ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠲᠣᠪᠴᠢᠶ᠎ᠠ ︹ 2016 ︺ 36 ᠲᠣᠭᠠᠲᠤ ᠮᠠᠲ᠋ᠧᠷᠢᠶᠠᠯ | | ᠲᠣᠪᠴᠢᠶᠠᠨ ᠤ ᠪᠠᠶᠢᠭᠤᠯᠭ᠎ᠠ ᠶᠢᠨ ᠡᠯ᠎ᠡ ᠠᠯᠪᠠᠨ ᠲᠠᠰᠤᠭ᠂ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ | ᠨᠢᠭᠡᠴᠡ ᠳᠤ᠄ | ᠮᠠᠨ ᠤ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠡᠶᠢᠲᠡᠯᠡᠬᠦ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ ᠪᠠᠶᠢᠭᠤᠯᠬᠤ ᠶᠢᠨ ᠲᠥᠯᠥᠭᠡ᠂ ︽ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠨᠡᠶᠢᠲᠡᠯᠡᠬᠦ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠰᠣᠨᠢᠨ ᠮᠡᠳᠡᠭᠡ ᠨᠡᠶᠢᠲᠡᠯᠡᠬᠦ | ᠬᠤᠷᠠᠯ ᠤᠨ ᠳᠦᠷᠢᠮ ᠢ ᠪᠠᠶᠢᠭᠤᠯᠬᠤ ᠲᠤᠬᠠᠶ ᠬᠠᠮᠢᠶᠠᠷᠤᠯᠲᠠ ᠶᠢᠨ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠦᠭᠡᠷᠡᠢ︕ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | 2016 ᠣᠨ ᠤ 6 ᠰᠠᠷ᠎ᠠ ᠶᠢᠨ 2 ᠤ ᠡᠳᠦᠷ | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠤᠷᠪᠤᠰ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ ᠲᠡᠭᠦᠯᠳᠡᠷᠵᠢᠭᠦᠯᠬᠦ᠂ ᠨᠡᠶᠢᠭᠡᠮ ᠤᠨ ᠡᠯ᠎ᠡ | ᠡᠲᠡᠭᠡᠳ ᠲᠤ ᠨᠠᠩ ᠰᠢᠯᠢᠳᠡᠭ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ᠂ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ᠂ ᠲᠤᠭ᠎ᠠ ᠪᠦᠷᠢᠳᠬᠡᠯ ᠤᠨ ᠰᠣᠨᠢᠨ | ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠢ ᠰᠠᠶᠢᠲᠤᠷ ᠬᠢᠬᠦ ᠶᠢᠨ ᠡᠭᠦᠳᠡᠨ ᠠᠴᠠ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠣᠨᠴᠠᠭᠠᠢᠯᠠᠨ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠤᠷᠪᠤᠰ ᠲᠣᠰ ᠠᠷᠭ᠎ᠠ ᠳᠤ ᠬᠡᠯᠡᠵᠦ ᠪᠠᠶᠢᠭ᠎ᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠨᠡᠶᠢᠲᠡᠯᠡᠬᠦ ᠭᠡᠳᠡᠭ ᠨᠢ ᠠᠩᠬ᠎ᠠ ᠤᠳᠠᠭ᠎ᠠ ᠨᠡᠶᠢᠭᠡᠮ ᠳᠤ ᠬᠠᠨᠳᠤᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠢ | ᠨᠡᠶᠢᠲᠡᠯᠡᠬᠦ ᠶᠢ ᠵᠢᠭᠠᠵᠤ ᠪᠣᠢ᠃ ᠭᠤᠤᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠨᠡᠷ᠎ᠡ ᠪᠠᠷ ᠨᠡᠶᠢᠲᠡᠯᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ | ᠳ᠋ᠦᠩ ᠵᠢᠴᠢ ᠢᠯᠡ ᠪᠠᠷ ᠬᠡᠪᠯᠡᠨ ᠲᠠᠷᠬᠠᠭᠠᠭᠰᠠᠨ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠣᠨ ᠤ | ᠲᠣᠯᠢ︾᠂ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠡᠷᠭᠡ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠮᠠᠲ᠋ᠧᠷᠢᠶᠠᠯ ᠤᠨ ᠬᠡᠪᠯᠡᠭᠳᠡᠬᠦᠨ ᠢ ᠪᠠᠭᠲᠠᠨ᠎ᠠ᠃ | ᠭᠤᠷᠪᠠᠳᠤᠭᠠᠷ ᠵᠤᠷᠪᠤᠰ ᠲᠤᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠬᠠᠷᠢᠶ᠎ᠠ ᠠᠯᠪᠠᠨ ᠤ ᠬᠢᠨ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ | ᠬᠡᠷᠡᠭᠯᠡᠭᠳᠡᠨ᠎ᠡ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠠᠵᠢᠯ ᠤᠨ ᠠᠯᠬᠤᠮ | ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠶᠡᠷᠦᠩᠬᠡᠶᠢᠯᠡᠭᠰᠡᠨ ᠭᠠᠵᠠᠷ ᠠᠴᠠ ᠪᠦᠬᠦ ᠲᠠᠯ᠎ᠠ ᠪᠠᠷ ᠰᠣᠨᠢᠨ ᠮᠡᠳᠡᠭᠡᠨ ᠤ ᠨᠢᠭᠡᠴᠡ ᠶᠢᠨ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠨᠡᠶᠢᠲᠡᠯᠡᠬᠦ ᠶᠢᠨ ᠬᠠᠮᠲᠤ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠶᠢ ᠵᠣᠬᠢᠴᠠᠭᠤᠯᠵᠤ᠂ | ᠪᠥᠬᠦ ᠲᠠᠯ᠎ᠠ ᠶᠢᠨ ᠲᠤᠭ᠎ᠠ ᠪᠠᠷᠢᠮᠲᠠ ᠶᠢ ᠬᠠᠩᠭᠠᠬᠤ ᠭᠠᠳᠠᠭᠰᠢ ᠨᠡᠶᠢᠲᠡᠯᠡᠬᠦ ᠴᠣᠷ ᠤᠨ ᠭᠠᠭᠴᠠ ᠴᠣᠩᠬᠤ ᠮᠥᠨ᠃ | ᠶᠡᠷᠦᠩᠬᠡᠶᠢᠯᠡᠭᠰᠡᠨ ᠭᠠᠵᠠᠷ ᠨᠢ ᠬᠢᠨᠠᠮᠠᠭᠠᠶ᠂ ᠬᠠᠷᠢᠭᠤᠴᠠᠯᠭᠠᠲᠤ ᠵᠣᠷᠢᠭ ᠰᠠᠨᠠᠭ᠎ᠠ ᠪᠠ ᠣᠪᠣᠷ ᠢᠶᠠᠷ ᠠᠯᠬᠤᠮ ᠳᠠᠷᠠᠭ᠎ᠠ ᠶᠢ | ᠴᠢᠩᠭ᠎ᠠ ᠵᠢᠷᠤᠮᠯᠠᠨ᠂ ᠪᠦᠬᠦ ᠲᠠᠯ᠎ᠠ ᠶᠢᠨ ᠲᠤᠭ᠎ᠠ ᠪᠠᠷᠢᠮᠲᠠ ᠶᠢ ᠣᠯᠠᠨ ᠵᠦᠢᠯ ᠤᠨ ᠠᠷᠭ᠎ᠠ ᠬᠡᠯᠪᠡᠷᠢ ᠪᠠ ᠠᠷᠭ᠎ᠠ | ᠵᠠᠮ ᠢᠶᠠᠷ ᠳᠠᠮᠵᠢᠭᠤᠯᠤᠨ ᠰᠠᠨᠠᠭᠠᠴᠢᠯᠠᠭ᠎ᠠ ᠠᠴᠠ ᠪᠠᠨ ᠪᠤᠶᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠡᠯ᠎ᠡ | ᠱᠠᠲᠤᠨ ᠤ ᠨᠠᠮ ᠵᠠᠰᠠᠭ ᠤᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠡᠯ᠎ᠡ ᠡᠲᠡᠭᠡᠳ᠂ | ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠳᠤ ᠨᠡᠶᠢᠲᠡᠯᠡᠵᠦ᠂ ᠨᠠᠩ ᠴᠢᠨᠠᠷ ᠰᠠᠶᠢᠲᠠᠶ ᠲᠤᠭ᠎ᠠ ᠪᠦᠷᠢᠳᠬᠡᠯ ᠤᠨ | ᠦᠢᠯᠡᠴᠢᠯᠡᠭᠡ ᠬᠠᠩᠭᠠᠨ᠎ᠠ᠃ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢᠨ ᠬᠠᠮᠲᠤ᠂ ᠨᠢᠭᠤᠴᠠ ᠶᠢ ᠬᠠᠮᠠᠭᠠᠯᠠᠬᠤ | ᠵᠠᠷᠴᠢᠮ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠪᠠᠷᠢᠮᠲᠠᠯᠠᠬᠤ ᠬᠡᠷᠡᠭᠲᠡᠶ᠃ | ᠲᠠᠪᠤᠳᠤᠭᠠᠷ ᠵᠤᠷᠪᠤᠰ ᠲᠤᠭ᠎ᠠ ᠪᠠᠷᠢᠮᠲᠠ ᠨᠡᠶᠢᠲᠡᠯᠡᠬᠦ ᠪᠠ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ | ᠬᠡᠷᠡᠭᠴᠡᠭᠡ ᠵᠢᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠ ᠠᠵᠢᠯᠲᠠᠨ ᠲᠣᠬᠢᠷᠠᠭᠤᠯᠤᠭᠰᠠᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠰᠣᠨᠢᠨ ᠮᠡᠳᠡᠭᠡᠨ ᠤ ᠠᠯᠪᠠᠨ ᠭᠡᠷ ︵ᠳᠣᠷᠣᠭᠰᠢ | ︽ᠰᠣᠨᠢᠨ ᠮᠡᠳᠡᠭᠡᠨ ᠤ ᠠᠯᠪᠠᠨ ᠭᠡᠷ︾ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠪᠠᠶᠢᠨ᠎ᠠ᠂ ᠶᠡᠷᠦᠩᠬᠡᠶᠢᠯᠡᠭᠰᠡᠨ | ᠭᠠᠵᠠᠷ ᠲᠦᠷᠦᠭᠦᠯᠡᠨ ᠬᠢᠵᠦ᠂ ᠡᠯ᠎ᠡ ᠲᠤᠰᠬᠠᠶ ᠠᠵᠢᠯ ᠤᠨ ᠠᠯᠪᠠᠨ ᠤ ᠬᠢᠨ ᠪᠦᠷᠢᠯᠳᠦᠬᠦᠨ ᠨᠢᠭᠡᠴᠡ ᠪᠣᠯᠵᠤ᠂ ᠰᠣᠨᠢᠨ | ᠮᠡᠳᠡᠭᠡᠨ ᠤ ᠠᠯᠪᠠᠨ ᠭᠡᠷ ᠨᠢ ᠶᠡᠷᠦᠩᠬᠡᠶᠢᠯᠡᠭᠰᠡᠨ ᠭᠠᠵᠠᠷ ᠤᠨ ᠨᠡᠷ᠎ᠡ ᠶᠢ ᠬᠡᠷᠡᠭᠯᠡᠨ᠎ᠡ᠃ | ᠵᠢᠷᠭᠤᠳᠤᠭᠠᠷ ᠵᠤᠷᠪᠤᠰ ᠲᠤᠭ᠎ᠠ ᠪᠠᠷᠢᠮᠲᠠ ᠨᠡᠶᠢᠲᠡᠯᠡᠬᠦ ᠵᠢᠴᠢ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ | ᠶᠠᠪᠤᠴᠠ ᠶᠢ ᠵᠢᠷᠤᠮᠵᠢᠭᠤᠯᠬᠤ ᠬᠡᠷᠡᠭᠲᠡᠶ᠃ ᠶᠡᠷᠦᠩᠬᠡᠶᠢᠯᠡᠭᠰᠡᠨ ᠭᠠᠵᠠᠷ ᠠᠴᠠ ᠡᠯ᠎ᠡ ᠰᠣᠨᠢᠨ ᠮᠡᠳᠡᠭᠡᠨ ᠤ | ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠰᠠᠨ ᠠᠭᠤᠯᠭ᠎ᠠ ᠵᠢᠴᠢ | ᠰᠤᠷᠪᠤᠯᠵᠢᠯᠠᠭᠴᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠶᠡᠷᠦᠩᠬᠡᠶᠢᠯᠡᠭᠰᠡᠨ ᠭᠠᠵᠠᠷ ᠠᠴᠠ ᠬᠠᠷᠢᠭᠤᠴᠠᠨ ᠬᠦᠯᠢᠶᠡᠨ | ᠠᠪᠴᠤ ᠲᠣᠪᠴᠢᠶ᠎ᠠ ᠶᠢᠨ ᠤᠳᠤᠷᠢᠳᠤᠯᠭ᠎ᠠ ᠪᠤᠶᠤ ᠬᠠᠮᠢᠶ᠎ᠠ ᠪᠦᠬᠦᠢ ᠮᠡᠷᠭᠡᠵᠢᠯ ᠤᠨ ᠠᠯᠪᠠᠨ ᠭᠡᠷ ᠤᠨ | ᠬᠠᠷᠢᠭᠤᠴᠠᠯᠭᠠᠲᠠᠨ ᠢ ᠵᠣᠬᠢᠴᠠᠭᠤᠯᠤᠨ ᠰᠤᠷᠪᠤᠯᠵᠢᠯᠠᠭ᠎ᠠ ᠬᠦᠯᠢᠶᠡᠬᠦ ᠪᠤᠶᠤ ᠶᠡᠷᠦᠩᠬᠡᠶᠢᠯᠡᠭᠰᠡᠨ ᠭᠠᠵᠠᠷ ᠤᠨ | ᠬᠠᠷᠢᠭᠤᠴᠠᠯᠭᠠᠲᠠᠨ ᠰᠤᠷᠪᠤᠯᠵᠢᠯᠠᠭ᠎ᠠ ᠬᠦᠯᠢᠶᠡᠬᠦ ᠬᠡᠷᠡᠭᠲᠡᠶ᠃ ᠡᠯ᠎ᠡ ᠮᠡᠷᠭᠡᠵᠢᠯ ᠤᠨ ᠠᠯᠪᠠᠨ ᠭᠠᠵᠠᠷ ᠤᠨ | ᠬᠠᠷᠢᠭᠤᠴᠠᠯᠭᠠᠲᠠᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠠᠷᠢᠭᠤ ᠥᠭᠬᠦ | ᠠᠭᠤᠯᠭ᠎ᠠ ᠶᠢ ᠡᠷᠬᠡᠪᠰᠢ ᠶᠡᠷᠦᠩᠬᠡᠶᠢᠯᠡᠭᠰᠡᠨ ᠭᠠᠵᠠᠷ ᠪᠠ ᠬᠠᠮᠢᠶ᠎ᠠ ᠪᠦᠬᠦᠢ ᠲᠣᠪᠴᠢᠶ᠎ᠠ ᠶᠢᠨ ᠤᠳᠤᠷᠢᠳᠤᠯᠭ᠎ᠠ ᠪᠠᠷ ᠬᠢᠨᠠᠨ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠶᠠᠪᠤᠭᠳᠠᠭᠤᠯᠵᠤ ᠪᠣᠯᠤᠨ᠎ᠠ᠃ ᠶᠠᠮᠠᠷᠪᠠ ᠨᠢᠭᠡᠴᠡ ᠪᠠ ᠬᠤᠪᠢ ᠬᠥᠮᠦᠨ | ᠵᠥᠪᠰᠢᠶᠡᠷᠡᠯ ᠦᠭᠡᠢ ᠪᠠᠷ ᠬᠠᠷᠢᠭᠤᠯᠲᠠ ᠥᠭᠬᠦ ᠪᠤᠶᠤ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭ᠎ᠠ ᠶᠢ | ᠬᠦᠯᠢᠶᠡᠵᠦ ᠪᠣᠯᠬᠤ ᠦᠭᠡᠢ᠃ | ᠭᠤᠷᠪᠠᠳᠤᠭᠠᠷ ᠪᠦᠯᠦᠭ ᠲᠤᠭ᠎ᠠ ᠪᠠᠷᠢᠮᠲᠠ ᠨᠡᠶᠢᠲᠡᠯᠡᠬᠦ ᠠᠭᠤᠯᠭ᠎ᠠ | ᠳᠣᠯᠣᠳᠤᠭᠠᠷ ᠵᠤᠷᠪᠤᠰ ᠰᠠᠷ᠎ᠠ ᠶᠢᠨ ︵ᠤᠯᠠᠷᠢᠯ ᠪᠤᠰᠤ︶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠨᠡᠶᠢᠲᠡᠯᠡᠬᠦ ᠳᠤ ᠵᠠᠷᠴᠢᠮ ᠳᠡᠭᠡᠷ᠎ᠡ ᠪᠠᠨ ᠲᠣᠰ ᠰᠠᠷ᠎ᠠ ᠶᠢᠨ ᠳᠠᠷᠠᠭᠠᠬᠢ 20 ᠡᠳᠦᠷ ᠤᠨ ᠡᠮᠦᠨ᠎ᠡ ᠬᠤᠶᠢᠨ᠎ᠠ ᠰᠣᠨᠢᠨ | ᠮᠡᠳᠡᠭᠡᠨ ᠤ ᠵᠠᠭᠤᠴᠢ᠂ ᠲᠣᠪᠴᠢᠶ᠎ᠠ ᠶᠢᠨ ᠠᠯᠪᠠᠨ ᠰᠦᠯᠵᠢᠶ᠎ᠡ᠂ ᠲᠣᠪᠴᠢᠶ᠎ᠠ ᠶᠢᠨ ᠸᠢᠴᠠᠲ ᠲᠠᠪᠴᠠᠩ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ᠨᠡᠶᠢᠭᠡᠮ ᠤᠨ ᠡᠯ᠎ᠡ | ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠬᠡᠷᠡᠭᠯᠡᠬᠦ ᠪᠠ ᠤᠯᠠᠮᠵᠢᠯᠠᠬᠤ ᠶᠢ ᠠᠬᠢᠭᠤᠯᠤᠨ᠎ᠠ᠃ ᠰᠠᠷ᠎ᠠ ᠶᠢᠨ ᠰᠣᠨᠢᠨ ᠮᠡᠳᠡᠭᠡᠨ ᠤ ᠡᠬᠡ ᠨᠣᠣᠷᠠᠭ ᠨᠢ | ᠰᠣᠨᠢᠨ ᠮᠡᠳᠡᠭᠡᠨ ᠤ ᠨᠢᠭᠡᠴᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠣᠨᠢᠨ ᠮᠡᠳᠡᠭᠡᠨ ᠤ ᠶᠡᠷᠦᠩᠬᠡᠢ ᠨᠣᠣᠷᠠᠭ ᠪᠠ | ᠲᠤᠰᠬᠠᠶ ᠮᠡᠷᠭᠡᠵᠢᠯ ᠤᠨ ᠰᠣᠨᠢᠨ ᠮᠡᠳᠡᠭᠡᠨ ᠤ ᠨᠣᠣᠷᠠᠭ ᠭᠡᠵᠦ ᠬᠤᠪᠢᠶᠠᠵᠤ ᠪᠣᠯᠤᠨ᠎ᠠ᠃ | ᠨᠠᠢᠮᠠᠳᠤᠭᠠᠷ ᠵᠤᠷᠪᠤᠰ ᠲᠣᠪᠴᠢᠶᠠᠨ ᠤ ᠰᠣᠨᠢᠨ ᠮᠡᠳᠡᠭᠡᠨ ᠤ ᠠᠯᠪᠠᠨ ᠭᠡᠷ ᠬᠢᠨᠠᠨ ᠬᠠᠷᠭᠤᠭᠤᠯᠬᠤ ᠶᠢ ᠴᠢᠩᠭ᠎ᠠ | ᠠᠳᠬᠤᠬᠤ ᠬᠡᠷᠡᠭᠲᠡᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ ᠲᠤᠰᠬᠠᠵᠤ ᠮᠠᠭᠠᠳᠯᠠᠨ | ᠲᠣᠭᠲᠠᠭᠠᠭᠰᠠᠨ ᠦᠭᠡᠶ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠦᠭᠡᠶ᠃ | ᠶᠢᠰᠦᠳᠦᠭᠡᠷ ᠵᠤᠷᠪᠤᠰ ᠰᠣᠨᠢᠨ ᠮᠡᠳᠡᠭᠡᠨ ᠤ ᠡᠬᠡ ᠪᠢᠴᠢᠭ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ | ᠴᠢᠩᠭᠠᠳᠬᠠᠨ᠎ᠠ᠃ ᠰᠣᠨᠢᠨ ᠮᠡᠳᠡᠭᠡᠨ ᠤ ᠡᠬᠡ ᠨᠣᠤᠷᠠᠭ ᠢ ᠲᠤᠭᠤᠷᠪᠢᠭᠰᠠᠨ ᠨᠢᠭᠡᠴᠡ ᠨᠠᠭᠠᠳᠤ ᠵᠠᠬ᠎ᠠ ᠳᠠᠭᠠᠨ ᠬᠤᠶᠠᠷ | ᠬᠥᠮᠦᠨ ᠢᠶᠠᠷ ᠰᠣᠨᠢᠨ ᠮᠡᠳᠡᠭᠡᠨ ᠤ ᠡᠬᠡ ᠪᠢᠴᠢᠭ ᠤᠨ ᠲᠤᠭ᠎ᠠ ᠪᠠᠷᠢᠮᠲᠠ ᠶᠢ ᠬᠠᠷᠭᠤᠭᠤᠯᠵᠤ᠂ ᠲᠤᠭ᠎ᠠ ᠪᠠᠷᠢᠮᠲᠠ ᠶᠢᠨ | ᠵᠥᠪ ᠣᠨᠣᠪᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠᠳᠤᠭᠠᠷ ᠵᠤᠷᠪᠤᠰ ᠬᠡᠷᠪᠡ ᠨᠡᠶᠢᠲᠡᠯᠡᠬᠦ ᠠᠭᠤᠯᠭ᠎ᠠ ᠪᠠᠨ ᠲᠦᠷ ᠴᠠᠭ ᠨᠡᠮᠡᠬᠦ ᠴᠢᠬᠤᠯᠠᠲᠠᠶ ᠪᠣᠯ᠂ ᠬᠠᠮᠢᠶ᠎ᠠ | ᠪᠦᠬᠦᠢ ᠲᠤᠰᠬᠠᠶ ᠮᠡᠷᠭᠡᠵᠢᠯ ᠤᠨ ᠠᠯᠪᠠᠨ ᠤ ᠬᠢᠨ ᠲᠣᠪᠴᠢᠶᠠᠨ ᠤ ᠰᠣᠨᠢᠨ ᠮᠡᠳᠡᠭᠡᠨ ᠤ ᠠᠯᠪᠠᠨ ᠭᠡᠷ ᠲᠠᠢ ᠬᠠᠮᠲᠤᠪᠠᠷ | ᠰᠤᠳᠤᠯᠵᠤ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠢᠭᠡᠳᠦᠯᠲᠡᠶ | ᠪᠣᠳᠣᠯᠬᠢᠯᠠᠭᠰᠠᠨ ᠵᠢᠴᠢ ᠲᠦᠭᠰᠢᠭᠦᠷᠢ ᠶᠢ ᠨᠡᠶᠢᠲᠡᠯᠡᠭᠰᠡᠨ ᠰᠠᠭᠤᠷᠢᠨ ᠳᠡᠭᠡᠷ᠎ᠡ ᠰᠠᠨᠠᠯ ᠢᠶᠠᠨ ᠨᠢᠭᠡᠳᠬᠡᠵᠦ᠂ ᠰᠣᠨᠢᠨ | ᠮᠡᠳᠡᠭᠡᠨ ᠤ ᠡᠬᠡ ᠪᠢᠴᠢᠭ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠤᠨ ᠶᠣᠰᠣᠭᠠᠷ ᠲᠣᠪᠴᠢᠶ᠎ᠠ ᠶᠢᠨ | ᠤᠳᠤᠷᠢᠳᠤᠯᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠭᠲᠠᠭᠠᠭᠰᠠᠨ ᠴᠠᠭ ᠲᠤ | ᠨᠡᠶᠢᠲᠡᠯᠡᠨ᠎ᠡ᠃ | ᠳᠥᠷᠪᠡᠳᠦᠭᠡᠷ ᠪᠦᠯᠦᠭ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠡᠯᠪᠡᠷᠢ ᠵᠢᠴᠢ ᠴᠠᠭ ᠬᠤᠭᠤᠴᠠᠭᠠᠨ ᠤ | ᠲᠣᠬᠢᠷᠠᠭᠤᠯᠤᠯᠲᠠ | ᠠᠷᠪᠠᠨ ᠨᠢᠭᠡᠳᠦᠭᠡᠷ ᠵᠤᠷᠪᠤᠰ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ | ᠨᠡᠶᠢᠲᠡᠯᠡᠬᠦ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠬᠤ ᠳᠦᠷᠢᠮ ᠢ ᠪᠠᠶᠢᠭᠤᠯᠬᠤ ᠬᠡᠷᠡᠭᠲᠡᠶ᠃ | ᠶᠡᠷᠦ ᠳᠡᠭᠡᠨ ᠮᠠᠨ ᠤ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠲᠣᠰ ᠤᠯᠠᠷᠢᠯ ᠤᠨ ᠪᠥᠬᠦ ᠣᠷᠣᠨ ᠤ ᠠᠵᠤ | ᠠᠬᠤᠶ ᠶᠢᠨ ᠭᠤᠤᠯ ᠭᠦᠢᠴᠡᠳᠭᠡᠬᠦ ᠲᠤᠭ᠎ᠠ ᠶᠢᠨ ᠲᠤᠭ᠎ᠠ ᠪᠠᠷᠢᠮᠲᠠ ᠶᠢ ᠵᠢᠩᠬᠢᠨᠢ ᠪᠠᠷ ᠨᠡᠢᠲᠡᠯᠡᠳᠡᠭ᠃ | ᠠᠷᠪᠠᠨ ᠬᠤᠶᠠᠳᠤᠭᠠᠷ ᠵᠤᠷᠪᠤᠰ ᠤᠯᠠᠷᠢᠯ ᠪᠦᠷᠢ ᠶᠢᠨ ᠲᠤᠤᠷ᠎ᠠ ᠬᠠᠭᠠᠰ ᠲᠤ ᠬᠤᠷᠠᠯᠳᠤᠳᠠᠭ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠰᠠᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠲᠤᠰ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠵᠥᠪᠯᠡᠬᠦ ᠰᠡᠳᠦᠪ ᠢ ᠵᠠᠳᠠᠯᠤᠨ | ᠰᠤᠳᠤᠯᠬᠤ ᠳᠤ ᠬᠤᠯᠪᠣᠭᠳᠠᠭᠰᠠᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠬᠤᠷᠠᠯᠳᠤᠬᠤ ᠪᠣᠳᠠᠲᠠᠶ ᠴᠠᠭ ᠵᠡᠷᠭᠡ ᠬᠦᠴᠦᠨ ᠵᠦᠢᠯ ᠢ ᠦᠨᠳᠦᠰᠦᠯᠡᠨ | ᠪᠣᠳᠣᠯᠬᠢᠯᠠᠭᠰᠠᠨ ᠤ ᠳᠠᠷᠠᠭ᠎ᠠ ᠤᠯᠠᠷᠢᠯ ᠪᠦᠷᠢ ᠳᠤ ᠮᠠᠨ ᠤ ᠲᠣᠪᠴᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠪᠣᠯᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠪᠣᠳᠠᠲᠠᠶ | ᠬᠤᠷᠠᠯᠳᠤᠭᠤᠯᠬᠤ ᠴᠠᠭ ᠢ ᠵᠥᠪᠳᠡᠯᠴᠡᠨ ᠲᠣᠭᠲᠠᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠤᠷᠪᠤᠰ ᠮᠠᠨ ᠤ ᠲᠣᠪᠴᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ ᠵᠣᠬᠢᠶᠠᠨ | ᠪᠠᠶᠢᠭᠤᠯᠬᠤ᠂ ᠵᠣᠬᠢᠴᠠᠭᠤᠯᠬᠤ ᠠᠵᠢᠯ ᠢ ᠡᠭᠦᠷᠭᠡᠯᠡᠵᠦ᠂ ᠰᠣᠨᠢᠨ ᠮᠡᠳᠡᠭᠡ ᠨᠡᠶᠢᠲᠡᠯᠡᠬᠦ ᠨᠤᠤᠷᠠᠭ ᠢ ᠲᠤᠭᠤᠷᠪᠢᠨ ᠪᠢᠴᠢᠬᠦ | ᠪᠠ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠤᠷᠪᠤᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠮᠡᠳᠡᠭᠡ ᠵᠠᠭᠤᠴᠢᠯᠠᠭᠤᠷ ᠢ ᠤᠷᠢᠬᠤ᠂ | ᠠᠯᠪᠠᠨ ᠵᠠᠷ ᠮᠡᠳᠡᠭᠳᠡᠬᠦ ᠵᠡᠷᠭᠡ ᠶᠢ ᠡᠩ ᠤᠨ ᠪᠠᠶᠢᠳᠠᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ᠠᠴᠠ ᠵᠣᠬᠢᠶᠠᠨ ᠪᠠᠶᠢᠭᠤᠯᠬᠤ ᠬᠡᠷᠡᠭᠲᠡᠶ᠃ | ᠲᠠᠪᠤᠳᠤᠭᠠᠷ ᠪᠦᠯᠦᠭ ᠳᠠᠭᠠᠯᠲᠠ ᠳᠦᠷᠢᠮ | ᠠᠷᠪᠠᠨ ᠲᠠᠪᠤᠳᠤᠭᠠᠷ ᠵᠤᠷᠪᠤᠰ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠵᠢᠷᠭᠤᠳᠤᠭᠠᠷ ᠵᠤᠷᠪᠤᠰ ᠲᠣᠰ ᠠᠷᠭ᠎ᠠ ᠶᠢ 2016 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |