ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠵᠤ ᠦᠷᠭᠡᠳᠭᠡᠨ᠂ ᠶᠠᠳᠠᠭᠤ ᠶᠢ ᠲᠡᠳᠬᠦᠬᠦ ᠠᠵᠤ ᠦᠢᠯᠡᠰ ᠢ | ᠦᠷᠭᠦᠯᠵᠢᠯᠡᠨ ᠬᠥᠭᠵᠢᠭᠦᠯᠦᠨ ᠰᠠᠶᠢᠵᠢᠷᠠᠭᠤᠯᠵᠤ᠂ ᠭᠠᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠬᠠᠪᠰᠤᠷᠤᠨ ᠳᠡᠳᠬᠦᠬᠦ ᠪᠠ ᠪᠤᠷᠤᠯᠠᠭᠤᠯᠭ᠎ᠠ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ ᠶᠢᠨ | ᠲᠥᠯᠦᠭᠡ᠂ 12 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠰᠢᠶᠠ ᠷᠦᠩ ᠬᠤᠸᠠ ᠵᠡᠷᠭᠡ ᠬᠦᠮᠦᠰ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠶᠢᠨ ᠰᠢᠨ ᠾᠧ ᠭᠠᠴᠠᠭ᠎ᠠ ᠳᠤ | ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ ᠾᠧ ᠭᠠᠴᠠᠭᠠᠨ ᠤ ᠣᠶ | ᠰᠢᠭᠤᠶ ᠶᠢᠨ ᠲᠣᠰᠬᠤᠨ᠂ ᠾᠧ ᠫᠢᠩ ᠲᠣᠰᠬᠤᠨ ᠤ ᠵᠠᠰᠠᠮᠠᠯ ᠵᠠᠮ ᠤᠨ ᠠᠬᠤᠶ ᠲᠠᠯᠠᠪᠠᠶ᠂ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠲᠠᠰᠤᠭ᠂ ᠬᠡᠤᠬᠡᠳ ᠤᠨ ᠴᠡᠴᠡᠷᠯᠢᠭ ᠪᠣᠯᠤᠨ ᠰᠣᠶᠣᠯ | ᠰᠡᠯᠡᠭᠦᠴᠡᠯ ᠤᠨ ᠲᠠᠯᠠᠪᠠᠶ ᠵᠡᠷᠭᠡ ᠭᠠᠵᠠᠷ ᠲᠤ ᠬᠦᠷᠴᠦ᠂ ᠬᠠᠪᠰᠤᠷᠤᠨ ᠲᠡᠳᠬᠦᠬᠦ ᠲᠥᠷᠥᠯ ᠵᠦᠢᠯ᠂ ᠪᠠᠯᠠ ᠮᠥᠩᠭᠦ ᠶᠢᠨ | ᠨᠠᠶᠢᠳᠠᠪᠤᠷᠢᠵᠢᠭᠤᠯᠤᠯᠲᠠ ᠵᠢᠴᠢ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | ᠡᠭᠦᠨ ᠤ ᠬᠠᠮᠲᠤ᠂ ᠭᠠᠴᠠᠭᠠᠨ ᠳᠤ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ︿ᠰᠠᠨᠠᠭᠤᠯᠭ᠎ᠠ﹀ ᠶᠢ ᠰᠤᠷᠤᠯᠴᠠᠵᠤ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾᠂ | ︽ᠪᠦᠭᠦᠳᠡᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠡᠯ᠎ᠡ ᠲᠥᠷᠥᠯ ᠤᠨ | ᠬᠡᠷᠡᠭᠯᠡᠭᠡᠨ ᠤ ᠨᠣᠮ ᠪᠢᠴᠢᠭ ᠢ 500 ᠭᠠᠷᠤᠶ ᠳᠡᠪᠲᠡᠷ ᠬᠦᠷᠭᠡᠪᠡ᠃ ᠪᠠᠶᠢᠴᠠᠭᠠᠨ ᠰᠤᠳᠤᠯᠤᠯᠲᠠ ᠳᠤ᠂ ᠭᠠᠴᠠᠭᠠᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ | ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠬᠤᠰᠢᠭᠤ | ᠪᠠᠯᠭᠠᠰᠤ ᠲᠣᠰᠬᠤᠨ ᠭᠤᠷᠪᠠᠨ ᠱᠠᠲᠤᠨ ᠤ ᠬᠠᠷᠢᠭᠤᠴᠠᠯᠭᠠᠲᠠᠨ ᠲᠠᠢ ᠬᠠᠮᠲᠤ 2021 ᠤᠨ ᠤ ᠭᠠᠴᠠᠭᠠᠨ ᠤ | ᠬᠠᠪᠰᠤᠷᠤᠨ ᠲᠡᠳᠬᠦᠬᠦ ᠠᠵᠢᠯ ᠬᠢᠭᠡᠳ ᠬᠠᠪᠰᠤᠷᠤᠨ ᠲᠡᠳᠬᠦᠬᠦ ᠲᠥᠷᠥᠯ ᠵᠦᠢᠯ ᠢ ᠰᠤᠳᠤᠯᠤᠨ ᠲᠥᠯᠥᠪᠯᠡᠪᠡ᠃ | | | ᠪᠠᠶᠢᠴᠠᠭᠠᠨ ᠰᠤᠳᠤᠯᠬᠤ ᠳᠤᠭᠤᠶᠢᠯᠠᠩ ᠪᠠᠳᠠᠷᠠᠬᠤ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠯᠠᠬᠤ | ᠥᠷᠲᠡᠭᠡᠨ ᠳᠤ ᠬᠦᠷᠴᠦ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠤᠶᠢᠯᠠᠭᠠᠨ᠂ ᠬᠠᠮᠢᠶ᠎ᠠ | ᠪᠦᠬᠦᠢ ᠠᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠪᠠ᠃ ᠰᠢᠶᠠ ᠷᠦᠩ ᠬᠤᠸᠠ ᠳᠡᠳᠡᠨᠤᠰ ᠤᠨ | ᠥᠷᠨᠢᠭᠦᠯᠦᠭᠰᠡᠨ ᠠᠵᠢᠯ ᠳᠤ ᠪᠠᠲᠤᠳᠠᠢ ᠦᠨᠡᠯᠡᠯᠳᠡ ᠦᠭᠪᠡ᠃ ᠡᠭᠦᠨ ᠤ ᠬᠠᠮᠲᠤ᠂ ᠰᠢᠶᠠ ᠷᠦᠩ ᠬᠤᠸᠠ ᠵᠢᠭᠠᠨ | ᠭᠠᠷᠭᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠨ | ᠱᠠᠲᠤᠨ ᠤ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠤᠭ᠎ᠠ ᠪᠦᠷᠢᠳᠬᠡᠯ ᠤᠨ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠴᠢᠨᠠᠷ | ᠴᠢᠨᠰᠠᠭ᠎ᠠ ᠪᠣᠯᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ | ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ | ᠬᠤᠷᠢᠶ᠎ᠠ᠂ ᠠᠶᠢᠮᠠᠭ ᠬᠤᠰᠢᠭᠤ ᠬᠤᠶᠠᠷ ᠱᠠᠲᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ | ᠬᠠᠮᠲᠤ ᠪᠠᠶᠢᠴᠠᠭᠠᠨ ᠰᠤᠳᠤᠯᠤᠯᠲᠠ ᠬᠢᠪᠠ᠃ |