ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠪᠥᠬᠦ ᠲᠤᠬᠠᠶᠢᠯᠠᠭᠰᠠᠨ ᠠᠵᠢᠯ ᠤᠨ ᠠᠵᠢᠯᠲᠠᠨ ᠳᠤᠯᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠦᠯᠵᠢᠶᠡᠨ ᠪᠣᠯᠪᠠᠰᠤᠷᠠᠭᠤᠯᠤᠯ ᠳᠤ ᠣᠷᠣᠯᠴᠠᠪᠠ
ᠨᠡᠶᠢᠲᠡᠯᠡᠭᠰᠡᠨ ᠴᠠᠭ᠄
2020/12/2
   7 ᠰᠠᠷ᠎ᠠ ᠶᠢᠨ 6 ᠠᠴᠠ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠤᠬᠠᠶᠢᠯᠠᠭᠰᠠᠨ ᠠᠵᠢᠯ ᠤᠨ ᠠᠵᠢᠯᠲᠠᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠦᠯᠵᠢᠶᠡᠨ ᠪᠣᠯᠪᠠᠰᠤᠷᠠᠭᠤᠯᠤᠯ ᠳᠤ ᠣᠷᠣᠯᠴᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠱᠠᠲᠤ ᠦᠶ᠎ᠡ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠪᠠ᠃

图片1.png

   ᠭᠤᠷᠪᠠᠨ ᠡᠳᠦᠷ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤᠮᠳᠠ᠂

ᠣᠷᠣᠯᠴᠠᠭᠰᠠᠳ ᠲᠥᠷᠥ ᠶᠢᠨ ᠶᠠᠪᠤᠳᠠᠯ ᠤᠨ ᠬᠤᠷᠢᠶᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ

ᠭᠡᠷ ᠤᠨ ᠳᠡᠳ᠋ ᠡᠷᠬᠢᠯᠡᠭᠴᠢ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠶᠡᠷᠦᠩᠬᠡᠶ ᠲᠤᠭ᠎ᠠ ᠪᠦᠷᠢᠳᠬᠡᠭᠴᠢ

ᠽᠧᠩ ᠢᠦᠶ ᠫᠢᠩ ᠤᠨ ᠪᠣᠯᠪᠠᠰᠤᠷᠠᠭᠤᠯᠤᠯ ᠤᠨ ᠬᠤᠷᠠᠯ ᠳᠡᠭᠡᠷᠡᠬᠢ ᠳᠠᠶᠢᠴᠢᠯᠠᠯᠲᠠ ᠶᠢᠨ ᠶᠠᠷᠢᠶᠠᠨ ᠤ ᠵᠣᠷᠢᠭ

ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ᠂

︽ᠬᠤᠶᠠᠷ  ᠪᠠᠶᠢᠴᠠᠭᠠᠭᠴᠢ︾ ᠶᠢ ᠰᠣᠩᠭᠤᠨ ᠤᠷᠢᠬᠤ᠂ ᠪᠣᠯᠪᠠᠰᠤᠷᠠᠭᠤᠯᠬᠤ ᠪᠠ ᠬᠠᠮᠢᠶᠠᠷᠬᠤ᠂ ᠪᠠᠶᠢᠳᠠᠯ ᠢ ᠣᠶᠢᠯᠠᠭᠠᠬᠤ

ᠠᠵᠢᠯ ᠪᠣᠯᠤᠨ ᠳᠠᠩᠰᠠᠯᠠᠬᠤ ᠠᠵᠢᠯ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠨ ᠲᠣᠳᠣᠷᠬᠠᠶᠢᠯᠠᠬᠤ᠂

ᠳᠠᠬᠢᠨ ᠪᠠᠶᠢᠴᠠᠭᠠᠬᠤ ᠪᠠ ᠶᠠᠰᠤ ᠴᠢᠨᠠᠷ ᠢ ᠡᠵᠡᠮᠳᠡᠬᠦ ᠠᠵᠢᠯ᠂ ᠠᠵᠢᠯ ᠮᠡᠷᠭᠡᠵᠢᠯ ᠤᠨ ᠺᠣᠳ᠋ᠯᠠᠬᠤ ᠵᠡᠷᠭᠡ ᠲᠤᠬᠠᠶᠢᠯᠠᠭᠰᠠᠨ

