ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ ᠲᠤᠬᠠᠶ ᠴᠢᠬᠤᠯᠠ ᠶᠠᠷᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ᠂ | ᠬᠠᠤᠯᠢ ᠴᠠᠭᠠᠵᠠ ᠶᠢ ᠤᠬᠠᠭᠤᠯᠤᠨ ᠲᠦᠭᠡᠮᠡᠯᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠤᠯᠢ ᠲᠦᠭᠡᠮᠡᠯᠵᠢᠭᠦᠯᠬᠦ ᠬᠠᠷᠠᠯᠲᠠ ᠡᠭᠦᠷᠭᠡ | ᠪᠣᠯᠤᠨ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠠᠷ᠎ᠠ ᠶᠢᠨ | ᠱᠠᠭᠠᠷᠳᠠᠯᠭ᠎ᠠ ᠪᠠᠷ᠂ 12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠤᠪᠴᠢᠶ᠎ᠠ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ ᠲᠤᠰᠬᠠᠶ ᠰᠡᠳᠦᠪᠲᠦ ᠲᠠᠶᠢᠯᠤᠮᠵᠢ | ᠶᠢᠨ ᠸᠢᠳᠢᠣ᠋ ᠶᠢ ᠲᠣᠭᠤᠷᠢᠨ ᠦᠵᠡᠭᠦᠯᠵᠦ᠂ ᠺᠠᠳ᠋ᠷ ᠠᠵᠢᠯᠲᠠᠨ ᠤ ᠬᠠᠤᠯᠢ ᠰᠤᠷᠬᠤ ᠬᠠᠤᠯᠢ ᠶᠢ ᠬᠦᠨᠳᠦᠳᠬᠡᠬᠦ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠪᠠ᠃ | | | | | ᠲᠠᠶᠢᠯᠤᠮᠵᠢ ᠳᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠰᠤᠳᠤᠯᠭᠠᠨ ᠤ ᠭᠠᠵᠠᠷ ᠤᠨ ᠰᠤᠳᠤᠯᠤᠭᠴᠢ᠂ ᠬᠠᠤᠯᠢ ᠶᠢᠨ ᠤᠬᠠᠭᠠᠨ ᠤ ᠳ᠋ᠣᠺᠲ᠋ᠣᠷ ᠴᠧᠨ ᠶᠦᠨ ᠱᠧᠩ ︽ᠦᠨᠳᠦᠰᠦᠨ | ᠬᠠᠤᠯᠢ ᠶᠢᠨ ᠦᠨ᠎ᠡ ᠥᠷᠲᠡᠭ ᠪᠠ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ︾ ᠭᠡᠬᠦ | ᠰᠡᠳᠦᠪ ᠢᠶᠠᠷ ᠦᠨᠳᠦᠰᠦᠨ ᠬᠠᠤᠯᠢ ᠶᠢᠨ ᠮᠡᠳᠡᠯᠭᠡ ᠶᠢᠨ ᠲᠤᠬᠠᠶ ᠲᠠᠶᠢᠯᠤᠮᠵᠢ ᠬᠢᠪᠠ᠃ ᠸᠢᠳᠢᠣ᠋ ᠶᠢ ᠦᠵᠡᠬᠦ ᠶᠢᠨ ᠬᠠᠮᠲᠤ᠂ | ᠦᠨᠳᠦᠰᠦᠨ ᠬᠠᠤᠯᠢ᠂ ᠲᠤᠭ᠎ᠠ ᠪᠦᠷᠢᠳᠬᠡᠯ ᠤᠨ ᠬᠠᠤᠯᠢ ᠶᠢᠨ ᠲᠤᠬᠠᠶ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠵᠤ᠂ | ᠺᠠᠳ᠋ᠷ ᠠᠵᠢᠯᠲᠠᠨ ᠠᠴᠠ ᠦᠨᠳᠦᠰᠦᠨ ᠬᠠᠤᠯᠢ ᠶᠢᠨ ᠲᠤᠰᠬᠠᠶ ᠰᠡᠳᠦᠪᠲᠦ ᠲᠠᠶᠢᠯᠤᠮᠵᠢ ᠪᠣᠯᠤᠨ ᠤᠬᠠᠭᠤᠯᠬᠤ ᠭᠠᠷ | ᠳᠡᠪᠲᠡᠷ ᠢ ᠥᠪᠡᠰᠦᠪᠡᠨ ᠰᠣᠷᠣᠯᠴᠠᠵᠤ᠂ ᠦᠨᠳᠦᠰᠦᠨ ᠬᠠᠤᠯᠢ ᠶᠢᠨ ᠠᠭᠤᠯᠭ᠎ᠠ ᠶᠢ ᠭᠦᠨᠵᠡᠭᠡᠶ ᠤᠶᠢᠯᠠᠭᠠᠬᠤ ᠶᠢ | ᠱᠠᠭᠠᠷᠳᠠᠵᠠᠶ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ ᠺᠠᠳ᠋ᠷ ᠠᠵᠢᠯᠲᠠᠨ ᠤ ᠬᠠᠤᠯᠢ ᠪᠠᠷ ᠵᠠᠰᠠᠬᠤ ᠦᠵᠡᠯᠲᠡ ᠶᠢ ᠤᠯᠠᠮ | ᠨᠢᠭᠡ ᠠᠯᠬᠤᠮ ᠴᠢᠩᠭᠠᠷᠠᠭᠤᠯᠵᠤ᠂ ︽ᠦᠨᠳᠦᠰᠦᠨ ᠬᠠᠤᠯᠢ︾ ᠶᠢᠨ ᠲᠤᠬᠠᠶ ᠲᠠᠨᠢᠯᠲᠠ ᠶᠢ ᠦᠨᠡᠨ ᠬᠦ ᠳᠡᠭᠡᠭᠰᠢᠯᠡᠭᠦᠯᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠲᠤᠬᠠᠶ | ᠲᠠᠨᠢᠯᠲᠠ ᠪᠠᠨ ᠳᠡᠭᠡᠭᠰᠢᠯᠡᠭᠦᠯᠪᠡ᠃ | ᠲᠣᠪᠴᠢᠶᠠᠨ ᠤ ᠤᠳᠤᠷᠢᠳᠤᠯᠭ᠎ᠠ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠠᠵᠢᠯ ᠦᠢᠯᠡᠰ ᠤᠨ ᠨᠢᠭᠡᠴᠢ ᠶᠢᠨ | ᠺᠠᠳ᠋ᠷ ᠠᠵᠢᠯᠲᠠᠨ ᠲᠣᠰ ᠤᠳᠠᠭᠠᠨ ᠤ ᠦᠨᠳᠦᠰᠦᠨ ᠬᠠᠤᠯᠢ ᠶᠢᠨ ᠲᠤᠰᠬᠠᠶ ᠲᠠᠶᠢᠯᠤᠮᠵᠢ ᠬᠢᠬᠦ ᠳᠤ ᠣᠷᠣᠯᠴᠠᠪᠠ᠃ | |