ︵0471︶ 6945174᡽︔ ᠹᠠᠺᠰ᠄ ︵0471︶ 6945174᠃ ᠴᠢᠮᠡᠭᠡ ᠬᠤᠯᠪᠣᠭᠠᠨ ᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠯᠡᠩ ᠤᠨ 1 ᠳ᠋ᠤᠭᠡᠷ ᠨᠣᠮᠧᠷᠲᠤ ᠠᠰᠠᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠠᠯᠪᠠᠨ ᠭᠡᠷ᠂ ᠰᠢᠦᠳᠠᠨ ᠲᠡᠮᠳᠡᠭ᠄ 010050᠃   ︵ᠬᠤᠶᠠᠷ︶ ᠭᠤᠶᠤᠴᠢᠯᠠᠬᠤ ᠬᠡᠯᠪᠡᠷᠢ   ᠲᠣᠰ  ᠪᠠᠶᠢᠭᠤᠯᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠭᠤᠶᠤᠴᠢᠯᠠᠯ ᠳᠡᠪᠰᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ︵ᠳᠣᠷᠣᠭᠰᠢ ︽ᠭᠤᠶᠤᠴᠢᠯᠠᠯ ᠤᠨ ᠬᠦᠰᠦᠨᠦᠭᠲᠦ︾ ᠭᠡᠵᠦ ᠲᠣᠪᠴᠢᠯᠠᠨ᠎ᠠ᠂ ᠳᠠᠭᠠᠯᠳᠤᠭᠤᠯᠤᠯ ᠳᠤ ᠦᠵᠡᠭᠡᠷᠡᠢ︶ ᠲᠠᠭᠯᠠᠵᠤ᠂ ᠪᠢᠴᠢᠭ ᠢᠶᠠᠷ ᠭᠤᠶᠤᠴᠢᠯᠠᠯ ᠭᠠᠷᠭᠠᠨ᠎ᠠ᠃ ︽ᠭᠤᠶᠤᠴᠢᠯᠠᠯ ᠤᠨ ᠬᠦᠰᠦᠨᠦᠭᠲᠦ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠫᠤᠷᠲ᠋ᠧᠯ ᠰᠦᠯᠵᠢᠶᠡᠨ ᠥᠷᠲᠡᠭᠡ ᠠᠴᠠ ᠪᠠᠭᠤᠯᠭᠠᠵᠤ ᠪᠣᠯᠤᠨ᠎ᠠ᠃ ᠰᠢᠢᠳᠪᠦᠷᠢᠯᠡᠬᠦ ᠭᠤᠶᠤᠴᠢᠯᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠬᠡᠷᠡᠭᠰᠡᠬᠦ ᠮᠡᠳᠡᠭᠡ ᠵᠠᠩᠭᠢ ᠶᠢᠨ ᠲᠤᠬᠠᠶ ᠲᠣᠭᠠᠴᠢᠯᠲᠠ ᠪᠠᠨ ᠠᠯᠢ ᠴᠢᠳᠠᠬᠤ ᠪᠠᠷ ᠨᠠᠷᠢᠨ ᠭᠦᠢᠴᠡᠳ᠂ ᠲᠣᠳᠣᠷᠬᠠᠶ ᠪᠣᠯᠭᠠᠭᠠᠷᠠᠶ︔ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠬᠦ ᠴᠠᠭ᠂ ᠪᠢᠴᠢᠭ ᠤᠨ ᠳ᠋ᠤᠭᠠᠷ ᠪᠤᠶᠤ ᠪᠤᠰᠤᠳ ᠮᠡᠳᠡᠭᠡ ᠵᠠᠩᠭᠢ ᠶᠢᠨ ᠠᠴᠢᠶᠠᠯᠠᠪᠤᠷᠢ ᠶᠢ ᠲᠣᠭᠲᠠᠭᠠᠬᠤ ᠳᠤ ᠠᠰᠢᠭᠲᠠᠢ ᠰᠠᠨᠠᠭᠤᠯᠤᠮᠵᠢ ᠶᠢ ᠠᠯᠢ ᠴᠢᠳᠠᠬᠤ ᠪᠠᠷ ᠬᠠᠩᠭᠠᠬᠤ ᠪᠣᠯᠪᠠᠤ᠃ ᠳᠣᠣᠷᠠᠬᠢ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠵᠤ ᠪᠣᠯᠤᠨ᠎ᠠ᠄   1. ᠢᠨᠲ᠋ᠧᠷ ᠰᠦᠯᠵᠢᠶ᠎ᠡ ᠪᠠᠷ ᠳᠠᠮᠵᠢᠨ ᠭᠤᠶᠤᠴᠢᠯᠠᠯ ᠭᠠᠷᠭᠠᠨ᠎ᠠ᠃ ᠭᠤᠶᠤᠴᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠰᠦᠯᠵᠢᠶᠡᠨ ᠠᠴᠠ ᠭᠤᠶᠤᠴᠢᠯᠠᠯ ᠢᠶᠠᠨ ᠢᠯᠡ ᠪᠣᠯᠭᠠᠬᠤ ᠪᠤᠯᠤᠩ ᠢᠶᠠᠷ ᠳᠠᠮᠵᠢᠨ ᠰᠦᠯᠵᠢᠶᠡᠨ ᠳᠡᠭᠡᠷ᠎ᠡ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ ᠲᠤᠰᠢᠶᠠᠨ᠎ᠠ᠃   2. ᠵᠠᠬᠢᠳᠠᠯ ᠢᠶᠠᠷ ᠭᠤᠶᠤᠴᠢᠯᠠᠬᠤ᠃ ᠭᠤᠶᠤᠴᠢᠯᠠᠭᠴᠢ ᠵᠠᠬᠢᠳᠠᠯ ᠤᠨ ᠬᠡᠯᠪᠡᠷᠢ ᠪᠠᠷ ᠭᠤᠶᠤᠴᠢᠯᠠᠯ ᠭᠠᠷᠭᠠᠭᠰᠠᠨ  ᠪᠠᠶᠢᠪᠠᠯ᠂ ︽ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ  ᠢ ᠦᠵᠡᠭᠡᠷᠡᠢ︶ ᠶᠢ ᠲᠠᠭᠯᠠᠨ ᠪᠢᠴᠢᠬᠦ ᠶᠢᠨ ᠬᠠᠮᠲᠤ ᠵᠠᠬᠢᠳᠠᠯ ᠤᠨ ᠳᠤᠭᠲᠤᠢ ᠶᠢᠨ ᠵᠡᠭᠦᠨ ᠳᠣᠣᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢ ᠲᠣᠳᠣᠷᠬᠠᠶᠢᠯᠠᠬᠤ ᠪᠣᠯᠪᠠᠤ᠃   3. ᠨᠢᠭᠤᠷᠳᠠᠨ ᠭᠤᠶᠤᠴᠢᠯᠠᠬᠤ᠃ ᠭᠤᠶᠤᠴᠢᠯᠠᠭᠴᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠭᠠᠵᠠᠷ ᠲᠤ ᠬᠦᠷᠴᠦ᠂ ᠲᠡᠷᠡ ᠳᠣᠣᠷ᠎ᠠ ᠨᠢ ᠭᠤᠶᠤᠴᠢᠯᠠᠯ ᠭᠠᠷᠭᠠᠵᠤ ᠪᠣᠯᠤᠨ᠎ᠠ᠃ ᠲᠤᠰ ᠪᠠᠶᠢᠭᠤᠯᠭ᠎ᠠ ᠤᠲᠠᠰᠤ ᠶᠢᠨ ᠠᠷᠭ᠎ᠠ ᠮᠠᠶ᠋ᠢᠭ ᠢᠶᠠᠷ ᠳᠤᠷᠠᠳᠤᠭᠰᠠᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠂ ᠭᠡᠪᠡᠴᠦ ᠭᠤᠶᠤᠴᠢᠯᠠᠭᠴᠢ ᠨᠢ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠤᠲᠠᠰᠤ ᠪᠠᠷ ᠯᠠᠪᠯᠠᠨ ᠠᠰᠠᠭᠤᠵᠤ ᠪᠣᠯᠤᠨ᠎ᠠ᠃   ︵ᠭᠤᠷᠪᠠ︶ ᠭᠤᠶᠤᠴᠢᠯᠠᠯ ᠢ ᠰᠢᠢᠳᠪᠦᠷᠢᠯᠡᠭᠦᠯᠬᠦ   ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠠᠴᠠ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ ᠲᠡᠷᠡ ᠳᠣᠣᠷ᠎ᠠ ᠨᠢ ᠬᠠᠷᠢᠭᠤᠯᠲᠠ ᠥᠭᠴᠦ ᠳᠡᠶᠢᠯᠪᠡᠯ ᠲᠡᠷᠡ ᠳᠣᠣᠷ᠎ᠠ ᠨᠢ ᠬᠠᠷᠢᠭᠤᠯᠲᠠ ᠥᠭᠭᠦᠨ᠎ᠡ︔ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ ᠪᠣᠯ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠭᠦᠨ᠎ᠡ︔ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ᠂ ᠲᠣᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠬᠠᠷᠢᠭᠤᠯᠲᠠ ᠥᠭᠬᠦ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃   ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠠᠬᠢ ᠡᠲᠡᠭᠡᠳ ᠤᠨ ᠡᠷᠬᠡ ᠠᠰᠢᠭ ᠲᠤ ᠬᠤᠯᠪᠣᠭᠳᠠᠭᠰᠠᠨ ᠪᠠᠶᠢᠪᠠᠯ᠂ ᠲᠤᠰ ᠪᠠᠶᠢᠭᠤᠯᠭ᠎ᠠ ᠠᠴᠠ ᠭᠤᠷᠪᠠᠳᠠᠬᠢ ᠡᠲᠡᠭᠡᠳ ᠤᠨ ᠰᠠᠨᠠᠯ ᠢ ᠬᠤᠷᠢᠶᠠᠵᠤ᠂ ᠬᠤᠷᠢᠶᠠᠬᠤ ᠳᠤ ᠬᠡᠷᠡᠭᠰᠡᠬᠦ ᠴᠠᠭ ᠢ ᠲᠤᠰ  ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠤᠳᠤᠵᠤ ᠣᠷᠣᠭᠤᠯᠬᠤ ᠦᠭᠡᠢ᠃   ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠷᠪᠠᠳᠤᠭᠠᠷ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠡᠮᠦᠨᠡᠬᠢ ᠪᠠᠳᠠᠭ ᠲᠤ ᠲᠣᠭᠲᠠᠭᠠᠭᠰᠠᠨ ᠬᠤᠭᠤᠴᠠᠭᠠᠨ ᠳᠤ ᠣᠷᠣᠭᠤᠯᠬᠤ ᠦᠭᠡᠢ᠃   1. ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠶᠢ ᠨᠢᠭᠡᠨᠲᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠪᠠᠯ᠂ ᠭᠤᠶᠤᠴᠢᠯᠠᠭᠴᠢ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ᠂ ᠠᠷᠭ᠎ᠠ ᠵᠠᠮ ᠢ ᠮᠡᠳᠡᠭᠳᠡᠨ᠎ᠡ︔   2. ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠳᠤ ᠬᠦᠷᠪᠡᠯ᠂ ᠭᠤᠶᠤᠴᠢᠯᠠᠭᠴᠢ ᠳᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ ᠪᠤᠶᠤ ᠭᠤᠶᠤᠴᠢᠯᠠᠭᠴᠢ ᠳᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ᠂ ᠠᠷᠭ᠎ᠠ ᠵᠠᠮ ᠪᠠ ᠴᠠᠭ ᠬᠤᠭᠤᠴᠠᠭ᠎ᠠ ᠶᠢ ᠬᠡᠯᠡᠵᠦ ᠥᠭᠭᠦᠨ᠎ᠡ︔   3. ᠲᠤᠰ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠦᠭᠡᠢ ᠭᠡᠵᠦ ᠲᠣᠭᠲᠠᠭᠠᠭᠰᠠᠨ ᠪᠠᠶᠢᠪᠠᠯ᠂ ᠢᠯᠡ ᠪᠣᠯᠭᠠᠬᠤ ᠦᠭᠡᠢ ᠪᠠᠶᠢᠬᠤ ᠶᠢ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ︔   4. ᠪᠠᠶᠢᠴᠠᠭᠠᠨ ᠬᠠᠶᠢᠬᠤ ᠪᠠᠷ ᠳᠠᠮᠵᠢᠭᠠᠳ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠦᠭᠡᠢ ᠪᠠᠶᠢᠪᠠᠯ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠪᠠᠶᠢᠬᠤ ᠦᠭᠡᠢ ᠭᠡᠵᠦ ᠭᠤᠶᠤᠴᠢᠯᠠᠭᠴᠢ ᠳᠤ ᠬᠡᠯᠡᠵᠦ ᠥᠭᠭᠦᠨ᠎ᠡ︔   5᠂ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠲᠤᠰ ᠪᠠᠶᠢᠭᠤᠯᠭ᠎ᠠ ᠶᠢᠨ ᠬᠠᠷᠢᠭᠤᠴᠠᠵᠤ ᠢᠯᠡ ᠪᠣᠯᠭᠠᠬᠤ ᠳᠤ ᠬᠠᠷᠢᠶᠠᠯᠠᠭᠳᠠᠬᠤ ᠦᠭᠡᠢ ᠪᠠᠶᠢᠪᠠᠯ᠂ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ︔ ᠮᠡᠳᠡᠭᠡ ᠵᠠᠩᠭᠢ ᠶᠢ ᠢᠯᠡ ᠪᠣᠯᠭᠠᠬᠤ ᠶᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢ ᠪᠠᠲᠤᠲᠠᠢ ᠮᠡᠳᠡᠪᠡᠯ᠂ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢ ᠬᠡᠯᠡᠵᠦ ᠥᠭᠭᠦᠨ᠎ᠡ︔   6. ᠲᠤᠰ ᠪᠠᠶᠢᠭᠤᠯᠭ᠎ᠠ ᠠᠴᠠ ᠨᠢᠭᠡᠨᠲᠡ ᠭᠤᠶᠤᠴᠢᠯᠠᠭᠴᠢ ᠶᠢᠨ ᠳᠤᠷᠠᠳᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠴᠦ᠂ ᠭᠤᠶᠤᠴᠢᠯᠠᠭᠴᠢ ᠨᠢ ᠠᠳᠠᠯᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠳᠠᠬᠢᠨ ᠳᠠᠪᠲᠠᠨ ᠭᠤᠶᠤᠴᠢᠯᠠᠭᠰᠠᠨ ᠪᠠᠢᠪᠠᠯ᠂ ᠳᠠᠪᠬᠤᠷᠳᠠᠭᠤᠯᠤᠨ ᠰᠢᠢᠳᠪᠦᠷᠢᠯᠡᠬᠦ ᠦᠭᠡᠢ ᠭᠡᠵᠦ ᠭᠤᠶᠤᠴᠢᠯᠠᠭᠴᠢ ᠳᠤ ᠮᠡᠳᠡᠭᠳᠡᠨ᠎ᠡ︔   7. ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠦᠢᠯᠡᠳᠪᠦᠷᠢ ᠬᠤᠳᠠᠯᠳᠤᠭ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠮᠠᠲ᠋ᠧᠷᠢᠶᠠᠯ ᠵᠡᠷᠭᠡ ᠮᠡᠳᠡᠭᠡ ᠵᠠᠩᠭᠢ ᠳᠤ ᠪᠠᠭᠲᠠᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠮᠡᠳᠡᠭᠡ ᠵᠠᠩᠭᠢ ᠣᠯᠬᠤ ᠲᠤᠬᠠᠶ ᠣᠨᠴᠠᠭᠠᠢ ᠲᠣᠭᠲᠠᠭᠠᠯ ᠲᠠᠢ ᠪᠠᠶᠢᠪᠠᠯ᠂ ᠭᠤᠶᠤᠴᠢᠯᠠᠭᠴᠢ ᠳᠤ ᠬᠡᠯᠡᠵᠦ ᠥᠭᠴᠦ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃   8. ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠳᠤ ᠢᠯᠡ ᠪᠣᠯᠭᠠᠵᠤ ᠪᠣᠯᠬᠤ ᠦᠭᠡᠢ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠠᠷᠢᠶᠠᠯᠠᠭᠳᠠᠬᠤ ᠦᠭᠡᠢ ᠠᠭᠤᠯᠭ᠎ᠠ ᠠᠭᠤᠯᠤᠭᠳᠠᠵᠤ᠂ ᠭᠡᠪᠡᠴᠦ ᠢᠯᠭᠠᠨ  ᠰᠢᠢᠳᠪᠦᠷᠢᠯᠡᠵᠦ ᠴᠢᠳᠠᠪᠠᠯ ᠲᠤᠰ ᠪᠠᠶᠢᠭᠤᠯᠭ᠎ᠠ ᠠᠴᠠ ᠭᠤᠶᠤᠴᠢᠯᠠᠭᠴᠢ ᠳᠤ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠶᠢ ᠬᠠᠩᠭᠠᠬᠤ ᠶᠢᠨ ᠬᠠᠮᠲᠤ ᠢᠯᠡ ᠪᠣᠯᠭᠠᠬᠤ ᠦᠭᠡᠢ ᠠᠭᠤᠯᠭ᠎ᠠ ᠳᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃   ︵ᠳᠦᠷᠪᠡ︶ ᠪᠤᠰᠤᠳ ᠵᠦᠢᠯ ᠢ ᠰᠢᠢᠳᠪᠦᠷᠢᠯᠡᠬᠦ   1. ᠲᠣᠰ ᠪᠠᠶᠢᠭᠤᠯᠭ᠎ᠠ ᠨᠢ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠡᠳ᠋ᠰᠢᠭᠦᠯᠵᠦ᠂ ᠵᠠᠳᠠᠯᠤᠯᠲᠠ ᠬᠢᠭᠰᠡᠨ ᠪᠣᠯ᠂ ᠭᠤᠶᠤᠴᠢᠯᠠᠭᠴᠢ ᠳᠤ ᠬᠠᠩᠭᠠᠬᠤ ᠥᠬᠡᠶ ᠭᠡᠵᠦ ᠮᠡᠳᠡᠭᠳᠡᠨ᠎ᠡ᠃   2. ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠡᠯᠪᠡᠷᠢ ᠪᠠᠷ ᠵᠠᠬᠢᠳᠠᠯ ᠰᠤᠷᠪᠤᠯᠵᠢᠯᠠᠭ᠎ᠠ ᠬᠢᠬᠦ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠵᠡᠷᠭᠡ ᠠᠵᠢᠯᠯᠠᠭ᠎ᠠ ᠬᠢᠪᠡᠯ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠦᠭᠡᠶ᠃ ᠡᠭᠦᠨ ᠤ ᠬᠠᠮᠲᠤ ᠵᠣᠬᠢᠴᠠᠩᠭᠤᠶ ᠠᠷᠭ᠎ᠠ ᠵᠠᠮ ᠢᠶᠠᠷ ᠳᠠᠮᠵᠢᠭᠤᠯᠤᠨ ᠳᠤᠷᠠᠳᠤᠨ ᠭᠠᠷᠭᠠᠬᠤ ᠶᠢ ᠮᠡᠳᠡᠭᠳᠡᠨ᠎ᠡ᠃   3. ᠭᠤᠶᠤᠴᠢᠯᠠᠭᠴᠢ ᠶᠢᠨ ᠳᠤᠷᠠᠳᠤᠭᠰᠠᠨ ᠭᠤᠶᠤᠴᠢᠯᠠᠯ ᠤᠨ ᠠᠭᠤᠯᠭ᠎ᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠠᠰᠠᠭ ᠤᠨ ᠣᠷᠳᠣᠨ ᠤ ᠠᠯᠪᠠᠨ ᠮᠡᠳᠡᠭᠡ᠂ ᠰᠣᠨᠢᠨ ᠰᠡᠳᠬᠦᠯ᠂ ᠨᠣᠮ ᠪᠢᠴᠢᠭ ᠵᠡᠷᠭᠡ ᠢᠯᠡ ᠬᠡᠪᠯᠡᠭᠳᠡᠬᠦᠨ ᠬᠠᠩᠭᠠᠬᠤ ᠶᠢ ᠱᠠᠭᠠᠷᠳᠠᠵᠤ  ᠪᠠᠶᠢᠪᠠᠯ᠂ ᠤᠯᠬᠤ ᠠᠷᠭ᠎ᠠ ᠵᠠᠮ ᠢ ᠮᠡᠳᠡᠭᠳᠡᠨ᠎ᠡ᠃   ᠭᠤᠷᠪᠠ᠂ ᠬᠢᠨᠠᠯᠲᠠ ᠲᠠᠯᠪᠢᠬᠤ ᠪᠠ ᠵᠠᠭᠠᠯᠳᠤᠬᠤ   ᠠᠷᠠᠳ ᠢᠷᠭᠡᠨ᠂ ᠬᠠᠤᠯᠢ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠢ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠠᠤᠯᠢ ᠶᠣᠰᠣᠭᠠᠷ ᠬᠠᠷᠢᠭᠤᠯᠲᠠ ᠥᠭᠴᠦ ᠰᠢᠢᠳᠪᠦᠷᠢᠯᠡᠭᠰᠡᠨ ᠦᠭᠡᠢ ᠭᠡᠵᠦ ᠦᠵᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠤᠷᠠᠳᠴᠤ ᠪᠣᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠨᠡᠨ ᠪᠣᠳᠠᠲᠠᠶ ᠪᠠᠶᠢᠬᠤ ᠶᠢ ᠪᠠᠶᠢᠴᠠᠭᠠᠨ ᠲᠣᠳᠣᠯᠠᠭᠰᠠᠨ ᠪᠣᠯ ᠰᠢᠮᠳᠠᠭᠤᠯᠤᠨ ᠵᠠᠯᠠᠷᠠᠭᠤᠯᠤᠭᠤᠯᠬᠤ ᠪᠤᠶᠤ ᠵᠠᠷᠯᠠᠨ ᠰᠢᠭᠦᠮᠵᠢᠯᠡᠬᠦ ᠬᠡᠷᠡᠭᠲᠡᠶ᠃   ᠠᠷᠠᠳ ᠢᠷᠭᠡᠨ᠂ ᠬᠠᠤᠯᠢ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠤᠰ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠨᠢ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦᠪᠣᠯᠤᠨ᠎ᠠ᠃           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ                          2019 ᠣᠨ ᠤ 5 ᠰᠠᠷ᠎ᠠ ᠶᠢᠨ 15 ᠤ ᠡᠳᠦᠷ      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号