ᠠᠵᠢᠯ ᠤᠨ ᠮᠡᠳᠡᠯᠭᠡ ᠶᠢ ᠬᠢᠨᠠᠮᠠᠭᠠᠶ ᠰᠤᠷᠤᠯᠴᠠᠪᠠ᠃ ᠡᠭᠦᠨ ᠤ ᠬᠠᠮᠲᠤ ᠨᠡᠶᠢᠳᠡᠮ ᠪᠠᠶᠢᠴᠠᠭᠠᠯᠲᠠ ᠶᠢᠨ ᠳᠤᠮᠳᠠ

ᠵᠢᠷᠤᠮᠯᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ

ᠶᠠᠪᠤᠴᠠ ᠪᠣᠯᠤᠨ ᠳᠡᠰ ᠳᠠᠷᠠᠭᠠᠯᠠᠯ ᠢ ᠴᠤ ᠰᠢᠰᠲ᠋ᠧᠮ ᠲᠠᠢ ᠰᠤᠷᠤᠯᠴᠠᠪᠠ᠃

   ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ ᠣᠷᠣᠯᠴᠠᠬᠤ ᠪᠠᠷ

ᠳᠠᠮᠵᠢᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ

ᠲᠤᠬᠠᠶᠢᠯᠠᠭᠰᠠᠨ ᠠᠵᠢᠯ ᠤᠨ ᠠᠵᠢᠯᠲᠠᠳ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ ᠪᠣᠯᠤᠨ ᠡᠯ᠎ᠡ

ᠵᠦᠢᠯ ᠤᠨ ᠠᠵᠢᠯ ᠤᠨ ᠨᠠᠷᠢᠨ ᠳᠦᠷᠢᠮ ᠤᠨ ᠪᠣᠳᠠᠲᠠᠶ ᠱᠠᠭᠠᠷᠳᠠᠯᠭ᠎ᠠ ᠶᠢ ᠨᠡᠩ ᠢᠯᠡᠭᠦᠤ ᠣᠶᠢᠯᠠᠭᠠᠵᠤ᠂ ᠨᠡᠶᠢᠳᠡᠮ

ᠪᠠᠶᠢᠴᠠᠭᠠᠯᠲᠠ ᠶᠢᠨ ᠬᠦᠢᠴᠡᠳᠭᠡᠯ ᠲᠤᠭ᠎ᠠ ᠶᠢᠨ ᠲᠠᠶᠢᠯᠪᠤᠷᠢᠯᠠᠯᠲᠠ ᠪᠣᠯᠤᠨ ᠬᠦᠰᠦᠨᠦᠭᠲᠦ ᠲᠠᠭᠯᠠᠨ

ᠲᠣᠳᠣᠷᠬᠠᠶᠢᠯᠠᠯᠲᠠ ᠶᠢ ᠣᠨᠣᠪᠴᠢᠲᠠᠶ ᠡᠵᠡᠮᠰᠢᠵᠡᠶ᠃ ᠨᠡᠶᠢᠳᠡᠮ ᠪᠠᠶᠢᠴᠠᠭᠠᠯᠲᠠ ᠶᠢᠨ ᠡᠯ᠎ᠡ ᠱᠠᠲᠤ ᠦᠶ᠎ᠡ ᠶᠢᠨ

ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠣᠶᠢᠯᠠᠭᠠᠭᠰᠠᠨ ᠤ ᠬᠠᠮᠲᠤ ᠪᠠᠰᠠ ᠳᠠᠷᠠᠭ᠎ᠠ ᠠᠯᠬᠤᠮ ᠳᠤ ᠠᠶᠢᠮᠠᠭ

ᠬᠤᠲᠠ᠂ ᠬᠤᠰᠢᠭᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠢ

ᠪᠣᠯᠪᠠᠰᠤᠷᠠᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号