ᠪᠦᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ ᠬᠠᠨᠳᠤᠰᠢ ᠶᠢ | ᠵᠠᠳᠠᠯᠤᠨ ᠮᠠᠭᠠᠳᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠠᠰᠠᠭᠤᠳᠠᠯ ᠢ ᠨᠡᠩ ᠰᠠᠶᠢᠨ | ᠢᠯᠡᠷᠡᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠳᠣᠤᠷ᠎ᠠ ᠬᠠᠭᠠᠰ ᠵᠢᠯ ᠤᠨ ᠠᠵᠢᠯ ᠳᠤ ᠰᠠᠶᠢᠨ ᠰᠠᠭᠤᠷᠢ | ᠲᠠᠯᠪᠢᠵᠤ ᠥᠭᠬᠦ ᠬᠡᠷᠡᠭᠲᠡᠶ᠃ 7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ | ᠪᠠᠶᠢᠳᠠᠯ ᠢ ᠵᠠᠳᠠᠯᠬᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠡᠷᠭᠢᠯᠡᠪᠡ᠃ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠡᠰᠢᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠰᠢᠨ ᠿᠦ ᠬᠤᠷᠠᠯ ᠡᠷᠭᠢᠯᠡᠪᠡ᠃ | | | | | ᠬᠤᠷᠠᠯ ᠠᠴᠠ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢᠭᠡ ᠳᠤ᠂ ᠬᠢᠨᠠᠨ ᠬᠡᠮᠵᠢᠬᠦ ᠶᠢ | ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢ ᠴᠠᠭ ᠲᠤᠬᠠᠢ ᠳᠤᠨᠢ ᠲᠤᠰᠬᠠᠨ᠎ᠠ᠃ ᠠᠵᠤ ᠠᠬᠤᠶ ᠶᠢᠨ | ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠬᠤ ᠪᠣᠯ ᠲᠤᠭ᠎ᠠ ᠪᠦᠷᠢᠳᠬᠡᠯ ᠤᠨ ᠭᠤᠤᠯ ᠡᠭᠦᠷᠭᠡ ᠴᠢᠳᠠᠪᠤᠷᠢ | ᠮᠥᠨ᠃ ᠪᠦᠬᠦ ᠣᠷᠣᠨ ᠤ ᠡᠯ᠎ᠡ ᠱᠠᠲᠤᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠵᠤ | ᠠᠬᠤᠢ ᠶᠢᠨ ᠠᠵᠢᠯᠯᠠᠭᠠᠨ ᠤ ᠪᠠᠶᠢᠳᠠᠯ ᠢ ᠨᠢᠭᠲᠠ ᠬᠢᠨᠠᠨ ᠬᠡᠮᠵᠢᠵᠦ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ | ᠠᠵᠢᠯᠯᠠᠭᠠᠨ ᠳᠤ ᠦᠵᠡᠭᠦᠯᠦᠭᠰᠡᠨ ᠳᠠᠭᠠᠷᠢᠯᠲᠠ ᠪᠣᠯᠤᠨ ᠨᠥᠯᠥᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠥᠷᠭᠡᠳᠬᠡᠬᠦ᠂ ᠦᠢᠯᠡᠳᠪᠦᠷᠢᠯᠡᠯ ᠡᠵᠡᠩᠨᠡᠯᠲᠡ ᠵᠡᠷᠭᠡ ᠶᠢᠨ ᠲᠣᠭᠤᠷᠢᠨ ᠳᠤ ᠲᠤᠭ᠎ᠠ | ᠪᠦᠷᠢᠳᠬᠡᠯ ᠤᠨ ᠬᠢᠨᠠᠨ ᠬᠡᠮᠵᠢᠬᠦ ᠴᠢᠳᠠᠪᠤᠷᠢ᠂ ᠬᠢᠷᠢ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠪᠠᠶᠢᠳᠠᠯ ᠢ ᠴᠠᠭ ᠲᠤᠬᠠᠶ ᠳᠤᠨᠢ ᠲᠤᠰᠬᠠᠨ᠎ᠠ᠃ ᠬᠤᠶᠠᠷ ᠲᠤ ᠲᠤᠭ᠎ᠠ ᠪᠠᠷᠢᠮᠲᠠ ᠶᠢ ᠨᠠᠷᠢᠯᠢᠭ ᠣᠨᠣᠪᠴᠢᠲᠠᠢ ᠪᠠᠷ | ᠤᠩᠰᠢᠨ ᠲᠠᠶᠢᠯᠪᠤᠷᠢᠯᠠᠵᠤ᠂ ᠵᠢᠱᠢᠯᠲᠡ ᠶᠢ ᠰᠢᠨᠵᠢᠯᠡᠬᠦ ᠤᠬᠠᠭᠠᠨᠴᠢ ᠪᠠᠷ ᠬᠥᠲᠥᠯᠦᠨ ᠳᠠᠭᠠᠭᠤᠯᠤᠨ᠎ᠠ᠃ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠨᠡᠶᠢᠲᠡᠯᠡᠬᠦ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠲᠤᠭ᠎ᠠ ᠪᠦᠷᠢᠳᠬᠡᠯ ᠤᠨ ᠤᠬᠠᠭᠤᠯᠭ᠎ᠠ ᠪᠠᠨ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠵᠢᠱᠢᠭᠰᠡᠨ ᠬᠥᠲᠥᠯᠥᠨ ᠵᠢᠯᠣᠭᠤᠳᠬᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃ ᠡᠭᠦᠨ ᠤ | ᠬᠠᠮᠲᠤ᠂ ᠡᠭᠦᠰᠴᠦ ᠮᠡᠳᠡᠬᠦ ᠲᠤᠭ᠎ᠠ ᠪᠦᠷᠢᠳᠬᠡᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ᠂ ᠡᠷᠲᠡᠬᠡᠨ ᠤᠷᠢᠳᠴᠢᠯᠠᠨ | ᠮᠠᠭᠠᠳᠯᠠᠯᠳᠠ ᠬᠢᠬᠦ ᠶᠢᠨ ᠬᠠᠮᠲᠤ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠵᠤ᠂ ᠴᠠᠭ ᠲᠤᠬᠠᠶ ᠳᠤᠨᠢ ᠲᠣᠬᠢᠲᠠᠶ | ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ | ᠴᠢᠬᠤᠯᠠᠴᠢᠯᠠᠵᠤ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠰᠠᠶᠢᠵᠢᠷᠠᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ | ᠲᠦᠷᠭᠡᠨ ᠰᠡᠷᠭᠦᠬᠦ ᠢᠳᠡᠪᠬᠢᠲᠡᠢ ᠪᠠᠶᠢᠳᠠᠯ ᠢ ᠭᠦᠨᠵᠡᠭᠡᠶ ᠡᠵᠡᠮᠰᠢᠵᠦ᠂ ᠠᠵᠤ ᠠᠬᠤᠢ ᠶᠢᠨ ᠬᠠᠨᠳᠤᠰᠢ ᠶᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠬᠤ ᠬᠡᠷᠡᠭᠲᠡᠶ᠃ ᠠᠵᠤ ᠠᠬᠤᠶ ᠶᠢᠨ ᠠᠵᠢᠯᠯᠠᠭᠠᠨ ᠳᠠᠬᠢ ᠰᠢᠨ᠎ᠡ ᠪᠠᠶᠢᠳᠠᠯ ᠰᠢᠨ᠎ᠡ | ᠠᠰᠠᠭᠤᠳᠠᠯ ᠰᠢᠨ᠎ᠡ ᠬᠤᠪᠢᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠪᠠᠨ | ᠴᠢᠩᠭᠠᠳᠬᠠᠵᠤ ᠭᠦᠨᠵᠡᠭᠡᠶ ᠵᠠᠳᠠᠯᠤᠯᠲᠠ ᠬᠢᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨᠴᠢ ᠰᠢᠢᠳᠪᠦᠷᠢᠲᠤ ᠪᠣᠳᠣᠯᠭ᠎ᠠ ᠲᠣᠭᠲᠠᠭᠠᠬᠤ ᠳᠤ ᠣᠨᠣᠪᠴᠢᠲᠠᠶ ᠲᠤᠭ᠎ᠠ ᠪᠦᠷᠢᠳᠬᠡᠯ ᠤᠨ | ᠦᠢᠯᠡᠴᠢᠯᠡᠭᠡ ᠬᠠᠩᠭᠠᠨ᠎ᠠ᠃ | ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠱᠠᠭᠠᠷᠳᠠᠯᠭ᠎ᠠ ᠪᠠᠷ᠂ ᠡᠯ᠎ᠡ ᠠᠶᠢᠮᠠᠭ ᠬᠤᠲᠠ ᠲᠤᠰ ᠭᠠᠵᠠᠷ | ᠣᠷᠣᠨ ᠤ ᠦᠨᠳᠦᠰᠦᠨ ᠪᠠᠶᠢᠳᠠᠯ ᠠᠴᠠ ᠡᠭᠦᠰᠴᠦ᠂ ᠳᠡᠭᠡᠷ᠎ᠡ ᠬᠠᠭᠠᠰ ᠵᠢᠯ ᠤᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠪᠠ ︽ᠵᠢᠷᠭᠤᠭ᠎ᠠ ᠶᠢ ᠪᠠᠲᠤᠯᠠᠬᠤ︾ ᠠᠵᠢᠯ ᠤᠨ ᠳᠤᠮᠳᠠ ᠢᠯᠡᠷᠡᠭᠰᠡᠨ ᠤᠨᠴᠠᠭᠠᠢ ᠴᠡᠭ᠂ ᠠᠰᠠᠭᠤᠳᠠᠯ ᠵᠢᠴᠢ | ᠲᠠᠷᠠᠭᠠᠴᠢ ᠶᠢᠨ ᠠᠵᠤ ᠠᠬᠤᠶ ᠶᠢᠨ ᠬᠠᠨᠳᠤᠰᠢ ᠶᠢᠨ ᠲᠣᠭᠤᠷᠢᠨ ᠳᠤ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠵᠤ᠂ ᠶᠠᠷᠢᠶ᠎ᠠ ᠲᠠᠯᠪᠢᠬᠤ ᠳᠠᠭᠠᠨ ᠲᠣᠰ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠳᠤᠮᠳᠠ | ᠣᠷᠣᠰᠢᠵᠤ ᠪᠠᠶᠢᠭ᠎ᠠ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠬᠠᠨᠳᠤᠰᠢ ᠶᠢᠨ ᠴᠢᠨᠠᠷᠲᠠᠶ | ᠠᠰᠠᠭᠤᠳᠠᠯ ᠢ ᠭᠤᠤᠯᠳᠠᠯᠭ᠎ᠠ ᠲᠠᠢ ᠲᠤᠰᠬᠠᠪᠠ᠃ ᠪᠠᠰᠠ ᠬᠡᠷᠡᠭ ᠤᠨ ᠵᠢᠱᠢᠶ᠎ᠡ ᠶᠢᠨ ᠪᠣᠳᠠᠲᠤ ᠶᠠᠪᠤᠳᠠᠯ᠂ ᠲᠤᠭ᠎ᠠ | ᠪᠠᠷᠢᠮᠲᠠ ᠪᠠᠷ ᠬᠠᠪᠰᠤᠷᠤᠮᠵᠢ ᠪᠣᠯᠭᠠᠭᠰᠠᠨ ᠪᠥᠭᠡᠳ ᠲᠠᠷᠠᠭᠠᠴᠢ ᠶᠢᠨ ᠠᠯᠬᠤᠮ ᠳᠤ ᠠᠪᠤᠪᠠᠰᠤ ᠵᠣᠬᠢᠬᠤ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠶ᠃ | ᠡᠯ᠎ᠡ ᠠᠶᠢᠮᠠᠭ ᠬᠤᠲᠠ ᠶᠢᠨ ᠬᠢᠨ ᠶᠠᠷᠢᠶ᠎ᠠ ᠲᠠᠯᠪᠢᠵᠤ ᠳᠠᠭᠤᠰᠤᠭᠰᠠᠨ ᠤ ᠳᠠᠷᠠᠭ᠎ᠠ᠂ ᠣᠷᠣᠨ ᠤ ᠲᠣᠪᠴᠢᠶ᠎ᠠ ᠶᠢᠨ | ᠶᠡᠷᠦᠩᠬᠡᠶᠢᠯᠡᠭᠰᠡᠨ ᠭᠠᠵᠠᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠪᠠ᠃ ᠨᠢᠭᠡ ᠳᠤ᠂ ᠲᠣᠰ ᠤᠳᠠᠭᠠᠨ ᠤ ᠰᠦᠯᠵᠢᠶᠡᠨ | ᠳᠡᠭᠡᠷᠡᠬᠢ ᠪᠣᠯᠪᠠᠰᠤᠷᠠᠭᠤᠯᠤᠯ ᠰᠤᠷᠤᠯᠴᠠᠯᠭ᠎ᠠ ᠨᠢ ᠡᠯ᠎ᠡ ᠠᠶᠢᠮᠠᠭ ᠬᠤᠲᠠ ᠲᠤᠰ ᠭᠠᠵᠠᠷ ᠣᠷᠣᠨ ᠤ ᠠᠵᠤ ᠠᠬᠤᠶ ᠶᠢᠨ | ᠠᠵᠢᠯᠯᠠᠭᠠᠨ ᠤ ᠪᠠᠶᠢᠳᠠᠯ ᠢᠶᠠᠨ ᠪᠦᠬᠦ ᠲᠠᠯ᠎ᠠ ᠪᠠᠷ ᠨᠠᠷᠢᠨ ᠲᠣᠳᠣᠷᠬᠠᠶ ᠲᠠᠨᠢᠯᠴᠠᠭᠤᠯᠵᠤ᠂ ᠶᠠᠷᠢᠶ᠎ᠠ ᠲᠠᠯᠪᠢᠬᠤ ᠳᠠᠭᠠᠨ | ᠤᠨᠴᠠᠭᠠᠢ ᠴᠡᠭ ᠲᠠᠢ᠂ ᠠᠰᠠᠭᠤᠳᠠᠯ ᠲᠠᠢ᠂ ᠳᠠᠷᠠᠭ᠎ᠠ ᠠᠯᠬᠤᠮ ᠤᠨ ᠬᠠᠨᠳᠤᠰᠢ ᠶᠢ ᠰᠤᠳᠤᠯᠤᠨ ᠮᠠᠭᠠᠳᠯᠠᠬᠤ ᠪᠠ | ᠰᠠᠨᠠᠭᠤᠯᠭ᠎ᠠ ᠲᠠᠢ᠃ ᠡᠯ᠎ᠡ ᠠᠶᠢᠮᠠᠭ ᠬᠤᠲᠠ ᠥᠨᠥᠳᠦᠷ ᠤᠨ ᠡᠨᠡᠬᠦ ᠰᠣᠯᠢᠯᠴᠠᠭ᠎ᠠ ᠰᠤᠷᠤᠯᠴᠠᠯᠭ᠎ᠠ ᠶᠢᠨ ᠲᠠᠪᠴᠠᠩ ᠢ | ᠠᠰᠢᠭᠯᠠᠨ᠂ ᠬᠠᠷᠢᠯᠴᠠᠨ ᠯᠠᠪᠯᠠᠯᠲᠠ ᠪᠣᠯᠭᠠᠬᠤ ᠪᠠ ᠲᠤᠷᠰᠢᠯᠭ᠎ᠠ ᠰᠤᠷᠭᠠᠮᠵᠢ ᠪᠠᠨ ᠰᠣᠯᠢᠯᠴᠠᠵᠤ᠂ ᠪᠤᠯᠪᠠᠰᠤᠷᠠᠭᠤᠯᠤᠯ ᠨᠢ | ᠮᠠᠰᠢ ᠰᠠᠶᠢᠨ ᠦᠷ᠎ᠡ ᠪᠦᠲᠦᠮᠵᠢ ᠤᠯᠪᠠ᠃ ᠬᠤᠶᠠᠷ ᠲᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠠᠴᠠ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠳᠣᠤᠷ᠎ᠠ ᠬᠠᠭᠠᠰ ᠵᠢᠯ ᠤᠨ | ᠠᠵᠤ ᠠᠬᠤᠶ ᠶᠢᠨ ᠬᠠᠨᠳᠤᠰᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠡᠶ᠃ ᠡᠯ᠎ᠡ ᠭᠠᠵᠠᠷ ᠣᠷᠣᠨ ᠲᠤᠰ | ᠤᠳᠠᠭᠠᠨ ᠤ ᠪᠣᠯᠪᠠᠰᠤᠷᠠᠯ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶ ᠶᠢᠨ ᠠᠵᠢᠯᠯᠠᠭᠠᠨ ᠤ ᠬᠢᠨᠠᠨ | ᠬᠡᠮᠵᠢᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠲᠤᠶᠢᠯ ᠤᠨ ᠣᠨᠣᠪᠴᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠢᠯᠠᠩᠭᠤᠶ᠎ᠠ | ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠷᠭᠤᠭ᠎ᠠ ᠶᠢ ᠪᠠᠲᠤᠯᠠᠬᠤ︾ ᠶᠢᠨ ᠲᠣᠭᠤᠷᠢᠨ ᠳᠤ ᠲᠤᠭ᠎ᠠ | ᠪᠦᠷᠢᠳᠬᠡᠯ ᠤᠨ ᠬᠢᠨᠠᠨ ᠬᠡᠮᠵᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠳᠤ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠶ ᠳᠤᠨᠢ ᠲᠤᠰᠬᠠᠵᠤ᠂ ᠤᠨᠴᠠᠭᠠᠢ ᠴᠡᠭ ᠢ ᠣᠯᠵᠤ ᠮᠡᠳᠡᠪᠡᠯ ᠰᠠᠨᠠᠭᠤᠯᠭ᠎ᠠ ᠬᠠᠩᠭᠠᠬᠤ | ᠬᠡᠷᠡᠭᠲᠡᠶ᠃ ᠭᠤᠷᠪᠠ ᠳᠤ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠴᠦᠰ ᠤᠨ ᠵᠢᠯ | ᠪᠣᠯᠤᠨ᠎ᠠ᠂ ᠡᠯ᠎ᠡ ᠠᠶᠢᠮᠠᠭ ᠬᠤᠲᠠ ᠨᠤᠭᠤᠳ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠲᠤᠭ᠎ᠠ ᠪᠠᠷᠢᠮᠲᠠ ᠪᠠᠨ ᠴᠠᠭ | ᠲᠤᠬᠠᠢ ᠳᠤᠨᠢ ᠰᠢᠨᠡᠳᠬᠡᠵᠦ᠂ ᠨᠠᠮ ᠵᠠᠰᠠᠭ ᠤᠨ ᠤᠳᠤᠷᠢᠳᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ | ᠬᠠᠩᠭᠠᠬᠤ ᠬᠡᠷᠡᠭᠲᠡᠶ᠃ ᠡᠭᠦᠨ ᠤ ᠬᠠᠮᠲᠤ ᠴᠢᠨᠡᠭᠡᠯᠢᠭ ᠨᠡᠶᠢᠭᠡᠮ ᠤᠨ ᠲᠣᠭᠤᠷᠢᠨ ᠳᠤ ᠢᠯᠡ ᠪᠣᠯᠭᠠᠵᠤ ᠪᠣᠯᠬᠤ ᠲᠤᠭ᠎ᠠ | ᠪᠠᠷᠢᠮᠲᠠ ᠶᠢ ᠠᠰᠢᠭᠯᠠᠨ ᠤᠬᠠᠭᠤᠯᠭ᠎ᠠ ᠮᠡᠳᠡᠭᠡᠯᠡᠯ ᠢᠶᠠᠨ ᠴᠢᠩᠭᠠᠳᠬᠠᠵᠠᠢ᠃ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠯᠠᠨ ᠤ ᠠᠰᠢᠭ ᠬᠦᠷᠳᠡᠭᠡᠯ ᠤᠨ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠭᠠᠵᠠᠷ ᠤᠨ ᠪᠦᠬᠦ | ᠠᠵᠢᠯᠲᠠᠨ᠂ ᠲᠣᠭᠠᠴᠠᠭ᠎ᠠ ᠬᠢᠬᠦ ᠭᠠᠵᠠᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠶᠡᠷᠦᠩᠬᠡᠶᠢᠯᠡᠭᠰᠡᠨ ᠠᠵᠢᠯ ᠢ ᠬᠤᠪᠢᠳᠠᠨ ᠬᠠᠮᠢᠶᠠᠷᠬᠤ ᠲᠣᠪᠴᠢᠶ᠎ᠠ ᠶᠢᠨ ᠤᠳᠤᠷᠢᠳᠤᠯᠭ᠎ᠠ᠂ | ᠶᠡᠷᠦᠩᠬᠡᠶᠢᠯᠡᠭᠰᠡᠨ ᠰᠠᠯᠠᠭ᠎ᠠ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠺᠠᠳ᠋ᠷ ᠲᠣᠰ ᠤᠳᠠᠭᠠᠨ ᠤ | ᠪᠣᠯᠪᠠᠰᠤᠷᠠᠭᠤᠯᠤᠯ ᠳᠤ ᠣᠷᠣᠯᠴᠠᠪᠠ᠃ | |